ᠥᠪᠥᠷ ᠮᠣᠩᠭᠤᠯ 52 ᠵᠣᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/24
      4 ᠳ᠋ᠦ᠋ᠭᠡᠷ ᠰᠠᠷ᠎ᠠ ᠶᠢᠨ 23᠎ ᠤ ᠡᠳᠦᠷ᠂ ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾᠎ ᠳᠤ ︽ᠥᠪᠥᠷ ᠮᠣᠩᠭᠤᠯ 52 ᠵᠣᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ︾ ᠭᠡᠵᠦ ᠮᠡᠳᠡᠭᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ 52 ᠵᠤᠷᠪᠤᠰ ᠬᠠᠪᠤᠷ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠭᠠᠷᠭᠠᠵᠤ᠂ ᠭᠠᠵᠠᠷ ᠣᠷᠣᠨ ᠤ ᠪᠠᠶᠢᠳᠠᠯ ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ ᠶᠢ ᠠᠭᠤᠰᠤᠯᠴᠠᠭᠤᠯᠤᠨ᠂ ︽ᠮᠢᠩᠭᠠᠨ ᠲᠡᠷᠭᠡ ᠲᠦᠮᠡᠨ ᠬᠥᠮᠥᠨ︾᠎ ᠤ ᠥᠪᠥᠷ ᠮᠣᠩᠭᠤᠯ ᠳᠤ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ ᠭᠡᠵᠡᠢ᠃ ᠮᠡᠳᠡᠭᠡᠯᠡᠯ ᠤᠨ ᠪᠥᠬᠦ ᠠᠭᠤᠯᠭ᠎ᠠ ᠨᠢ ᠳᠣᠣᠷᠠᠬᠢ ᠮᠡᠲᠦ᠄      ︽ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ︾ ︵2024 ᠣᠨ ᠤ 4 ᠳ᠋ᠦ᠋ᠭᠡᠷ ᠰᠠᠷ᠎ᠠ ᠶᠢᠨ 23᠎ ᠤ ᠡᠳᠦᠷ ᠤᠨ ᠬᠡᠪᠯᠡᠯ ᠤᠨ 02 ᠳ᠋ᠤᠭᠠᠷ ᠨᠢᠭᠤᠷ︶      ᠥᠪᠥᠷ ᠮᠣᠩᠭᠤᠯ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠪᠡ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ 52 ᠵᠤᠷᠪᠤᠰ ᠬᠠᠪᠤᠷ ᠵᠤᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠡᠶᠢᠲᠡᠯᠡᠵᠦ᠂ ᠭᠠᠵᠠᠷ ᠣᠷᠣᠨ ᠤ ᠪᠠᠶᠢᠳᠠᠯ᠂ ᠪᠠᠶᠢᠭᠠᠯᠢ ᠶᠢᠨ ᠥᠩᠭᠡ ᠦᠵᠡᠮᠵᠢ᠂ ᠠᠷᠠᠳ ᠤᠨ ᠵᠠᠩ ᠦᠶᠯᠡ ᠶᠢ ᠠᠭᠤᠰᠤᠯᠴᠠᠭᠤᠯᠤᠨ᠂ ︽ᠮᠢᠩᠭᠠᠨ ᠲᠡᠷᠭᠡ ᠲᠦᠮᠡᠨ ᠬᠥᠮᠥᠨ︾᠎ ᠤ ᠥᠪᠥᠷ ᠮᠣᠩᠭᠤᠯ ᠳᠤ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠨᠠᠷᠠᠲᠤ ᠲᠡᠮᠳᠡᠭ ᠢ ᠡᠭᠦᠳᠦᠭᠰᠡᠨ ᠪᠠᠶᠢᠨ᠎ᠠ᠃      52 ᠵᠤᠷᠪᠤᠰ ᠵᠠᠮ ᠱᠤᠭᠤᠮ ᠳᠤ 10 ᠵᠤᠷᠪᠤᠰ ᠪᠡᠭᠡᠵᠢᠩ — ᠥᠪᠥᠷ ᠮᠣᠩᠭᠤᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ᠂ 12 ᠵᠤᠷᠪᠤᠰ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠱᠤᠭᠤᠮ᠂ 8 ᠵᠤᠷᠪᠤᠰ ᠨᠢᠭᠡ ᠡᠳᠦᠷ ᠤᠨ ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠬᠤᠶᠠᠷ ᠡᠳᠦᠷ ᠤᠨ ᠵᠢᠭᠤᠯᠴᠢᠯᠠᠯ ᠤᠨ ᠵᠠᠮ ᠱᠤᠭᠤᠮ᠂ 5 ᠵᠤᠷᠪᠤᠰ ᠭᠤᠷᠪᠠᠨ ᠡᠳᠦᠷ ᠤᠨ ᠵᠢᠭᠤᠯᠴᠢᠯᠠᠯ ᠤᠨ ᠵᠠᠮ ᠱᠤᠭᠤᠮ ᠪᠠ 12 ᠵᠤᠷᠪᠤᠰ ︽ᠥᠪᠥᠷ ᠮᠣᠩᠭᠤᠯ ᠤᠨ ᠬᠦᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠰᠣᠳᠣᠨ ᠵᠢᠭᠤᠯᠴᠢᠯᠠᠯ ᠤᠨ ᠵᠠᠮ ᠱᠤᠭᠤᠮ ᠪᠠᠭᠲᠠᠨ᠎ᠠ᠃      ᠲᠠᠨᠢᠯᠴᠠᠭᠤᠯᠤᠭᠰᠠᠨ ᠢᠶᠠᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ 12 ᠠᠶᠢᠮᠠᠭ ᠬᠤᠲᠠ ᠶᠢᠨ ᠬᠢᠨ ᠬᠥᠬᠡᠬᠤᠲᠠ ᠶᠢᠨ ᠬᠡᠭᠡᠷ᠎ᠡ ᠪᠠᠭᠤᠳᠠᠯᠯᠠᠬᠤ ᠪᠠᠶᠠᠷ᠂ ᠰᠢᠯᠢ ᠶᠢᠨ ᠭᠤᠣᠯ ᠤᠨ ︽ᠮᠧᠩ ᠮᠧᠩ ᠮᠠ︾ ᠮᠣᠷᠢᠨ ᠤᠷᠤᠯᠳᠤᠭᠠᠨ ᠵᠡᠷᠭᠡ 302 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠡᠯᠧᠺᠲᠷᠣᠨ ᠬᠤᠳᠠᠯᠳᠤᠭᠠᠨ ᠤ ᠲᠠᠪᠴᠠᠩ᠂ ᠰᠢᠨ᠎ᠡ ᠵᠠᠭᠤᠴᠢᠯᠠᠭᠤᠷ ᠤᠨ ᠲᠠᠪᠴᠠᠩ ᠲᠠᠢ ᠬᠤᠯᠪᠤᠭᠠᠯᠠᠨ ᠬᠥᠳᠡᠯᠦᠯᠴᠡᠵᠦ᠂ ᠬᠡᠷᠡᠭᠯᠡᠭᠡ ᠶᠢ ᠠᠬᠢᠭᠤᠯᠬᠤ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ᠂ ᠪᠦᠷᠢᠨ ᠴᠢᠳᠠᠮᠵᠢᠲᠦ ᠺᠠᠷᠲ ᠪᠠ ᠡᠭᠦᠳᠡᠨ ᠪᠢᠯᠧᠲ ᠢ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠬᠦᠮᠦᠨ ᠥᠪᠥᠷ ᠮᠣᠩᠭᠤᠯ ᠳᠤ ᠪᠠᠨ ᠵᠢᠭᠤᠯᠴᠢᠯᠠᠬᠤ︾ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠥᠷᠨᠢᠭᠦᠯᠬᠦ ᠪᠣᠯᠣᠨ᠎ᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ᠳᠤᠮᠳᠠᠳᠤ ᠣᠷᠣᠰ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠳᠬᠦᠨ ᠢ ᠬᠦᠴᠦᠯᠡᠨ ᠪᠦᠲᠦᠭᠡᠵᠦ᠂ ︽ᠲᠦᠮᠡᠨ ᠭᠠᠵᠠᠷ ᠤᠨ ᠴᠠᠢ ᠶᠢᠨ ᠠᠶᠠᠨ︾᠎ ᠤ ᠲᠦᠷᠭᠡᠨ ᠤ ᠲᠡᠮᠦᠷ ᠵᠠᠮ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠠᠶᠠᠨ︾᠎ ᠤ ᠬᠢᠯᠢ ᠠᠯᠤᠰᠯᠠᠭᠰᠠᠨ ᠵᠢᠭᠤᠯᠴᠢᠯᠠᠯ ᠤᠨ ᠥᠪᠡᠷ ᠢᠶᠠᠨ ᠲᠡᠷᠭᠡ ᠵᠢᠯᠤᠭᠤᠳᠬᠤ ᠵᠠᠮ ᠱᠤᠭᠤᠮ ᠢ ᠭᠠᠷᠭᠠᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ