ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ
ᠨᠡᠶᠢᠲᠡᠯᠡᠭᠰᠡᠨ ᠴᠠᠭ᠄
2024/4/24
      ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠷᠲᠡᠭᠡ 2024 ᠣᠨ ᠤ 4 ᠰᠠᠷ᠎ᠠ ᠶᠢᠨ 24᠎ ᠤ ᠡᠳᠦᠷ ᠤᠨ 16 ᠴᠠᠭ 32 ᠮᠢᠨᠦ᠋ᠲ ᠲᠤ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄      ᠵᠢᠱᠢᠯᠲᠡ ᠪᠠᠷ᠂ 2024 ᠣᠨ ᠤ 4 ᠰᠠᠷ᠎ᠠ ᠶᠢᠨ 24᠎ ᠤ ᠡᠳᠦᠷ ᠤᠨ 23 ᠴᠠᠭ ᠠᠴᠠ 4 ᠰᠠᠷ᠎ᠠ ᠶᠢᠨ 25᠎ ᠤ ᠡᠳᠦᠷ ᠤᠨ 23 ᠴᠠᠭ ᠪᠣᠯᠲᠠᠯ᠎ᠠ᠂ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠦᠯᠦᠨ ᠪᠠᠯᠭᠠᠰᠤ᠂ ᠪᠤᠶᠢᠷ ᠰᠣᠮᠣ᠂ ᠬᠡᠷᠦᠯᠦᠨ ᠰᠣᠮᠣ᠂ ᠳᠠᠯᠠᠢ ᠰᠣᠮᠣ᠂ ᠪᠣᠭᠳᠠᠠᠭᠤᠯᠠ ᠰᠣᠮᠣ ᠵᠡᠷᠭᠡ ᠭᠠᠵᠠᠷ ᠨᠢᠭᠡᠨᠲᠡ ᠶᠡᠭᠡ ᠰᠠᠯᠬᠢᠨ ᠤ ᠨᠦᠯᠦᠭᠡ ᠶᠢ ᠬᠦᠷᠲᠡᠨ᠂ ᠳᠤᠮᠳᠠᠴᠢ ᠪᠠᠷ 6 ᠳᠡᠰ ᠠᠴᠠ ᠳᠡᠭᠡᠭᠰᠢ ᠰᠠᠯᠬᠢᠯᠠᠵᠤ᠂ ᠬᠡᠰᠡᠭ ᠲᠡᠭᠡᠨ 7 ~ 8 ᠳᠡᠰ ᠲᠤ ᠬᠦᠷᠬᠦ ᠪᠣᠯᠣᠨ᠎ᠠ᠃ ᠬᠤᠯᠪᠣᠭᠳᠠᠯ ᠪᠦᠬᠦᠢ ᠨᠢᠭᠡᠴᠡ ᠪᠠ ᠬᠦᠮᠦᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ ᠰᠠᠶᠢᠲᠤᠷ ᠬᠢᠭᠡᠷᠡᠢ᠃      ᠰᠡᠷᠭᠡᠶᠢᠯᠡᠨ ᠬᠠᠮᠠᠭᠠᠯᠠᠯᠲᠠ ᠬᠢᠬᠦ ᠵᠢᠯᠣᠭᠤᠳᠣᠮᠵᠢ᠄      1. ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠶᠡᠭᠡ ᠰᠠᠯᠬᠢᠨ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔      2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠫᠧᠩ ᠰᠠᠷᠠᠪᠴᠢ ᠶᠢᠨ ᠵᠢᠶᠠᠰᠠ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠦᠯᠢᠶᠡᠭᠳᠡᠬᠦ ᠡᠳ᠋ ᠪᠣᠳᠠᠰ ᠢ ᠰᠠᠶᠢᠲᠤᠷ ᠪᠠᠬᠢᠯᠡᠨ᠂ ᠶᠡᠭᠡ ᠰᠠᠯᠬᠢᠨ ᠤ ᠨᠦᠯᠦᠭᠡ ᠶᠢ ᠠᠮᠠᠷᠬᠠᠨ ᠬᠦᠷᠲᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠦᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠳᠠᠷᠤᠵᠤ ᠬᠤᠴᠢᠬᠤ ᠬᠡᠷᠡᠭᠲᠡᠢ︔      3. ᠠᠯᠢ ᠴᠢᠳᠠᠬᠤ ᠪᠠᠷ ᠳᠤᠭᠤᠢ ᠲᠡᠷᠭᠡ ᠤᠨᠤᠬᠤ ᠦᠭᠡᠢ ᠪᠠᠶᠢᠵᠤ᠂ ᠰᠠᠯᠬᠢᠯᠠᠵᠤ ᠪᠠᠶᠢᠭ᠎ᠠ ᠦᠶ᠎ᠡ ᠳᠤ ᠵᠠᠷ ᠤᠨ ᠫᠠᠶᠢᠰᠠ᠂ ᠲᠦᠷ ᠴᠠᠭ ᠤᠨ ᠪᠠᠷᠢᠯᠭ᠎ᠠ ᠵᠡᠷᠭᠡ ᠶᠢᠨ ᠳᠣᠣᠷ᠎ᠠ ᠵᠣᠭᠰᠣᠵᠤ ᠪᠣᠯᠬᠤ ᠦᠭᠡᠢ︔      4. ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠠᠩᠬᠠᠷᠬᠤ ᠬᠡᠷᠡᠭᠲᠡᠢ᠃                    ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                           2024 ᠣᠨ ᠤ 4 ᠰᠠᠷ᠎ᠠ ᠶᠢᠨ 24᠎ ᠤ ᠡᠳᠦᠷ
图1.png
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ