ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ 19 ᠤ ᠡᠳᠦᠷ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ | ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠵᠤ᠂ ᠨᠠᠮ ᠤᠨ | ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠪᠦᠭᠦ ᠳᠠᠷᠤᠭ᠎ᠠ | ᠪᠠᠶᠢᠯᠳᠤᠭᠴᠢᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ | ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ | ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ | ᠴᠡᠷᠢᠭ ᠢ ᠬᠦᠴᠦᠷᠬᠡᠭᠵᠢᠭᠦᠯᠬᠦ᠂ ᠬᠠᠤᠯᠢ ᠪᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠰᠲ᠋ᠧᠮ ᠤᠨ ᠠᠭᠤᠰᠤᠯᠴᠠᠯ᠂ ᠪᠦᠭᠦ ᠣᠷᠣᠨ ᠪᠦᠰᠡ ᠳᠤ ᠲᠤᠯᠭᠠᠭᠤᠷᠢᠯᠠᠭᠰᠠᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠷᠡᠮᠡᠬᠡᠶᠢᠯᠡᠨ | ᠤᠷᠤᠭᠰᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠴᠢᠷᠮᠠᠶᠢᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ | ᠪᠠᠶᠢᠭᠤᠯᠤᠭᠳᠠᠭᠰᠠᠨ ᠶᠡᠭᠡ ᠬᠤᠷᠠᠯ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ | ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ᠃ ᠵᠢᠷᠤᠭ ᠪᠣᠯ ᠰᠢ ᠶᠢᠨ ᠫᠢᠩ ᠰᠤᠷᠭᠠᠯ ᠬᠠᠶᠢᠷᠠᠯᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠬᠤᠶᠢᠨᠠᠬᠢ 4 ᠴᠠᠭ ᠲᠤ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠠᠶᠢᠭᠤᠯᠤᠭᠳᠠᠭᠰᠠᠨ ᠶᠡᠭᠡ ᠬᠤᠷᠠᠯ ᠡᠬᠢᠯᠡᠵᠦ᠂ ᠲᠠᠯᠠᠪᠠᠢ | ᠳᠠᠶᠠᠭᠠᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠶᠣᠰᠣᠯᠠᠯ ᠤᠨ ᠴᠡᠷᠢᠭ ᠴᠡᠷᠢᠭ ᠤᠨ ᠲᠤᠭ ᠢ ᠬᠠᠮᠠᠭᠠᠯᠠᠨ ᠲᠥᠪ ᠠᠯᠬᠤᠭ᠎ᠠ ᠪᠠᠷ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠭᠦᠷᠪᠡ᠃ ᠰᠢ ᠶᠢᠨ ᠫᠢᠩ ᠴᠡᠷᠢᠭ ᠤᠨ ᠲᠤᠭ ᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠺᠤᠮᠠᠨᠳᠠᠯᠠᠭᠴᠢ ᠪᠢ | ᠢ᠂ ᠺᠣᠮᠢᠰᠰᠠᠷ ᠯᠢ ᠸᠧᠢ ᠳᠤ ᠭᠠᠷᠳᠠᠭᠤᠯᠪᠠ᠃ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ ᠭᠤᠣᠯ ᠤᠳᠤᠷᠢᠳᠤᠯᠭ᠎ᠠ ᠰᠢ ᠶᠢᠨ ᠫᠢᠩ ᠳᠤ ᠶᠣᠰᠣᠯᠠᠵᠤ᠂ | ᠰᠢ ᠶᠢᠨ ᠫᠢᠩ ᠤᠨ ᠭᠠᠷ ᠠᠴᠠ ᠴᠡᠷᠢᠭ ᠤᠨ ᠲᠤᠭ ᠢ ᠲᠤᠰᠤᠨ ᠠᠪᠴᠤ᠂ ᠲᠤᠭ ᠢ ᠠᠳᠬᠤᠨ ᠲᠥᠪ ᠵᠣᠭᠰᠣᠪᠠ᠃ ᠪᠦᠭᠦ ᠳᠠᠷᠤᠭ᠎ᠠ ᠪᠠᠶᠢᠯᠳᠤᠭᠴᠢᠳ ᠴᠡᠷᠢᠭ ᠤᠨ | ᠲᠤᠭ ᠲᠤ ᠲᠥᠪ ᠴᠢᠩᠭ᠎ᠠ ᠪᠠᠷ ᠶᠣᠰᠣᠯᠠᠪᠠ᠃ | | | | 4 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ | ᠪᠠᠶᠢᠭᠤᠯᠤᠭᠳᠠᠭᠰᠠᠨ ᠶᠡᠭᠡ ᠬᠤᠷᠠᠯ ᠪᠡᠭᠡᠵᠢᠩ ᠤᠨ ︽8 · 1︾ ᠶᠡᠭᠡ ᠠᠰᠠᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠬᠤ ᠴᠡᠷᠢᠭ | ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠬᠠᠶᠢᠷᠠᠯᠠᠪᠠ᠃ ᠵᠢᠷᠤᠭ ᠪᠣᠯ ᠰᠢ ᠶᠢᠨ ᠫᠢᠩ ᠴᠡᠷᠢᠭ ᠤᠨ ᠲᠤᠭ ᠢ ᠮᠡᠳᠡᠭᠡ ᠵᠠᠩᠭᠢ ᠶᠢᠨ ᠲᠤᠰᠠᠯᠠᠬᠤ | ᠴᠡᠷᠢᠭ ᠠᠩᠭᠢ ᠶᠢᠨ ᠺᠤᠮᠠᠨᠳᠠᠯᠠᠭᠴᠢ ᠪᠢ ᠢ᠂ ᠺᠣᠮᠢᠰᠰᠠᠷ ᠯᠢ ᠸᠧᠢ ᠳᠤ ᠭᠠᠷᠳᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠲᠤᠭ ᠣᠯᠭᠤᠬᠤ ᠶᠣᠰᠣᠯᠠᠯ ᠤᠨ ᠳᠠᠷᠠᠭ᠎ᠠ᠂ ᠰᠢ ᠶᠢᠨ ᠫᠢᠩ ᠰᠤᠷᠭᠠᠯ ᠬᠠᠶᠢᠷᠠᠯᠠᠪᠠ᠃ ᠲᠡᠷᠡ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ | ᠲᠣᠬᠢᠷᠠᠭᠤᠯᠤᠨ ᠵᠣᠬᠢᠶᠠᠨ ᠪᠠᠶᠢᠭᠤᠯᠤᠭᠰᠠᠨ ᠨᠢ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠴᠡᠷᠢᠭ ᠢ | ᠬᠦᠴᠦᠷᠬᠡᠭᠵᠢᠭᠦᠯᠬᠦ ᠦᠢᠯᠡᠰ ᠤᠨ ᠪᠦᠭᠦ ᠲᠠᠯ᠎ᠠ ᠠᠴᠠ ᠡᠭᠦᠰᠴᠦ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠰᠢᠨ᠎ᠡ ᠭᠡᠯᠪᠡᠷᠢ ᠶᠢᠨ | ᠴᠡᠷᠢᠭ ᠤᠨ ᠲᠥᠷᠥᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠪᠠᠶᠢᠭᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠴᠡᠷᠢᠭ ᠤᠨ | ᠶᠠᠪᠤᠳᠠᠯ ᠤᠨ ᠬᠦᠴᠦᠨ ᠤ ᠰᠢᠰᠲ᠋ᠧᠮ ᠢ ᠲᠡᠭᠦᠯᠳᠡᠷᠵᠢᠭᠦᠯᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ | ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠬᠦ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠶ | ᠭᠦᠢᠴᠡᠳᠬᠡᠬᠦ ᠳᠤ ᠴᠢᠬᠤᠯᠠ ᠶᠡᠭᠡ ᠪᠥᠭᠡᠳ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠪᠣᠯ ᠴᠣ ᠰᠢᠨ᠎ᠡ ᠪᠠᠷ ᠡᠭᠦᠳᠦᠨ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠴᠡᠷᠢᠭ ᠤᠨ ᠲᠥᠷᠥᠯ ᠮᠥᠨ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠬᠦ ᠵᠠᠩᠭᠢᠯᠠᠭ᠎ᠠ ᠶᠢᠨ | ᠲᠤᠯᠭᠠᠭᠤᠷᠢᠯᠠᠯ ᠮᠥᠨ᠂ ᠮᠠᠨ ᠤ ᠴᠡᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠣᠲᠣ ᠦᠶ᠎ᠡ ᠶᠢᠨ ᠲᠡᠶᠢᠨ ᠳᠤ ᠢᠯᠠᠬᠤ ᠳᠤᠮᠳᠠ ᠴᠢᠬᠤᠯᠠ ᠪᠠᠶᠢᠷᠢ | ᠰᠠᠭᠤᠷᠢ ᠲᠠᠢ᠂ ᠬᠦᠨᠳᠦ ᠶᠡᠭᠡ ᠬᠠᠷᠢᠭᠤᠴᠠᠯᠭ᠎ᠠ ᠲᠠᠢ ᠶᠤᠮ᠃ ᠨᠠᠮ ᠤᠨ ᠵᠢᠯᠣᠭᠤᠳᠤᠯᠭ᠎ᠠ ᠶᠢ ᠡᠷᠡᠰ ᠲᠠᠭᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ | ᠤᠳᠤᠷᠢᠳᠤᠯᠭ᠎ᠠ ᠶᠢᠨ ᠦᠨᠳᠦᠰᠦᠨ ᠵᠠᠷᠴᠢᠮ ᠪᠠ ᠳᠦᠷᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠵᠤ᠂ ᠰᠢᠯᠢᠳᠡᠭ ᠰᠤᠷᠲᠠᠯ ᠢ | ᠪᠠᠳᠠᠷᠠᠭᠤᠯᠵᠤ᠂ ᠴᠡᠷᠢᠭ ᠠᠩᠭᠢ ᠶᠢᠨ ᠲᠤᠶᠢᠯ ᠤᠨ ᠦᠨᠡᠨᠴᠢ ᠰᠢᠳᠤᠷᠭᠤ᠂ ᠲᠤᠶᠢᠯ ᠤᠨ ᠠᠷᠢᠭᠤᠨ ᠴᠡᠪᠡᠷ᠂ ᠲᠤᠶᠢᠯ ᠤᠨ ᠨᠠᠶᠢᠳᠠᠪᠤᠷᠢᠲᠠᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠪᠠᠶᠢᠯᠳᠤᠭᠠᠨ ᠢ ᠬᠦᠴᠦᠲᠡᠢ ᠲᠤᠯᠭᠠᠭᠤᠷᠢᠯᠠᠵᠤ᠂ ᠮᠡᠳᠡᠭᠡ ᠵᠠᠩᠭᠢ ᠪᠠᠷ ᠭᠤᠣᠯᠯᠠᠭᠤᠯᠬᠤ᠂ ᠬᠤᠯᠪᠤᠭᠠᠯᠠᠨ ᠢᠯᠠᠯᠲᠠ ᠣᠯᠬᠤ ᠶᠢ ᠪᠠᠷᠢᠮᠲᠠᠯᠠᠵᠤ᠂ | ᠮᠡᠳᠡᠭᠡ ᠵᠠᠩᠭᠢ ᠶᠢᠨ ᠬᠡᠯᠬᠢᠶ᠎ᠡ ᠵᠠᠮ ᠢ ᠰᠢᠯᠤᠭᠤᠳᠬᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠠᠭᠤᠰᠤᠯᠴᠠᠭᠤᠯᠵᠤ᠂ ᠮᠡᠳᠡᠭᠡ ᠵᠠᠩᠭᠢ ᠶᠢᠨ ᠬᠠᠮᠠᠭᠠᠯᠠᠯᠲᠠ ᠶᠢ | ᠴᠢᠩᠭᠠᠳᠬᠠᠵᠤ᠂ ᠪᠦᠭᠦ ᠴᠡᠷᠢᠭ ᠤᠨ ᠬᠠᠮᠲᠤᠷᠠᠭᠰᠠᠨ ᠪᠠᠶᠢᠯᠳᠤᠭᠠᠨ ᠤ ᠰᠢᠰᠲ᠋ᠧᠮ ᠳᠤ ᠭᠦᠨᠵᠡᠭᠡᠢ ᠠᠭᠤᠰᠤᠯᠴᠠᠵᠤ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠶᠢ | ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠡᠷᠡᠭᠵᠢᠭᠦᠯᠵᠦ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠳᠤ ᠦᠢᠯᠡᠴᠢᠯᠡᠨ ᠪᠠᠲᠤᠯᠠᠬᠤ | ᠬᠡᠷᠡᠭᠲᠡᠢ᠃ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠪᠠᠶᠢᠯᠳᠤᠭᠠᠨ ᠤ ᠬᠡᠷᠡᠭᠴᠡᠭᠡ ᠪᠠᠷ ᠦᠨᠳᠦᠰᠦᠨ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ᠂ | ᠰᠢᠰᠲ᠋ᠧᠮ ᠲᠠᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠣᠲᠣ ᠦᠶ᠎ᠡ ᠶᠢᠨ ᠲᠡᠶᠢᠨ ᠤ ᠱᠠᠭᠠᠷᠳᠠᠯᠭ᠎ᠠ ᠳᠤ ᠨᠡᠶᠢᠴᠡᠭᠰᠡᠨ᠂ ᠮᠠᠨ ᠤ ᠴᠡᠷᠢᠭ ᠤᠨ | ᠣᠨᠴᠠᠯᠢᠭ ᠲᠠᠢ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠰᠲ᠋ᠧᠮᠳᠤ ᠲᠡᠶᠢᠨ ᠬᠢᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠭᠦ ᠶᠢ ᠴᠢᠨᠠᠷ | ᠰᠠᠶᠢᠲᠠᠢ ᠠᠬᠢᠭᠤᠯᠬᠤ ᠬᠡᠷᠡᠭᠲᠡᠢ᠃ ᠴᠡᠷᠢᠭ ᠠᠩᠭᠢ ᠶᠢᠨ ᠰᠠᠭᠤᠷᠢ ᠶᠢ ᠪᠠᠬᠢᠵᠢᠭᠦᠯᠵᠦ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠢᠩᠭ᠎ᠠ ᠬᠥᠮᠥᠵᠢᠭᠦᠯᠦᠨ ᠬᠠᠮᠢᠶᠠᠷᠴᠤ᠂ ᠵᠢᠩᠬᠢᠨᠢ ᠡᠮᠬᠢ ᠳᠢᠭᠯᠢᠮ ᠢ ᠪᠠᠲᠤᠯᠠᠵᠤ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠴᠠᠭᠠᠷᠠᠭᠰᠠᠨ ᠦᠨᠳᠦᠰᠦᠨ ᠱᠠᠲᠤ ᠶᠢ ᠪᠦᠭᠦ ᠲᠠᠯ᠎ᠠ ᠪᠠᠷ ᠳᠠᠪᠲᠠᠨ ᠪᠤᠯᠪᠠᠰᠤᠷᠠᠭᠤᠯᠵᠤ᠂ ᠴᠡᠷᠢᠭ ᠠᠩᠭᠢ ᠶᠢᠨ ᠳᠡᠭᠡᠳᠦ ᠬᠡᠮᠵᠢᠶᠡᠨ ᠤ ᠲᠥᠪᠯᠡᠷᠡᠯ | ᠨᠢᠭᠡᠳᠦᠯ ᠪᠣᠯᠣᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠠᠮ ᠪᠣᠯᠣᠨ | ᠠᠷᠠᠳ ᠲᠦᠮᠡᠨ ᠠᠴᠠ ᠣᠯᠭᠤᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠯᠢ ᠸᠧᠢ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠲᠥᠯᠥᠭᠡᠯᠡᠨ ᠦᠭᠡ ᠬᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠣᠨ ᠲᠡᠷᠢᠭᠦᠯᠡᠭᠴᠢ ᠰᠢ ᠶᠢᠨ ᠫᠢᠩ ᠤᠨ | ᠵᠢᠯᠣᠭᠤᠳᠤᠯᠭ᠎ᠠ ᠶᠢ ᠡᠷᠡᠰ ᠳᠠᠭᠠᠵᠤ᠂ ᠬᠦᠴᠦ ᠪᠠᠨ ᠲᠥᠪᠯᠡᠷᠡᠭᠦᠯᠦᠨ ᠲᠡᠶᠢᠨ ᠳᠤ ᠪᠡᠯᠡᠳᠬᠡᠵᠦ ᠲᠡᠶᠢᠨ ᠬᠢᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ | ᠰᠢᠳᠤᠷᠭᠤ ᠪᠠᠷ ᠭᠦᠢᠴᠡᠳᠬᠡᠵᠦ᠂ ᠨᠠᠮ ᠪᠣᠯᠣᠨ ᠠᠷᠠᠳ ᠲᠦᠮᠡᠨ ᠤ ᠬᠦᠨᠳᠦ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠦ ᠢᠯᠡᠳᠬᠡᠪᠡ᠃ | ᠶᠡᠭᠡ ᠬᠤᠷᠠᠯ ᠨᠢ ᠰᠦᠷ ᠵᠢᠪᠬᠤᠯᠠᠩᠲᠤ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ᠃ ᠲᠠᠷᠠᠭ᠎ᠠ ᠨᠢ᠂ ᠰᠢ ᠶᠢᠨ ᠫᠢᠩ ᠮᠡᠳᠡᠭᠡ ᠵᠠᠩᠭᠢ ᠶᠢᠨ | ᠲᠤᠰᠠᠯᠠᠬᠤ ᠴᠡᠷᠢᠭ ᠠᠩᠭᠢ ᠶᠢᠨ ᠤᠳᠤᠷᠢᠳᠬᠤ ᠪᠠᠭ ᠤᠨ ᠪᠦᠷᠢᠯᠳᠦᠭᠦᠨ ᠨᠠᠷ ᠲᠠᠢ ᠠᠭᠤᠯᠵᠠᠵᠤ᠂ ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ | ᠦᠯᠡᠳᠡᠭᠡᠪᠡ᠃ | ᠪᠠᠶᠢᠭᠤᠯᠤᠭᠳᠠᠭᠰᠠᠨ ᠶᠡᠭᠡ ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠠᠴᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢ ᠪᠠᠶᠢᠭᠤᠯᠬᠤ ᠲᠤᠬᠠᠢ ᠵᠠᠷᠯᠢᠭ᠂ ᠮᠡᠳᠡᠭᠡ ᠵᠠᠩᠭᠢ ᠶᠢᠨ ᠲᠤᠰᠠᠯᠠᠬᠤ ᠴᠡᠷᠢᠭ ᠠᠩᠭᠢ ᠶᠢᠨ | ᠤᠳᠤᠷᠢᠳᠬᠤ ᠪᠠᠭ ᠤᠨ ᠪᠦᠷᠢᠯᠳᠦᠭᠦᠨ ᠢ ᠲᠤᠰᠢᠶᠠᠯ ᠳᠤ ᠲᠣᠮᠢᠯᠠᠬᠤ ᠵᠠᠷᠯᠢᠭ ᠪᠣᠯᠣᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠯ ᠤᠨ | ᠮᠡᠳᠡᠭᠳᠡᠯ ᠢ ᠤᠩᠰᠢᠨ ᠨᠡᠶᠢᠲᠡᠯᠡᠪᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠡᠭᠡ ᠬᠤᠷᠠᠯ ᠢ ᠡᠷᠭᠢᠯᠡᠪᠡ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠶᠡᠭᠡ ᠬᠤᠷᠠᠯ ᠳᠤ ᠣᠷᠣᠯᠴᠠᠪᠠ᠃ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠬᠤᠷᠢᠶ᠎ᠠ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ | ᠪᠠᠶᠢᠭᠤᠯᠤᠮᠵᠢ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠡᠯ᠎ᠡ ᠴᠡᠷᠢᠭ ᠤᠨ ᠲᠦᠷᠦᠯ ᠪᠣᠯᠣᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ᠂ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠨᠠᠷ ᠶᠡᠭᠡ ᠬᠤᠷᠠᠯ ᠳᠤ | ᠣᠷᠣᠯᠴᠠᠪᠠ᠃ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠢ ᠦᠨᠳᠦᠰᠦᠯᠡᠪᠡᠯ᠂ ᠰᠢᠨ᠎ᠡ ᠪᠠᠷ ᠪᠠᠶᠢᠭᠤᠯᠤᠭᠰᠠᠨ ᠮᠡᠳᠡᠭᠡ ᠵᠠᠩᠭᠢ ᠶᠢᠨ ᠲᠤᠰᠠᠯᠠᠬᠤ ᠴᠡᠷᠢᠭ | ᠠᠩᠭᠢ ᠶᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ ᠰᠢᠭᠤᠳ ᠤᠳᠤᠷᠢᠳᠤᠨ ᠵᠢᠯᠤᠭᠤᠳᠬᠤ ᠶᠢᠨ ᠬᠠᠮᠲᠤ ᠪᠠᠶᠢᠯᠳᠤᠬᠤ ᠪᠣᠳᠣᠯᠭ᠎ᠠ ᠶᠢᠨ ᠲᠤᠰᠠᠯᠠᠬᠤ | ᠴᠡᠷᠢᠭ ᠠᠩᠭᠢ ᠶᠢᠨ ᠳ᠋ᠤᠭᠠᠷ ᠢ ᠬᠠᠰᠤᠵᠤ᠂ ᠴᠡᠷᠢᠭ ᠤᠨ ᠶᠠᠪᠤᠳᠠᠯ ᠤᠨ ᠰᠠᠨᠰᠠᠷ ᠤᠨ ᠠᠶᠠᠯᠠᠯ ᠤᠨ ᠴᠡᠷᠢᠭ ᠠᠩᠭᠢ᠂ ᠰᠦᠯᠵᠢᠶᠡᠨ ᠤ ᠣᠷᠣᠨ ᠵᠠᠢ ᠶᠢᠨ ᠴᠡᠷᠢᠭ | ᠠᠩᠭᠢ ᠶᠢᠨ ᠤᠳᠤᠷᠢᠳᠤᠨ ᠬᠠᠮᠢᠶᠠᠷᠬᠤ ᠬᠠᠷᠢᠴᠠᠭ᠎ᠠ ᠶᠢ ᠬᠠᠷᠠᠭᠠᠯᠵᠠᠭᠤᠯᠤᠨ ᠲᠣᠬᠢᠷᠠᠭᠤᠯᠤᠨ᠎ᠠ᠃ | | |