ᠳᠡᠯᠡᠬᠡᠢ ᠶᠢᠨ ᠨᠤᠮ ᠤᠩᠰᠢᠬᠤ ᠡᠳᠦᠷ ᠤᠨ ᠲᠡᠦᠬᠡ ᠶᠢ ᠤᠴᠢᠷᠯᠠᠬᠤᠢ
ᠨᠡᠶᠢᠲᠡᠯᠡᠭᠰᠡᠨ ᠴᠠᠭ᠄
2024/4/23
      4 ᠰᠠᠷ᠎ᠠ ᠶᠢᠨ 23᠎ ᠤ ᠳᠡᠯᠡᠬᠡᠢ ᠶᠢᠨ ᠨᠣᠮ ᠤᠩᠰᠢᠬᠤ ᠡᠳᠦᠷ ᠤᠨ ᠪᠦᠬᠦᠯᠢ ᠨᠡᠷᠡᠶᠢᠳᠦᠯ ᠨᠢ ︽ᠳᠡᠯᠡᠬᠡᠢ ᠶᠢᠨ ᠨᠣᠮ ᠪᠢᠴᠢᠭ ᠬᠢᠭᠡᠳ ᠬᠡᠪᠯᠡᠯ ᠤᠨ ᠡᠷᠬᠡ ᠶᠢᠨ ᠡᠳᠦᠷ︾᠂ ᠪᠠᠰᠠ ︽ᠳᠡᠯᠡᠬᠡᠢ ᠶᠢᠨ ᠨᠣᠮ ᠪᠢᠴᠢᠭ ᠤᠨ ᠡᠳᠦᠷ︾ ᠭᠡᠳᠡᠭ᠃ ᠠᠩᠬᠠᠨ ᠤ ᠡᠭᠦᠰᠦᠯᠲᠡ ᠨᠢ ᠣᠯᠠᠨ ᠤᠯᠤᠰ ᠤᠨ ᠬᠡᠪᠯᠡᠯ ᠤᠨ ᠬᠤᠳᠠᠯᠳᠤᠭᠠᠴᠢᠳ ᠤᠨ ᠨᠡᠶᠢᠭᠡᠮᠯᠢᠭ ᠠᠴᠠ ᠢᠷᠡᠯᠲᠡᠢ ᠶᠤᠮ᠃      1995 ᠣᠨ ᠤ 11 ᠰᠠᠷ᠎ᠠ ᠶᠢᠨ 15᠎ ᠤ ᠡᠳᠦᠷ᠂ ᠵᠢᠯ ᠪᠦᠷᠢ ᠶᠢᠨ 4 ᠰᠠᠷ᠎ᠠ ᠶᠢᠨ 23᠎ ᠤ ᠡᠳᠦᠷ ᠢ ︽ᠳᠡᠯᠡᠬᠡᠢ ᠶᠢᠨ ᠨᠣᠮ ᠤᠩᠰᠢᠬᠤ ᠡᠳᠦᠷ︾᠎ ᠢᠶᠠᠷ ᠵᠢᠩᠬᠢᠨᠢ ᠪᠠᠷ ᠲᠣᠭᠲᠠᠭᠠᠪᠠ᠃ ᠲᠣᠭᠲᠠᠭᠠᠭᠰᠠᠨ ᠵᠣᠷᠢᠯᠭ᠎ᠠ ᠨᠢ ᠨᠡᠩ ᠤᠯᠠᠨ ᠬᠥᠮᠥᠰ ᠤᠨ ᠨᠣᠮ ᠤᠩᠰᠢᠬᠤ ᠪᠠ ᠵᠣᠬᠢᠶᠠᠨ ᠪᠢᠴᠢᠬᠦ ᠶᠢ ᠲᠦᠯᠬᠢᠨ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠤᠳᠬ᠎ᠠ ᠵᠣᠬᠢᠶᠠᠯ᠂ ᠰᠣᠶᠣᠯ᠂ ᠰᠢᠨᠵᠢᠯᠡᠬᠦ ᠤᠬᠠᠭᠠᠨ᠂ ᠦᠵᠡᠯ ᠰᠠᠨᠠᠭᠠᠨ ᠤ ᠶᠡᠭᠡ ᠪᠠᠭᠰᠢ ᠨᠠᠷ ᠲᠤ ᠬᠦᠨᠳᠦᠳᠬᠡᠨ ᠲᠠᠯᠠᠷᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠶᠢ ᠬᠦᠮᠦᠨ ᠪᠦᠬᠦᠨ ᠳᠤ ᠮᠡᠳᠡᠭᠦᠯᠬᠦ ᠶᠢᠨ ᠲᠥᠯᠥᠭᠡ ᠶᠤᠮ᠃ ᠵᠢᠯ ᠪᠦᠷᠢ ᠶᠢᠨ ᠡᠨᠡ ᠡᠳᠦᠷ᠂ ᠳᠡᠯᠡᠬᠡᠢ ᠶᠢᠨ ᠵᠠᠭᠤ ᠭᠠᠷᠤᠢ ᠤᠯᠤᠰ ᠣᠷᠣᠨ ᠡᠯ᠎ᠡ ᠵᠦᠢᠯ ᠤᠨ ᠪᠡᠯᠭᠡᠯᠡᠬᠦ ᠠᠵᠢᠯᠯᠠᠭ᠎ᠠ ᠪᠠ ᠨᠣᠮ ᠪᠢᠴᠢᠭ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠳᠡᠭ᠃
读书日图片.jpg
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ