ᠨᠡᠶᠢᠭᠡᠮ ᠨᠡᠶᠢᠲᠡ ᠠᠴᠠ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠤᠯᠪᠣᠭᠳᠠᠬᠤ ᠮᠠᠲ᠋ᠧᠷᠢᠶᠠᠯ ᠢ ᠴᠤᠭᠯᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/28
      2023 ᠣᠨ ᠤ 12 ᠰᠠᠷ᠎ᠠ ᠶᠢᠨ 4᠎ ᠤ ᠡᠳᠦᠷ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠯᠪᠠᠨ ᠶᠣᠰᠣᠭᠠᠷ ᠮᠡᠳᠡᠭᠳᠡᠯ ᠨᠡᠶᠢᠲᠡᠯᠡᠵᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠡᠯᠡᠳᠬᠡᠨ ᠪᠠᠶᠢᠭᠤᠯᠬᠤ ᠨᠡᠷᠡᠰ ᠲᠤ ᠣᠷᠣᠭᠤᠯᠬᠤ ᠪᠠᠷ ᠲᠣᠭᠲᠠᠭᠠᠪᠠ᠃ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡᠳᠬᠡᠨ ᠪᠠᠶᠢᠭᠤᠯᠬᠤ ᠪᠠᠷ ᠵᠥᠪᠰᠢᠶᠡᠷᠡᠭᠳᠡᠭᠰᠡᠨ ᠬᠤᠶᠠᠳᠠᠭᠢ ᠵᠢᠱᠢᠶ᠎ᠡ ᠦᠵᠡᠭᠦᠯᠬᠦ ᠣᠷᠣᠨ ᠪᠣᠯᠵᠤ᠂ ᠪᠡᠯᠡᠳᠬᠡᠨ ᠪᠠᠶᠢᠭᠤᠯᠬᠤ ᠬᠤᠭᠤᠴᠠᠭ᠎ᠠ ᠨᠢ 3 ᠵᠢᠯ ᠪᠣᠯᠣᠨ᠎ᠠ᠃      ︽ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ︾ ᠭᠡᠳᠡᠭ ᠨᠢ ᠤᠯᠤᠰ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ︵ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠢᠶᠠᠷ ᠬᠢᠨᠠᠨ ᠵᠥᠪᠰᠢᠶᠡᠷᠡᠭᠦᠯᠦᠭᠡᠳ ᠭᠠᠵᠠᠷ ᠵᠦᠢ ᠶᠢᠨ ᠨᠡᠷᠡᠶᠢᠳᠦᠯ ᠢᠶᠠᠷ ᠨᠡᠷᠡᠶᠢᠳᠦᠭᠰᠡᠨ ᠪᠦᠲᠦᠭᠡᠭᠳᠡᠬᠦᠨ ᠢ ᠵᠢᠭᠠᠵᠤ ᠪᠠᠶᠢᠨ᠎ᠠ᠃ ᠲᠤᠰ ᠪᠦᠲᠦᠭᠡᠭᠳᠡᠬᠦᠨ ᠨᠢ ᠣᠨᠴᠠᠭᠠᠶ ᠪᠠᠶᠢᠭᠠᠯᠢ ᠪᠠ ᠬᠥᠮᠥᠨ ᠨᠡᠶᠢᠭᠡᠮ ᠤᠨ ᠭᠠᠵᠠᠷ ᠵᠦᠢ ᠶᠢᠨ ᠨᠥᠯᠥᠭᠡᠨ ᠤ ᠣᠨᠴᠠᠯᠢᠭ ᠲᠠᠢ᠂ ᠣᠨᠴᠠᠭᠠᠶ ᠶᠠᠰᠤ ᠴᠢᠨᠠᠷ᠂ ᠨᠡᠷ᠎ᠡ ᠲᠥᠷᠥ ᠪᠤᠶᠤ ᠪᠤᠰᠤᠳ ᠣᠨᠴᠠᠯᠢᠭ ᠲᠠᠢ ᠪᠠᠶᠢᠳᠠᠭ᠃ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠪᠣᠯ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠠᠴᠠ ᠡᠷᠬᠡ ᠣᠯᠭᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠲᠠᠢ ᠪᠦᠲᠦᠭᠡᠭᠳᠡᠬᠦᠨ ᠪᠣᠯᠣᠨ᠎ᠠ᠃      ᠭᠠᠵᠠᠷ ᠵᠦᠢ ᠶᠢᠨ ᠲᠡᠮᠳᠡᠭᠲᠦ ᠶᠢᠨ ᠰᠣᠶᠣᠯ ᠪᠣᠯ ᠨᠢᠭᠡ ᠤᠯᠤᠰ ᠪᠠ ᠭᠠᠵᠠᠷ ᠣᠷᠣᠨ ᠤ ᠲᠡᠦᠬᠡ ᠰᠣᠶᠣᠯ ᠤᠨ ᠬᠥᠷᠥᠰᠥᠨ ᠳᠤ ᠦᠨᠳᠦᠰᠦᠯᠡᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠮᠠᠨ ᠤ ᠤᠯᠤᠰ ᠤᠨ ᠭᠠᠵᠠᠷ ᠵᠦᠢ ᠶᠢᠨ ᠲᠡᠮᠳᠡᠭᠲᠦ ᠶᠢᠨ ᠰᠣᠶᠣᠯ ᠪᠠ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢᠨ ᠪᠤᠰᠤᠳᠴᠢ ᠬᠡᠷᠡᠭᠴᠡᠭᠡ ᠮᠥᠨ᠃ ᠮᠥᠨᠴᠦ ᠣᠷᠣᠨ ᠨᠤᠲᠤᠭ ᠤᠨ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠣᠨ᠎ᠠ᠃ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠪᠣᠯ ᠨᠠᠷᠠᠲᠤ ᠲᠡᠮᠳᠡᠭ ᠤᠨ ᠪᠡᠯᠭᠡ ᠲᠡᠮᠳᠡᠭ᠂ ᠶᠠᠰᠤ ᠴᠢᠨᠠᠷ ᠤᠨ ᠲᠠᠯᠠᠰᠲᠤ᠂ ᠥᠷᠲᠡᠭ ᠤᠨ ᠢᠯᠡᠷᠡᠯ ᠪᠠᠶᠢᠵᠤ᠂ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠪᠦᠷᠢᠯᠳᠦᠨ ᠬᠦᠭᠵᠢᠵᠦ᠂ ᠴᠡᠴᠡᠭᠯᠡᠨ ᠬᠥᠭᠵᠢᠬᠦ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠦ ᠪᠠᠶᠢᠳᠠᠭ᠃      ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠤᠬᠠᠭᠤᠯᠭ᠎ᠠ ᠶᠢ ᠴᠢᠩᠭᠠᠳᠬᠠᠵᠤ᠂ ᠪᠥᠬᠦ ᠨᠡᠶᠢᠭᠡᠮ ᠢᠶᠠᠷ ᠢᠶᠠᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠲᠤᠬᠠᠢ ᠠᠩᠬᠠᠷᠬᠤ ᠬᠡᠮᠵᠢᠶ᠎ᠡ ᠪᠠ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠦᠨ᠂ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠠᠵᠢᠯ ᠢ ᠠᠬᠢᠭᠤᠯᠬᠤ ᠶᠢᠨ ᠲᠤᠰᠠᠳᠠ᠂ ᠡᠳᠦᠭᠡ ᠪᠥᠬᠦ ᠨᠡᠶᠢᠭᠡᠮ ᠠᠴᠠ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠤᠯᠪᠣᠭᠳᠠᠬᠤ ᠮᠠᠲ᠋ᠧᠷᠢᠶᠠᠯ ᠢ ᠴᠤᠭᠯᠠᠭᠤᠯᠬᠤ ᠪᠠᠷ ᠪᠣᠯᠪᠠ᠂ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠡᠯᠰᠡᠬᠦ ᠠᠭᠤᠯᠭ᠎ᠠ      1. ᠪᠦᠲᠦᠭᠡᠭᠳᠡᠬᠦᠨ ᠤ ᠲᠡᠦᠬᠡᠨ ᠰᠤᠷᠪᠤᠯᠵᠢ᠂ ᠣᠷᠣᠨ ᠨᠤᠲᠤᠭ ᠤᠨ ᠵᠠᠩ ᠠᠭᠠᠯᠢ᠂ ᠭᠠᠵᠠᠷ ᠣᠷᠣᠨ ᠤ ᠣᠨᠴᠠᠯᠢᠭ  ᠶᠠᠰᠤ ᠴᠢᠨᠠᠷ ᠤᠨ ᠣᠨᠴᠠᠯᠢᠭ ᠵᠡᠷᠭᠡ ᠲᠠᠯ᠎ᠠ ᠪᠠᠷ ᠬᠢ ᠠᠭᠤᠯᠭ᠎ᠠ ᠶᠢ ᠴᠤᠭᠯᠠᠭᠤᠯᠤᠨ᠎ᠠ︔      2. ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠣᠨᠴᠠᠯᠢᠭ ᠲᠠᠢ ᠨᠢᠭᠲᠠ ᠤᠶᠠᠯᠳᠤᠭᠤᠯᠤᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾᠎ ᠶᠢᠨ ᠲᠡᠦᠬᠡ ᠰᠣᠶᠣᠯ ᠵᠢᠴᠢ ᠲᠡᠦᠬᠡᠨ ᠤᠯᠠᠷᠢᠯ ᠬᠤᠪᠢᠰᠤᠯ᠂ ᠰᠣᠨᠢᠷᠬᠠᠯ ᠤᠨ ᠥᠯᠢᠭᠡᠷ ᠵᠡᠷᠭᠡ ᠠᠭᠤᠯᠭ᠎ᠠ ᠶᠢᠨ ᠲᠣᠭᠤᠷᠢᠨ ᠳᠤ ᠴᠤᠭᠯᠠᠭᠤᠯᠤᠨ᠎ᠠ︔      3. ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠢᠳᠡᠭᠡᠨ ᠤᠮᠳᠠᠭᠠᠨ ᠤ ᠲᠠᠯ᠎ᠠ ᠪᠠᠷ᠂ ᠪᠦᠲᠦᠭᠡᠭᠳᠡᠬᠦᠨ ᠪᠣᠯᠪᠠᠰᠤᠷᠠᠭᠤᠯᠬᠤ ᠤᠷ᠎ᠠ ᠮᠡᠷᠭᠡᠵᠢᠯ ᠤᠨ ᠣᠨᠴᠠᠯᠢᠭ᠂ ᠢᠳᠡᠭᠡᠨ ᠤ ᠣᠨᠴᠠᠯᠢᠭ ᠪᠠ ᠥᠪᠡᠷᠮᠢᠴᠡ ᠣᠨᠴᠠᠯᠢᠭ᠂ ᠡᠭᠦᠨ ᠲᠠᠢ ᠬᠤᠯᠪᠣᠭᠳᠠᠯ ᠪᠦᠬᠦᠢ ᠠᠮᠲᠠᠲᠤ ᠢᠳᠡᠭᠡᠨ ᠤ ᠲᠠᠨᠢᠯᠴᠠᠭᠤᠯᠭ᠎ᠠ ᠶᠢᠨ ᠲᠣᠭᠤᠷᠢᠨ ᠳᠤ ᠴᠤᠭᠯᠠᠭᠤᠯᠤᠨ᠎ᠠ︔      4. ᠪᠦᠲᠦᠭᠡᠭᠳᠡᠬᠦᠨ ᠤ ᠲᠠᠨᠢᠯᠴᠠᠭᠤᠯᠭ᠎ᠠ᠂ ᠪᠦᠲᠦᠭᠡᠭᠳᠡᠬᠦᠨ ᠬᠢᠭᠡᠳ ᠲᠤᠬᠠᠢ ᠶᠢᠨ ᠭᠠᠵᠠᠷ ᠤᠨ ᠭᠠᠵᠠᠷ ᠵᠦᠢ ᠶᠢᠨ ᠣᠷᠴᠢᠨ ᠲᠣᠭᠤᠷᠢᠨ ᠤ ᠬᠤᠯᠪᠣᠭᠳᠠᠯᠲᠤ ᠴᠢᠨᠠᠷ᠂ ᠨᠡᠷ᠎ᠡ ᠠᠯᠳᠠᠷᠰᠢᠯ᠂ ᠠᠵᠤ ᠠᠬᠤᠶᠢᠯᠠᠯ ᠤᠨ ᠪᠠᠶᠢᠳᠠᠯ ᠤᠨ ᠲᠠᠨᠢᠯᠴᠠᠭᠤᠯᠭ᠎ᠠ᠂ ᠣᠶᠢᠷ᠎ᠠ ᠶᠢᠨ ᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠤᠰᠤᠳ ᠤᠬᠠᠭᠤᠯᠭ᠎ᠠ ᠶᠢᠨ ᠮᠠᠲ᠋ᠧᠷᠢᠶᠠᠯ᠃       ᠬᠤᠶᠠᠷ᠂ ᠡᠯᠰᠡᠬᠦ ᠱᠠᠭᠠᠷᠳᠠᠯᠭ᠎ᠠ      1. ᠡᠬᠡ ᠪᠢᠴᠢᠭ ᠶᠠᠪᠤᠭᠤᠯᠬᠤ ᠳᠤ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠵᠦ᠂ ᠡᠬᠡ ᠪᠢᠴᠢᠭ ᠥᠭᠭᠦᠭᠴᠢ ᠪᠦᠲᠦᠭᠡᠯ ᠢᠶᠠᠨ ᠲᠤᠰᠢᠶᠠᠬᠤ ᠳᠠᠭᠠᠨ ᠡᠷᠬᠡᠪᠰᠢ ᠬᠤᠪᠢ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠤᠲᠠᠰᠤ᠂ ᠬᠠᠷᠢᠯᠴᠠᠬᠤ ᠬᠠᠶ᠋ᠢᠭ ᠵᠡᠷᠭᠡ ᠪᠠᠨ ᠬᠠᠩᠭᠠᠬᠤ ᠬᠡᠷᠡᠭᠲᠡᠢ᠃       2. ᠠᠭᠤᠯᠭ᠎ᠠ ᠨᠢ ᠢᠳᠡᠪᠬᠢᠲᠡᠢ ᠥᠭᠡᠳᠡᠷᠬᠡᠭ ᠪᠠᠶᠢᠵᠤ᠂ ᠮᠠᠲ᠋ᠧᠷᠢᠶᠠᠯ ᠤᠨ ᠠᠭᠤᠯᠭ᠎ᠠ ᠨᠢ ᠡᠯᠰᠡᠬᠦ ᠭᠤᠣᠯ ᠰᠡᠳᠦᠪ ᠲᠠᠢ ᠨᠡᠶᠢᠴᠡᠬᠦ ᠬᠡᠷᠡᠭᠲᠡᠢ᠃      3. ᠦᠰᠦᠭ ᠪᠢᠴᠢᠭ ᠤᠨ ᠡᠬᠡ ᠪᠢᠴᠢᠭ ᠨᠢ word ᠪᠢᠴᠢᠭ ᠮᠠᠲ᠋ᠧᠷᠢᠶᠠᠯ᠂ ᠭᠠᠵᠠᠷ ᠵᠦᠢ ᠶᠢᠨ ᠲᠡᠮᠳᠡᠭᠲᠦ ᠬᠠᠮᠠᠭᠠᠯᠠᠯᠲᠠ ᠶᠢᠨ ᠪᠦᠲᠦᠭᠡᠭᠳᠡᠬᠦᠨ ᠤ ᠵᠢᠷᠤᠭ᠂ ᠦᠵᠡᠮᠵᠢ ᠶᠢᠨ ᠵᠢᠷᠤᠭ᠂ ᠪᠣᠯᠪᠠᠰᠤᠷᠠᠭᠤᠯᠬᠤ ᠤᠷᠠᠯᠠᠯ ᠤᠨ ᠵᠢᠷᠤᠭ᠂ ᠲᠡᠦᠬᠡ ᠰᠣᠶᠣᠯ ᠢᠷᠭᠡᠨᠰᠢᠯ ᠤᠨ ᠵᠢᠷᠤᠭ᠂ ᠠᠮᠲᠠᠲᠤ ᠢᠳᠡᠭᠡᠨ ᠤ ᠵᠢᠷᠤᠭ ᠵᠡᠷᠭᠡ ᠪᠠᠶᠢᠵᠤ᠂ ᠦᠰᠦᠭ ᠪᠢᠴᠢᠭ ᠤᠨ ᠲᠣᠳᠣᠷᠬᠠᠶᠢᠯᠠᠯᠲᠠ ᠶᠢ ᠬᠠᠪᠰᠤᠷᠭᠠᠵᠤ᠂ ᠵᠢᠷᠤᠭ ᠢ ᠲᠤᠰᠠᠭᠠᠷ ᠬᠠᠳᠠᠭᠠᠯᠠᠬᠤ ᠬᠡᠷᠡᠭᠲᠡᠢ᠂ ᠲᠣᠳᠣᠷᠬᠠᠢ ᠮᠥᠷᠲᠡᠭᠡᠨ PS ᠪᠠᠶᠢᠬᠤ ᠦᠭᠡᠢ᠂ ᠳᠦᠷᠰᠦ ᠶᠢᠨ ᠡᠯᠧᠮᠧᠨ᠋ᠲ 800K᠎ ᠠᠴᠠ ᠳᠣᠣᠷ᠎ᠠ ᠦᠭᠡᠢ᠂ ᠬᠡᠯᠪᠡᠷᠢ ᠨᠢ᠄ JPG᠃      ᠭᠤᠷᠪᠠ᠂ ᠡᠯᠰᠡᠬᠦ ᠬᠠᠶ᠋ᠢᠭ       ᠡᠬᠡ ᠪᠢᠴᠢᠭ ᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠰᠤᠭ ᠲᠤ ᠮᠡᠳᠡᠭᠦᠯᠦᠭᠡᠷᠡᠢ᠃     ᠬᠠᠷᠢᠯᠴᠠᠬᠤ ᠬᠥᠮᠥᠨ᠄ ᠰᠢᠦ ᠹᠠᠩ      ᠬᠠᠷᠢᠯᠴᠠᠬᠤ ᠤᠲᠠᠰᠤ᠄ 15947762690       ᠢᠮᠧᠯ᠄ xiufang2019@163.com
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ