ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠳᠦᠷᠪᠡ︶
ᠨᠡᠶᠢᠲᠡᠯᠡᠭᠰᠡᠨ ᠴᠠᠭ᠄
2024/4/29
      4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠪᠠ ᠵᠣᠭᠰᠣᠭᠠᠬᠤ      4.1 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠡᠰ ᠬᠤᠪᠢᠶᠠᠨ ᠳᠠᠭᠠᠬᠤ      4.1.1 Ⅰ ᠳᠡᠰ ᠤᠨ ᠳᠠᠭᠠᠬᠤ ᠠᠵᠢᠯᠯᠠᠭ᠎ᠠ      4.1.1.1 Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ      ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠶᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄      ︵1︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵2︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵3︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵4︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠣᠨᠴᠠᠭᠠᠢ ᠬᠦᠨᠳᠦ ᠶᠡᠭᠡ ᠬᠡᠷᠡᠭ ︵Ⅰ ᠳᠡᠰ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃      4.1.1.2 Ⅰ ᠳᠡᠰ ᠤᠨ ᠳᠠᠭᠠᠬᠤ ᠠᠵᠢᠯᠯᠠᠭ᠎ᠠ      ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠶᠢᠬᠠᠨ ᠡᠬᠢᠯᠡᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠠ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠨ ᠠᠪᠤᠷᠠᠨ ᠵᠠᠰᠠᠬᠤ ᠠᠵᠢᠯ ᠢ ᠥᠷᠨᠢᠭᠦᠯᠦᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠲᠠᠯ᠎ᠠ ᠪᠠᠷ ᠰᠢᠮᠳᠠᠭᠤᠯᠤᠨ ᠵᠢᠯᠣᠭᠤᠳᠤᠯᠭ᠎ᠠ ᠬᠢᠬᠦ ᠶᠢ ᠬᠢᠨᠠᠮᠠᠭᠠᠢ ᠬᠦᠯᠢᠶᠡᠵᠦ᠂ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ ᠲᠤᠰᠠᠯᠠᠮᠵᠢ ᠶᠢ ᠣᠯᠬᠤ ᠪᠠᠷ ᠬᠦᠴᠦᠯᠡᠨ ᠴᠢᠷᠮᠠᠶᠢᠨ᠎ᠠ᠃      ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃      4.1.2 Ⅱ ᠳᠡᠰ ᠤᠨ ᠳᠠᠭᠠᠬᠤ ᠠᠵᠢᠯᠯᠠᠭ᠎ᠠ      4.1.2.1 Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ      ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠶᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄      ︵1︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵2︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵3︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠦᠨᠳᠦ ᠶᠡᠭᠡ ᠬᠡᠷᠡᠭ ︵Ⅱ ᠳᠡᠰ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃      4.1.2.2 Ⅱ ᠳᠡᠰ ᠤᠨ ᠳᠠᠭᠠᠬᠤ ᠠᠵᠢᠯᠯᠠᠭᠠᠨ      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠬᠦᠨᠳᠦ ᠶᠡᠭᠡ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠤᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠶᠢᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠪᠠ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠵᠦ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠬᠢ ᠰᠢᠮᠳᠠᠭᠤᠯᠤᠯ ᠵᠢᠯᠣᠭᠤᠳᠤᠯᠭ᠎ᠠ ᠶᠢ ᠬᠢᠨᠠᠮᠠᠭᠠᠢ ᠬᠦᠯᠢᠶᠡᠵᠦ᠂ ᠬᠡᠷᠡᠭᠴᠡᠭᠡ ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ ᠲᠤᠰᠠᠯᠠᠮᠵᠢ ᠶᠢ ᠣᠯᠬᠤ ᠪᠠᠷ ᠬᠦᠴᠦᠯᠡᠨ ᠴᠢᠷᠮᠠᠶᠢᠨ᠎ᠠ᠃      ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃      4.1.3 Ⅲ ᠳᠡᠰ ᠤᠨ ᠳᠠᠭᠠᠬᠤ ᠠᠵᠢᠯᠯᠠᠭ᠎ᠠ      4.1.3.1 Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ      ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠶᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄      ︵1︶ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠶᠢᠮᠠᠭ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠨᠡᠯᠢᠶᠡᠳ ᠶᠡᠭᠡ ᠬᠡᠷᠡᠭ ︵Ⅲ ᠳᠡᠰ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃      4.1.3.2 Ⅲ ᠳᠡᠰ ᠤᠨ ᠳᠠᠭᠠᠬᠤ ᠠᠵᠢᠯᠯᠠᠭᠠᠨ      ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠶᠢᠬᠠᠨ ᠡᠬᠢᠯᠡᠭᠦᠯᠵᠦ᠂ ᠲᠤᠬᠠᠢ ᠶᠢᠨ ᠲᠠᠯᠠᠪᠠᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠰ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠨᠡᠯᠢᠶᠡᠳ ᠶᠡᠭᠡ ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠰᠢᠮᠳᠠᠭᠤᠯᠤᠨ ᠵᠢᠯᠣᠭᠤᠳᠴᠤ᠂ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠪᠠ ᠳᠡᠮᠵᠢᠯᠭᠡ ᠦᠵᠡᠭᠦᠯᠬᠦ ᠬᠡᠷᠡᠭᠲᠡᠢ᠃      4.1.4 Ⅳ ᠳᠡᠰ ᠤᠨ ᠳᠠᠭᠠᠬᠤ ᠠᠵᠢᠯᠯᠠᠭ᠎ᠠ      4.1.4.1 Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ      ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠶᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄      ︵1︶ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠬᠤᠰᠢᠭᠤ ᠰᠢᠶᠠᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃      ︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩ ᠤᠨ ᠬᠡᠷᠡᠭ ︵Ⅳ ᠳᠡᠰ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃      4.1.4.2 Ⅳ ᠳᠡᠰ ᠤᠨ ᠳᠠᠭᠠᠬᠤ ᠠᠵᠢᠯᠯᠠᠭᠠᠨ      ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠤᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠶᠢᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠲᠤᠬᠠᠢ ᠶᠢᠨ ᠲᠠᠯᠠᠪᠠᠢ ᠶᠢᠨ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠢ ᠨᠤᠲᠠᠯᠠᠨ ᠲᠣᠭᠲᠠᠭᠠᠬᠤ ᠪᠠ ᠦᠨᠡᠯᠡᠨ ᠵᠢᠱᠢᠬᠦ ᠶᠢᠨ ᠬᠠᠮᠲᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ᠎ᠡ᠃      ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠴᠢᠬᠤᠯᠠᠲᠠᠢ ᠦᠶ᠎ᠡ ᠳᠤ ᠳᠠᠷᠤᠢ ᠲᠦᠷᠭᠡᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ ᠮᠡᠷᠭᠡᠵᠢᠯ ᠤᠨ ᠵᠢᠯᠣᠭᠤᠳᠤᠯᠭ᠎ᠠ ᠥᠭᠬᠦ ᠬᠡᠷᠡᠭᠲᠡᠢ᠃      4.2 ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠵᠢᠴᠢ ᠵᠢᠯᠣᠭᠤᠳᠤᠯᠭ᠎ᠠ      ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠠᠪᠤᠷᠠᠨ ᠲᠤᠰᠠᠯᠠᠬᠤ ᠵᠠᠷᠯᠢᠭ ᠵᠢᠭᠠᠪᠤᠷᠢ ᠶᠢ ᠲᠣᠰᠣᠭᠰᠠᠨ ᠤ ᠳᠠᠷᠠᠭ᠎ᠠ ᠴᠠᠭ ᠲᠤᠬᠠᠢ ᠳᠤ ᠨᠢ ᠲᠤᠬᠠᠢ ᠶᠢᠨ ᠲᠠᠯᠠᠪᠠᠢ ᠳᠤ ᠬᠦᠷᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠪᠠᠶᠢᠳᠠᠯ ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠠᠪᠤᠴᠠ ᠳᠤ᠂ ᠢᠳᠡᠪᠬᠢᠲᠡᠢ ᠪᠠᠷ ᠠᠪᠤᠷᠠᠨ ᠵᠠᠰᠠᠬᠤ ᠬᠡᠷᠡᠭᠲᠡᠢ ᠮᠥᠷᠲᠡᠭᠡᠨ ᠥᠪᠡᠷ ᠢ ᠪᠠᠨ ᠬᠠᠮᠠᠭᠠᠯᠠᠬᠤ ᠶᠢ ᠪᠠᠰᠠ ᠠᠩᠬᠠᠷᠴᠤ᠂ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ ᠬᠡᠷᠡᠭᠲᠡᠢ᠃      ᠲᠤᠬᠠᠢ ᠶᠢᠨ ᠲᠠᠯᠠᠪᠠᠢ ᠶᠢᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠢ ᠪᠠᠷ ᠡᠵᠡᠮᠰᠢᠨ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠤᠰᠢᠭᠤ ᠲᠦᠷᠭᠡᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠪᠠᠷ ᠶᠠᠪᠤᠭᠳᠠᠭᠤᠯᠬᠤ ᠶᠢᠨ ᠲᠤᠰᠠᠳᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠤᠭ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠬᠦᠷᠴᠦ᠂ ᠡᠮᠦᠨ᠎ᠡ ᠹᠷᠤᠨᠲ ᠲᠤ ᠬᠦᠷᠴᠦ ᠵᠢᠯᠣᠭᠤᠳᠴᠤ᠂ ᠳᠤᠮᠳᠠᠬᠢ ᠭᠤᠭᠴᠤᠭ᠎ᠠ ᠶᠢ ᠪᠠᠭᠠᠰᠬᠠᠨ᠂ ᠰᠢᠢᠳᠪᠦᠷᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠵᠦ᠂ ᠲᠤᠬᠠᠢ ᠶᠢᠨ ᠲᠠᠯᠠᠪᠠᠢ ᠶᠢᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ  ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃      4.2.1 ᠲᠤᠬᠠᠢ ᠶᠢᠨ ᠲᠠᠯᠠᠪᠠᠢ ᠳᠤ ᠲᠦᠷᠭᠡᠨ ᠠᠪᠤᠷᠠᠬᠤ      ᠲᠤᠬᠠᠢ ᠶᠢᠨ ᠲᠠᠯᠠᠪᠠᠢ ᠳᠤ ᠬᠥᠷᠥᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠲᠤᠬᠠᠢ ᠶᠢᠨ ᠲᠠᠯᠠᠪᠠᠢ ᠶᠢᠨ ᠲᠤᠰᠬᠠᠢ ᠠᠪᠤᠷᠠᠨ ᠲᠤᠰᠠᠯᠠᠬᠤ ᠠᠩᠬᠢ ᠯᠤᠭ᠎ᠠ ᠵᠣᠬᠢᠴᠠᠯᠳᠤᠨ ᠬᠠᠮᠵᠢᠯᠴᠠᠵᠤ᠂ ᠰᠢᠷᠬᠠᠲᠤᠭᠰᠠᠳ ᠢ ᠳᠠᠷᠤᠢ ᠲᠦᠷᠭᠡᠨ ᠠᠶᠤᠯᠲᠠᠢ ᠣᠷᠣᠨ ᠠᠴᠠ ᠰᠢᠯᠵᠢᠭᠦᠯᠦᠨ ᠵᠥᠭᠡᠭᠡᠵᠦ ᠭᠠᠷᠭᠠᠨ᠂ ︽ᠤᠷᠢᠳ ᠢᠶᠠᠷ ᠠᠮᠢ ᠶᠢ ᠨᠢ ᠠᠪᠤᠷᠠᠵᠤ ᠳᠠᠷᠠᠭ᠎ᠠ ᠨᠢ ᠰᠢᠷᠬ᠎ᠠ ᠶᠢ ᠨᠢ ᠠᠨᠠᠭᠠᠬᠤ᠂ ᠤᠷᠢᠳ ᠢᠶᠠᠷ ᠬᠦᠨᠳᠦ ᠰᠢᠷᠬᠠᠳᠤᠭᠰᠠᠨ ᠳᠠᠷᠠᠭ᠎ᠠ ᠨᠢ ᠬᠥᠩᠭᠡᠨ ᠰᠢᠷᠬᠠᠳᠤᠭᠰᠠᠨ ᠢ ᠨᠢ ᠠᠪᠤᠷᠠᠬᠤ︾ ᠵᠠᠷᠴᠢᠮ ᠢᠶᠠᠷ ᠠᠵᠢᠯ ᠢᠶᠠᠨ ᠥᠷᠨᠢᠭᠦᠯᠦᠨ᠂ ᠣᠯᠠᠨ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ ᠰᠢᠷᠬᠠᠲᠠᠨ ᠡᠪᠡᠳᠴᠢᠲᠡᠨ ᠤ ᠰᠢᠷᠬ᠎ᠠ ᠶᠢ ᠨᠢ ᠪᠠᠶᠢᠴᠠᠭᠠᠬᠤ ᠳᠠᠭᠠᠨ ᠲᠥᠷᠥᠯ ᠬᠤᠪᠢᠶᠠᠨ᠂ ︽ᠨᠣᠭᠤᠭᠠᠨ᠂ ᠰᠢᠷ᠎ᠠ᠂ ᠤᠯᠠᠭᠠᠨ᠂ ᠬᠠᠷ᠎ᠠ︾ ᠳᠥᠷᠪᠡᠨ ᠵᠦᠢᠯ ᠤᠨ ᠥᠩᠭᠡ ᠪᠠᠷ ᠲᠣᠰ ᠲᠣᠰ ᠬᠥᠩᠭᠡᠨ᠂ ᠬᠦᠨᠳᠦ᠂ ᠬᠦᠨᠳᠦ ᠲᠦᠭᠰᠢᠭᠦᠷᠢ ᠲᠠᠢ ᠰᠢᠷᠬᠠᠲᠠᠨ ᠡᠪᠡᠳᠴᠢᠲᠡᠨ ᠪᠠ ᠨᠠᠰᠤ ᠪᠠᠷᠠᠭᠰᠠᠨ ᠬᠥᠮᠥᠰ ᠲᠤ ᠢᠯᠭᠠᠬᠤ ᠲᠡᠮᠳᠡᠭ ︵ᠰᠦᠯᠢᠶᠣᠣ ᠮᠠᠲ᠋ᠧᠷᠢᠶᠠᠯ ᠤᠨ ᠪᠠᠭᠤᠪᠴᠢ ᠪᠠᠷ ᠲᠥᠷᠥᠯ ᠬᠤᠪᠢᠶᠠᠬᠤ ᠲᠡᠮᠳᠡᠭ ᠢ ᠵᠣᠬᠢᠶᠠᠨ᠎ᠠ︶ ᠬᠠᠳᠠᠵᠤ᠂ ᠰᠢᠷᠬᠠᠲᠠᠨ ᠡᠪᠡᠳᠴᠢᠲᠡᠨ ᠪᠤᠶᠤ ᠨᠠᠰᠤ ᠪᠠᠷᠠᠭᠰᠠᠨ ᠬᠥᠮᠥᠰ ᠤᠨ ᠪᠠᠭᠤᠤ ᠪᠤᠶᠤ ᠰᠢᠯᠪᠢ ᠶᠢᠨ ᠬᠡᠰᠡᠭ ᠲᠤ ᠵᠠᠩᠭᠢᠳᠤᠨ᠂ ᠳᠠᠷᠠᠭᠠᠴᠢ ᠶᠢᠨ ᠠᠪᠤᠷᠠᠨ ᠵᠠᠰᠠᠯᠲᠠ ᠳᠤ ᠢᠯᠭᠠᠨ ᠲᠠᠨᠢᠬᠤ ᠪᠤᠶᠤ ᠵᠣᠬᠢᠬᠤ ᠠᠷᠭ᠎ᠠ ᠬᠡᠮᠵᠢᠶ᠎ᠡ ᠠᠪᠬᠤ ᠳᠤ ᠳᠥᠭᠦᠮ ᠦᠵᠡᠭᠦᠯᠦᠨ᠎ᠡ᠃      4.2.2 ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ      ᠲᠤᠬᠠᠢ ᠶᠢᠨ ᠲᠠᠯᠠᠪᠠᠢ ᠶᠢᠨ ᠣᠷᠴᠢᠨ ᠨᠢ ᠲᠦᠭᠰᠢᠭᠦᠷᠢᠲᠡᠢ ᠪᠤᠶᠤ ᠰᠢᠷᠬᠠᠲᠠᠨ ᠡᠪᠡᠳᠴᠢᠲᠡᠨ ᠤ ᠪᠠᠶᠢᠳᠠᠯ ᠨᠢ ᠠᠷᠠᠢ ᠪᠣᠯᠣᠮᠠᠷ ᠪᠣᠯ᠂ ᠰᠢᠷᠬᠠᠲᠠᠨ ᠡᠪᠡᠳᠴᠢᠲᠡᠨ ᠢ ᠲᠦᠷᠭᠡᠬᠡᠨ ᠰᠢᠯᠵᠢᠭᠦᠯᠦᠨ ᠵᠥᠭᠡᠭᠡᠬᠦ ᠶᠢᠨ ᠬᠠᠮᠲᠤ ᠳᠣᠣᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠄      ︵1︶ ᠨᠢᠭᠡᠨᠲᠡ ᠰᠢᠷᠬ᠎ᠠ ᠶᠢ ᠨᠢ ᠪᠠᠶᠢᠴᠠᠭᠠᠵᠤ ᠲᠥᠷᠥᠯ ᠬᠤᠪᠢᠶᠠᠭᠠᠳ ᠰᠢᠯᠵᠢᠭᠦᠯᠦᠨ ᠵᠥᠭᠡᠭᠡᠬᠦ ᠪᠠᠷ ᠪᠠᠶᠢᠭ᠎ᠠ ᠰᠢᠷᠬᠠᠲᠠᠨ ᠡᠪᠡᠳᠴᠢᠲᠡᠨ ᠳᠤ ᠳᠠᠬᠢᠨᠲᠠ ᠪᠠᠶᠢᠴᠠᠭᠠᠯᠲᠠ ᠬᠢᠨ᠎ᠡ᠃ ᠬᠥᠳᠡᠯᠦᠮᠡᠯ ᠴᠢᠨᠠᠷᠲᠠᠢ ᠴᠢᠰᠤ ᠶᠡᠭᠡ ᠭᠠᠷᠤᠭᠰᠠᠨ ᠪᠤᠶᠤ ᠰᠢᠯᠵᠢᠭᠦᠯᠦᠨ ᠵᠥᠭᠡᠭᠡᠬᠦ ᠵᠠᠮ ᠳᠤ ᠪᠠᠨ ᠠᠮᠢ ᠨᠠᠰᠤᠨ ᠤ ᠠᠶᠤᠯ ᠲᠦᠭᠰᠢᠭᠦᠷᠢ ᠭᠠᠷᠬᠤ ᠪᠣᠯᠣᠮᠵᠢ ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠤᠷᠢᠳ ᠢᠶᠠᠷ ᠲᠤᠬᠠᠢ ᠶᠢᠨ ᠭᠠᠵᠠᠷ ᠲᠤ ᠨᠢ ᠲᠦᠷᠭᠡᠨ ᠠᠪᠤᠷᠠᠵᠤ᠂ ᠡᠮᠴᠢᠯᠡᠨ ᠵᠠᠰᠠᠵᠦ᠂ ᠴᠢᠬᠤᠯᠠ ᠪᠦᠬᠦᠢ ᠵᠠᠰᠠᠯᠲᠠ ᠬᠢᠭᠰᠡᠨ ᠤ ᠳᠠᠷᠠᠭ᠎ᠠ ᠰᠠᠶ᠋ᠢ ᠬᠠᠷᠠᠭᠠᠯᠵᠠᠨ ᠬᠠᠮᠠᠭᠠᠯᠠᠭᠰᠠᠨ ᠤᠷᠢᠳᠠᠯ ᠳᠣᠣᠷ᠎ᠠ ᠰᠢᠯᠵᠢᠭᠦᠯᠦᠨ ᠵᠥᠭᠡᠭᠡᠨ᠎ᠡ᠃      ︵2︶ ᠰᠢᠯᠵᠢᠭᠦᠯᠦᠨ ᠵᠥᠭᠡᠭᠡᠬᠦ ᠺᠠᠷᠲ ᠢ ᠬᠢᠨᠠᠮᠠᠭᠠᠢ ᠲᠠᠭᠯᠠᠵᠤ ᠬᠦᠯᠢᠶᠡᠨ ᠠᠪᠬᠤ ᠡᠮᠴᠢᠯᠡᠭᠡᠨ ᠤ ᠪᠠᠶᠢᠭᠤᠯᠤᠮᠵᠢ ᠳᠤ ᠲᠤᠰᠢᠶᠠᠨ ᠥᠭᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃      ︵3︶ ᠰᠢᠯᠵᠢᠭᠦᠯᠦᠨ ᠵᠥᠭᠡᠭᠡᠬᠦ ᠶᠠᠪᠤᠴᠠ ᠳᠤ ᠡᠮᠴᠢ ᠰᠤᠪᠢᠯᠠᠭᠴᠢ ᠨᠠᠷ ᠡᠮᠴᠢᠯᠡᠭᠡᠨ ᠤ ᠴᠢᠩᠭᠡᠯᠢᠭ ᠲᠤ ᠰᠢᠷᠬᠠᠲᠠᠨ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠡᠷᠬᠡᠪᠰᠢ ᠨᠢᠭᠲᠠ ᠠᠵᠢᠶᠠᠷᠠᠬᠤ ᠶᠢᠨ ᠬᠠᠮᠲᠤ ᠡᠮᠴᠢᠯᠡᠭᠡ ᠵᠠᠰᠠᠯᠲᠠ ᠶᠢᠨ ᠦᠷᠭᠦᠯᠵᠢᠯᠡᠨ ᠶᠠᠪᠤᠭᠳᠠᠬᠤ ᠶᠢ ᠦᠨᠡᠨ ᠬᠦ ᠪᠠᠲᠤᠯᠠᠨ᠎ᠠ᠃       ︵4︶ ᠰᠢᠯᠵᠢᠭᠦᠯᠦᠨ ᠵᠥᠭᠡᠭᠡᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠡᠪᠲᠡᠢ ᠵᠥᠭᠡᠭᠡᠪᠦᠷᠢᠯᠡᠵᠦ᠂ ᠬᠤᠶᠠᠳᠠᠬᠢ ᠤᠳᠠᠭᠠᠨ ᠤ ᠭᠡᠮᠲᠤᠯ ᠭᠠᠷᠬᠤ ᠠᠴᠠ ᠵᠠᠶᠢᠯᠠᠰᠭᠢᠬᠦ ᠬᠡᠷᠡᠭᠲᠡᠢ᠃      ︵5︶ ᠰᠢᠷᠬᠠᠲᠠᠨ ᠡᠪᠡᠳᠴᠢᠲᠡᠨ ᠢ ᠵᠣᠬᠢᠰᠲᠠᠢ ᠰᠠᠯᠭᠠᠨ ᠲᠣᠬᠢᠷᠠᠭᠤᠯᠬᠤ ᠪᠤᠶᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠷ᠎ᠡ ᠵᠢᠭᠠᠭᠰᠠᠨ ᠴᠡᠭ ᠢᠶᠠᠷ ᠰᠢᠯᠵᠢᠭᠦᠯᠦᠨ ᠵᠥᠭᠡᠭᠡᠵᠦ᠂ ᠶᠠᠮᠠᠷᠪᠠ ᠡᠮᠴᠢᠯᠡᠭᠡᠨ ᠤ ᠪᠠᠶᠢᠭᠤᠯᠤᠮᠵᠢ ᠭᠡᠳ ᠶᠠᠮᠠᠷ ᠨᠢᠭᠡᠨ ᠰᠢᠯᠲᠠᠭᠠᠨ ᠢᠶᠠᠷ ᠰᠢᠷᠬᠠᠲᠠᠨ ᠡᠪᠡᠳᠴᠢᠲᠡᠨ ᠢ ᠬᠦᠯᠢᠶᠡᠨ ᠠᠪᠬᠤ ᠪᠠ ᠡᠮᠴᠢᠯᠡᠬᠦ ᠶᠢ ᠲᠡᠪᠴᠢᠵᠦ ᠪᠣᠯᠬᠤ ᠦᠭᠡᠢ᠃      4.3 ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ      ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠠᠶᠢᠳᠠᠯ ᠢ ᠦᠨᠳᠦᠰᠦᠯᠡᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶᠢᠭᠤᠯᠤᠮᠵᠢ ᠪᠠ ᠠᠵᠢᠯᠲᠠᠨ ᠢ ᠵᠣᠬᠢᠶᠠᠨ ᠪᠠᠶᠢᠭᠤᠯᠵᠤ᠂ ᠰᠡᠳᠭᠢᠴᠡ ᠶᠢᠨ ᠬᠢᠮᠤᠷᠠᠯ ᠢ ᠵᠢᠯᠣᠭᠤᠳᠣᠨ ᠨᠦᠯᠦᠭᠡᠯᠡᠬᠦ᠂ ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ ᠪᠠ ᠦᠨᠡᠯᠡᠯᠲᠡ ᠬᠢᠬᠦ᠂ ᠡᠷᠡᠭᠦᠯ ᠬᠠᠮᠠᠭᠠᠯᠠᠯ ᠤᠨ ᠬᠠᠥᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ ᠥᠷᠨᠢᠭᠦᠯᠵᠦ᠂ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠠᠪᠴᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠣᠭᠰᠠᠨ ᠳᠠᠭᠠᠯᠲᠠ ᠪᠤᠶᠤ ᠡᠭᠦᠰᠦᠮᠡᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠵᠦ᠂ ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠡᠪᠡᠳᠴᠢᠨ ᠳᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      4.4 ᠮᠡᠳᠡᠭᠡ ᠵᠠᠩᠬᠢ ᠶᠢ ᠮᠡᠳᠡᠭᠦᠯᠬᠦ ᠪᠠ ᠨᠡᠶᠢᠲᠡᠯᠡᠬᠦ      ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠪᠠ ᠪᠤᠰᠤᠳ ᠡᠮᠴᠢᠯᠡᠭᠡᠨ ᠤ ᠪᠠᠶᠢᠭᠤᠯᠤᠮᠵᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠳᠠᠷᠤᠢ ᠲᠦᠷᠭᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠠᠷᠭᠡ ᠪᠠᠶᠢᠳᠠᠯ ᠢ  ᠳᠠᠷᠤᠶᠢᠬᠠᠨ ᠬᠡᠷᠡᠭ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠪᠠᠷ ᠪᠠᠶᠢᠭᠤᠯᠤᠭᠰᠠᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠲᠤ ᠮᠡᠳᠡᠭᠦᠯᠦᠨ᠎ᠡ᠃      ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠳᠠᠭᠠᠭᠠᠨ ᠡᠭᠦᠷᠬᠡᠯᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠂ ᠡᠳᠦᠷ ᠪᠦᠷᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠷᠬᠠᠲᠠᠨ ᠡᠪᠡᠳᠴᠢᠲᠡᠨ ᠤ ᠪᠠᠶᠢᠳᠠᠯ᠂ ᠡᠮᠴᠢᠯᠡᠵᠦ ᠠᠪᠤᠷᠠᠨ ᠵᠠᠰᠠᠵᠤ ᠪᠠᠶᠢᠭ᠎ᠠ ᠠᠬᠢᠴᠠ ᠵᠡᠷᠭᠡ ᠶᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ ᠮᠡᠳᠡᠭᠦᠯᠦᠯᠲᠡ ᠲᠣᠰᠣᠭᠰᠠᠨ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠮᠡᠳᠡᠭᠡ ᠵᠠᠩᠬᠢ ᠶᠢ ᠨᠡᠶᠢᠲᠡᠯᠡᠬᠦ ᠠᠵᠢᠯ ᠢ ᠨᠢ ᠬᠠᠮᠵᠢᠯᠴᠠᠵᠤ ᠰᠠᠶᠢᠲᠤᠷ ᠬᠢᠨ᠎ᠡ᠃      4.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠶᠢ ᠳᠡᠰ ᠳᠡᠪᠰᠢᠭᠦᠯᠬᠦ ᠪᠠ ᠵᠣᠭᠰᠣᠭᠠᠬᠤ     ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠴᠠᠭ ᠮᠥᠴᠡ ᠶᠢ ᠳᠠᠭᠠᠯᠳᠤᠨ ᠤᠯᠠᠷᠢᠨ ᠬᠤᠪᠢᠰᠴᠤ᠂ ᠬᠦᠨᠳᠦ ᠨᠣᠴᠢ ᠶᠢᠨ ᠪᠠ ᠬᠥᠨᠥᠭᠡᠯ ᠤᠨ ᠬᠡᠮᠵᠢᠶ᠎ᠡ ᠴᠦ ᠤᠯᠠᠮ ᠨᠢᠭᠡ ᠠᠯᠬᠤᠮ ᠰᠢᠷᠦᠭᠦᠰᠬᠦ ᠶᠢᠨ ᠬᠠᠮᠲᠤ ᠦᠷᠪᠢᠰᠦᠨ ᠳᠡᠯᠭᠡᠷᠡᠬᠦ ᠬᠠᠨᠳᠤᠰᠢ ᠢᠯᠡᠷᠡᠬᠦ ᠪᠤᠶᠤ ᠪᠠᠶᠢᠳᠠᠯ ᠨᠢ ᠪᠤᠳᠤᠯᠢᠶᠠᠨᠲᠠᠢ ᠪᠣᠯᠵᠤ ᠬᠤᠷᠢᠭᠯᠠᠬᠤ ᠳᠤ ᠪᠡᠷᠬᠡ ᠪᠣᠯᠪᠠᠯ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠡᠷᠭᠡ ᠳᠡᠰ ᠢ ᠴᠠᠭ ᠲᠤᠬᠠᠢ ᠳᠤ ᠨᠢ ᠳᠡᠭᠡᠭᠰᠢᠯᠡᠭᠦᠯᠬᠦ ᠬᠡᠷᠡᠭᠲᠡᠢ᠃      ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠢ ᠠᠪᠤᠷᠠᠨ ᠵᠠᠰᠠᠯᠲᠠ ᠶᠢ ᠬᠦᠯᠢᠶᠡᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠠᠳᠠᠯᠢ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠤᠶᠤ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠵᠦ ᠪᠣᠯᠬᠤ ᠶᠢᠨ ᠬᠠᠮᠲᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠶᠢ ᠵᠣᠭᠰᠣᠭᠠᠭᠰᠠᠨ ᠮᠡᠳᠡᠭᠡ ᠵᠠᠩᠬᠢ ᠶᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ