5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠶᠢᠭᠤᠯᠤᠮᠵᠢ ᠪᠠ ᠡᠩᠨᠡᠭᠡᠨ ᠤ | ᠪᠠᠶᠢᠭᠤᠯᠤᠯᠲᠠ ᠪᠣᠯ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠤᠷᠢᠭᠯᠠᠬᠤ ᠲᠣᠭᠲᠠᠯᠴᠠᠭᠠᠨ ᠤ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ᠡᠩ ᠤᠨ ᠦᠶ᠎ᠡ ᠪᠠ | ᠪᠠᠴᠢᠮ ᠦᠶ᠎ᠡ ᠶᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶᠢᠩᠭᠤ ᠪᠡᠯᠡᠳᠬᠡᠬᠦ︾ ᠵᠠᠷᠴᠢᠮ ᠢ ᠵᠢᠷᠤᠮᠯᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠵᠣᠬᠢᠶᠠᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠵᠤ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠮᠡᠷᠭᠡᠵᠢᠯ ᠤᠨ ᠲᠥᠰᠥᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | 5.1 ᠮᠡᠳᠡᠭᠡ ᠵᠠᠩᠬᠢ ᠶᠢᠨ ᠰᠢᠰᠲ᠋ᠧᠮ ᠤᠨ ᠪᠠᠲᠤᠯᠠᠭ᠎ᠠ | ᠣᠳᠣᠬᠢ ᠪᠠᠶᠢᠭ᠎ᠠ ᠡᠬᠢ ᠪᠠᠶᠠᠯᠢᠭ ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠬᠢᠴᠢᠯᠠᠯᠲᠠ ᠶᠢᠨ ᠮᠡᠷᠭᠡᠵᠢᠯ ᠢ ᠭᠦᠢᠴᠡᠳ ᠬᠡᠷᠡᠭᠯᠡᠵᠦ᠂ ᠥᠨᠳᠥᠷ | ᠪᠦᠲᠦᠮᠵᠢᠲᠡᠢ ᠪᠥᠭᠡᠳ ᠨᠢᠭᠡᠳᠦᠯᠲᠡᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤ ᠨᠢ᠂ | ᠣᠨᠣᠪᠴᠢᠲᠠᠢ ᠡᠵᠡᠮᠰᠢᠨ᠂ ᠲᠡᠷᠡ ᠳᠠᠷᠤᠢ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠪᠠ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠵᠦ᠂ ᠵᠠᠷᠯᠢᠭ | ᠵᠢᠭᠠᠪᠤᠷᠢ ᠨᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠬᠡᠰᠡᠭ ᠵᠤᠷᠪᠤᠰ ᠨᠢ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠪᠠᠶᠢᠬᠤ ᠶᠢ ᠦᠨᠡᠨ | ᠬᠦ ᠪᠠᠲᠤᠯᠠᠨ᠎ᠠ᠃ | 5.2 ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢᠨ ᠪᠠᠲᠤᠯᠠᠭ᠎ᠠ | ︽ᠲᠦᠷᠭᠡᠨ ᠠᠪᠤᠷᠠᠯᠳᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠪᠠ ︽ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ | ᠡᠮᠴᠢᠯᠡᠭᠡᠨ ᠤ ᠲᠦᠷᠭᠡᠨ ᠠᠪᠤᠷᠠᠬᠤ ᠬᠠᠮᠢᠶᠠᠷᠤᠯᠲᠠ ᠶᠢᠨ ᠠᠷᠭ᠎ᠠ︾ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠥᠪ ᠤᠨ ᠪᠠᠶᠢᠭ᠎ᠠ ᠭᠠᠵᠠᠷ ᠦᠢᠯᠡᠴᠢᠯᠡᠬᠦ ᠬᠥᠮᠥᠨ | ᠠᠮᠠ ᠶᠢᠨ ᠲᠤᠭ᠎ᠠ ᠪᠠ ᠡᠮᠴᠢᠯᠡᠵᠦ ᠠᠪᠤᠷᠠᠨ ᠵᠠᠰᠠᠬᠤ ᠬᠡᠷᠡᠭᠴᠡᠭᠡ ᠪᠠᠨ ᠦᠨᠳᠦᠰᠦᠯᠡᠵᠦ᠂ ᠵᠣᠬᠢᠬᠤ ᠬᠡᠪᠴᠢᠶ᠎ᠡ ᠲᠠᠢ ᠡᠮᠴᠢᠯᠡᠭᠡᠨ ᠤ ᠲᠦᠷᠭᠡᠨ ᠠᠪᠤᠷᠠᠯᠳᠠ ᠶᠢᠨ | ᠲᠥᠪ ᠢ 1 ᠪᠠᠶᠢᠭᠤᠯᠬᠤ ᠶᠢᠨ ᠬᠠᠮᠲᠤ᠂ ᠲᠦᠷᠭᠡᠨ ᠠᠪᠤᠷᠠᠯᠳᠠ ᠶᠢᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠪᠤᠰᠤᠳ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠶᠡᠷᠦᠩᠬᠡᠶᠢᠯᠡᠭᠰᠡᠨ ᠬᠦᠴᠦᠨ ᠢᠶᠠᠷ ᠨᠡᠯᠢᠶᠡᠳ ᠴᠢᠩᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ | ᠵᠣᠬᠢᠬᠤ ᠬᠡᠪᠴᠢᠶ᠎ᠡ ᠲᠠᠢ ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃ | 5.3 ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠪᠠᠶᠢᠭᠤᠯᠤᠮᠵᠢ ᠶᠢᠨ ᠪᠠᠲᠤᠯᠠᠭ᠎ᠠ | ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠬᠤ︾ | ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ | ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ ᠲᠣᠬᠢᠷᠠᠭᠤᠯᠤᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠥᠷᠪᠡᠳᠦᠭᠡᠷ | ᠡᠮᠨᠡᠯᠭᠡ ᠶᠢᠨ ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠮᠢ ᠶᠢᠨ ᠬᠤᠣᠷᠳᠠᠯ ᠤᠨ ᠡᠮᠴᠢᠯᠡᠭᠡᠨ ᠤ ᠠᠪᠤᠷᠠᠨ ᠵᠠᠰᠠᠬᠤ ᠰᠠᠭᠤᠷᠢᠨ ᠭᠠᠵᠠᠷ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠲᠣᠬᠢᠷᠠᠭᠤᠯᠤᠨ᠎ᠠ᠃ ᠪᠤᠰᠤᠳ ᠭᠠᠵᠠᠷ ᠣᠷᠣᠨ ᠨᠢ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠲᠦᠰᠢᠭᠯᠡᠵᠦ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ | ᠠᠪᠤᠷᠠᠨ ᠵᠠᠰᠠᠬᠤ ᠲᠤᠰᠬᠠᠢ ᠰᠠᠯᠠᠭ᠎ᠠ ᠲᠠᠰᠤᠭ ᠪᠠᠶᠢᠭᠤᠯᠬᠤ ᠬᠡᠷᠡᠭᠲᠡᠢ᠃ | 5.4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠶᠢᠨ ᠪᠠᠲᠤᠯᠠᠭ᠎ᠠ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠨᠠᠭᠠᠬᠤ | ᠤᠬᠠᠭᠠᠨ ᠤ ᠪᠠᠴᠢᠮ ᠠᠪᠤᠷᠠᠨ ᠲᠤᠰᠠᠯᠠᠬᠤ ᠠᠩᠬᠢ ᠶᠢ 4 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ | ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠠᠨᠠᠭᠠᠬᠤ ᠤᠬᠠᠭᠠᠨ ᠤ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ | ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠳᠤ ᠲᠣᠰ ᠲᠣᠰ ᠲᠣᠬᠢᠷᠠᠭᠤᠯᠤᠨ᠎ᠠ︔ ᠰᠡᠳᠭᠢᠴᠡ ᠶᠢᠨ ᠬᠢᠮᠤᠷᠠᠯ ᠢ ᠵᠢᠯᠣᠭᠤᠳᠣᠨ ᠨᠦᠯᠦᠭᠡᠯᠡᠬᠦ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠥᠪ ᠲᠤ ᠲᠣᠬᠢᠷᠠᠭᠤᠯᠤᠨ᠎ᠠ︔ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 | ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ | ᠪᠠᠲᠤᠯᠠᠭᠠᠨ ᠤ ᠲᠥᠪ ᠲᠤ ᠲᠣᠬᠢᠷᠠᠭᠤᠯᠤᠨ᠎ᠠ︔ ᠭᠡᠨᠡᠳᠲᠡ ᠶᠢᠨ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠩᠬᠢ ᠶᠢ 1 | ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠶᠡᠷᠦᠩᠬᠡᠶᠢᠯᠡᠭᠰᠡᠨ ᠲᠥᠪ ᠲᠤ | ᠲᠣᠬᠢᠷᠠᠭᠤᠯᠤᠨ᠎ᠠ︔ ᠬᠢᠲᠠᠳ ᠠᠨᠠᠭᠠᠬᠤ ᠤᠬᠠᠭᠠᠨ ᠤ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠴᠢᠮ | ᠪᠠᠶᠢᠳᠠᠯ ᠢ ᠠᠷᠭᠠᠴᠠᠭᠠᠬᠤ ᠠᠩᠬᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠦᠨᠳᠦ ᠶᠡᠭᠡ ᠵᠢᠴᠢ ᠲᠡᠭᠦᠨ ᠠᠴᠠ ᠬᠦᠨᠳᠦ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠ ᠣᠷᠣᠨ ᠤ ᠭᠠᠳᠠᠨᠠᠬᠢ ᠤᠯᠤᠰ ᠠᠴᠠ ᠲᠣᠬᠢᠷᠠᠭᠤᠯᠤᠨ ᠲᠣᠮᠢᠯᠠᠭᠰᠠᠨ | ᠳᠡᠮᠵᠢᠨ ᠲᠤᠰᠠᠯᠠᠬᠤ ᠠᠵᠢᠯᠯᠠᠭ᠎ᠠ ᠶᠢ ᠡᠭᠦᠷᠬᠡᠯᠡᠬᠦ ᠶᠢᠨ ᠬᠠᠮᠲᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠴᠤ ᠪᠠᠶᠢᠭᠠᠳ | ᠨᠡᠯᠢᠶᠡᠳ ᠶᠡᠭᠡ ᠵᠢᠴᠢ ᠲᠡᠭᠦᠨ ᠠᠴᠠ ᠬᠥᠩᠭᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ | ᠠᠵᠢᠯ ᠢ ᠰᠠᠶᠢᠲᠤᠷ ᠬᠢᠯᠭᠡᠨ᠎ᠡ᠃ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠶᠡᠷᠦᠩᠬᠡᠶᠢᠯᠡᠭᠰᠡᠨ | ᠴᠢᠨᠠᠷᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭ ᠬᠤᠪᠢᠶᠠᠷᠢ ᠠᠩᠭᠢ ︵ᠠᠶᠢᠮᠠᠭ ᠬᠤᠲᠠ ᠶᠢᠨ | ᠱᠠᠲᠤᠨ ᠤ ᠬᠢ 50 ᠬᠥᠮᠥᠨ ᠠᠴᠠ ᠳᠤᠲᠠᠭᠤ ᠪᠠᠶᠢᠯᠭᠠᠬᠤ ᠦᠭᠡᠢ᠂ ᠬᠤᠰᠢᠭᠤ ᠰᠢᠶᠠᠨ ᠤ ᠱᠠᠲᠤᠨ ᠤ ᠬᠢ 20 ᠬᠥᠮᠥᠨ ᠠᠴᠠ ᠳᠤᠲᠠᠭᠤ ᠪᠠᠶᠢᠯᠭᠠᠬᠤ ᠦᠭᠡᠢ︶ ᠶᠢ | ᠲᠣᠬᠢᠷᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠤᠨ ᠣᠨᠴᠠᠯᠢᠭ ᠢ ᠨᠢ ᠦᠨᠳᠦᠰᠦᠯᠡᠨ᠂ ᠣᠨᠴᠠᠭᠠᠢ ᠲᠤᠰᠬᠠᠢ ᠮᠡᠷᠭᠡᠵᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ ᠪᠠᠶᠢᠭᠤᠯᠤᠨ᠎ᠠ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯᠲᠠᠨ ᠤ ᠬᠤᠪᠢᠷᠠᠯᠲᠠ ᠪᠠ ᠪᠣᠳᠠᠲᠠᠢ ᠪᠠᠨ | ᠦᠨᠳᠦᠰᠦᠯᠡᠵᠦ᠂ 3 ᠵᠢᠯ ᠪᠦᠷᠢ ᠨᠢᠭᠡ ᠤᠳᠠᠭ᠎ᠠ ᠡᠩᠨᠡᠭᠡ ᠶᠢᠨ ᠪᠦᠷᠢᠯᠳᠦᠭᠦᠨ ᠢᠶᠠᠨ ᠲᠣᠬᠢᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠬᠤ ᠶᠢᠨ ᠬᠠᠮᠲᠤ᠂ ᠬᠠᠮᠢᠶᠠᠷᠤᠯᠲᠠ ᠪᠠᠨ ᠴᠢᠩᠳᠠᠯᠠᠵᠤ᠂ ᠪᠣᠯᠪᠠᠰᠤᠷᠠᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ | ᠲᠠᠢ ᠪᠠᠷ ᠥᠷᠨᠢᠭᠦᠯᠤᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠪᠠᠨ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | 5.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ | ᠠᠩᠬᠢ᠂ ᠪᠠᠲᠤᠯᠠᠭᠠᠨ ᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠢ ᠵᠢᠭᠠᠨ ᠵᠢᠯᠣᠭᠤᠳᠤᠯᠭ᠎ᠠ ᠲᠣᠬᠢᠷᠠᠭᠤᠯᠤᠯᠲᠠ ᠳᠣᠣᠷ᠎ᠠ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ︔ ᠡᠮᠴᠢᠯᠡᠭᠡᠨ ᠤ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠪᠡᠯᠡᠳᠭᠡᠯ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠵᠦ | ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ ᠣᠨ ᠤ ᠰᠣᠷᠢᠯᠲᠠ ᠶᠢᠨ ᠲᠥᠯᠥᠪᠯᠡᠭᠡ ᠪᠠᠨ ᠲᠣᠭᠲᠠᠭᠠᠵᠤ᠂ ᠰᠢᠷᠡᠭᠡᠨ ᠤ ᠰᠣᠷᠢᠯᠲᠠ ᠪᠤᠶᠤ ᠪᠣᠳᠠᠲᠤ ᠪᠠᠶᠢᠯᠳᠤᠭᠠᠨ ᠤ | ᠰᠣᠷᠢᠯᠲᠠ᠂ ᠬᠡᠰᠡᠭ ᠴᠢᠳᠠᠮᠵᠢ ᠶᠢᠨ ᠰᠣᠷᠢᠯᠲᠠ ᠪᠤᠶᠤ ᠪᠥᠬᠦ ᠲᠠᠯ᠎ᠠ ᠶᠢᠨ ᠰᠣᠷᠢᠯᠲᠠ ᠵᠡᠷᠭᠡ ᠬᠡᠯᠪᠡᠷᠢ ᠶᠢ ᠠᠪᠴᠤ ᠪᠣᠯᠣᠨ᠎ᠠ᠃ ᠰᠣᠷᠢᠯᠲᠠ ᠳᠤ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ᠂ ᠵᠣᠬᠢᠶᠠᠨ ᠪᠠᠶᠢᠭᠤᠯᠵᠤ ᠬᠠᠮᠢᠶᠠᠷᠬᠤ᠂ ᠲᠦᠷᠭᠡᠨ ᠲᠤᠰᠬᠠᠯ ᠭᠠᠷᠭᠠᠬᠤ ︵ᠠᠩᠬᠢ ᠶᠢᠨ | ᠴᠤᠭᠯᠠᠷᠠᠬᠤ᠂ ᠲᠤᠬᠠᠢ ᠶᠢᠨ ᠲᠠᠯᠠᠪᠠᠢ ᠳᠤ ᠨᠢ ᠠᠪᠤᠷᠠᠨ ᠵᠠᠰᠠᠬᠤ᠂ ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠵᠠᠰᠠᠬᠤ | ᠵᠡᠷᠭᠡ︶᠂ ᠡᠳ᠋ ᠪᠠᠷᠠᠭ᠎ᠠ ᠨᠦᠬᠡᠴᠡᠯᠡᠬᠦ᠂ ᠰᠠᠯᠠᠭ᠎ᠠ ᠮᠥᠴᠢᠷ ᠢ ᠵᠣᠬᠢᠴᠠᠭᠤᠯᠬᠤ᠂ ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠮᠡᠳᠡᠭᠡ ᠵᠠᠩᠬᠢᠴᠢᠯᠠᠯᠲᠠ ᠶᠢᠨ | ᠬᠠᠮᠵᠢᠯᠴᠠᠭ᠎ᠠ ᠵᠡᠷᠭᠡ ᠠᠭᠤᠯᠭ᠎ᠠ ᠲᠠᠢ ᠬᠤᠯᠪᠣᠭᠳᠠᠭᠤᠯᠬᠤ ᠬᠡᠷᠡᠭᠲᠡᠢ᠃ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠰᠣᠷᠢᠯᠲᠠ ᠳᠤ ᠣᠯᠠᠨ ᠨᠡᠶᠢᠲᠡ ᠣᠷᠣᠯᠴᠠᠬᠤ ᠴᠢᠬᠤᠯᠠᠲᠠᠢ ᠪᠣᠯ᠂ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | 5.6 ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠯᠡᠭᠦᠷ᠂ ᠲᠥᠬᠦᠭᠡᠷᠦᠮᠵᠢ᠂ ᠲᠦᠷᠭᠡᠨ ᠪᠠᠶᠢᠴᠠᠭᠠᠨ ᠬᠡᠮᠵᠢᠬᠦ ᠬᠡᠷᠡᠭᠰᠡᠯ | ᠪᠠ ᠤᠷᠪᠠᠯᠵᠢ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠵᠡᠷᠭᠡ ᠡᠳ᠋ ᠪᠠᠷᠠᠭᠠᠨ ᠤ ᠨᠦᠬᠡᠴᠡᠯᠡᠬᠦ ᠲᠥᠯᠥᠪᠯᠡᠭᠡ ᠶᠢᠨ ᠰᠠᠨᠠᠭᠤᠯᠭ᠎ᠠ ᠶᠢ ᠳᠤᠷᠠᠳᠤᠨ᠎ᠠ | ᠃ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ︵ᠡᠳ᠋ ᠪᠠᠷᠠᠭ᠎ᠠ ᠨᠦᠬᠡᠴᠡᠯᠡᠬᠦ︶᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ | ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠦᠢᠯᠡᠳᠪᠦᠷᠢᠯᠡᠬᠦ᠂ ᠨᠦᠬᠡᠴᠡᠯᠡᠬᠦ ᠪᠠ ᠲᠣᠬᠢᠷᠠᠭᠤᠯᠤᠨ ᠵᠥᠭᠡᠭᠡᠪᠦᠷᠢᠯᠡᠬᠦ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠵᠤ᠂ ᠬᠠᠩᠭᠠᠯᠭ᠎ᠠ ᠶᠢ ᠪᠠᠲᠤᠯᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠨ᠎ᠠ᠃ ᠡᠮ ᠡᠮᠨᠡᠯᠭᠡ ᠶᠢᠨ ᠨᠦᠬᠡᠴᠡ ᠡᠳ᠋ ᠪᠠᠷᠠᠭᠠᠨ ᠤ ᠨᠦᠬᠡᠴᠡᠯᠡᠬᠦ᠂ ᠬᠡᠷᠡᠭᠯᠡᠬᠦ ᠶᠢ ︽ᠤᠯᠤᠰ ᠤᠨ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ | ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ | ᠬᠡᠷᠡᠭᠵᠢᠭᠦᠯᠦᠨ᠎ᠡ᠃ | 5.7 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠠᠴᠠ ᠡᠭᠦᠷᠬᠡᠯᠡᠪᠡᠰᠦ ᠵᠣᠬᠢᠬᠤ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠬᠢᠬᠦ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠬᠡᠷᠡᠭᠰᠡᠬᠦ ᠴᠢᠬᠤᠯᠠᠲᠠᠢ ᠵᠠᠷᠤᠳᠠᠯ ᠢ ᠨᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ᠂ | ᠵᠠᠷᠤᠳᠠᠯ ᠤᠨ ᠬᠡᠷᠡᠭᠯᠡᠭᠡᠨ ᠤ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ | ᠪᠠᠶᠢᠭᠠᠯᠢ ᠶᠢᠨ ᠭᠠᠢ ᠭᠠᠮᠰᠢᠭ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠯ᠎ᠡ ᠱᠠᠲᠤᠨ ᠤ ᠡᠳ᠋ ᠤᠨ ᠵᠠᠰᠠᠭ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠡᠮᠴᠢᠯᠡᠵᠦ ᠠᠪᠤᠷᠠᠨ ᠵᠠᠰᠠᠬᠤ ᠵᠠᠷᠤᠳᠠᠯ ᠢ ᠡᠭᠦᠷᠬᠡᠯᠡᠬᠦ ᠪᠤᠶᠤ ᠨᠥᠬᠦᠪᠦᠷᠢ ᠣᠯᠭᠤᠨ᠎ᠠ᠃ | ᠠᠶᠤᠯ ᠦᠭᠡᠢ ᠦᠢᠯᠡᠳᠪᠦᠷᠢᠯᠡᠯ ᠤᠨ ᠠᠳᠡᠯ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠠᠳᠡᠯ ᠭᠠᠷᠤᠭᠰᠠᠨ ᠨᠢᠭᠡᠴᠢ ᠨᠢ ᠡᠮᠴᠢᠯᠡᠭᠡᠨ ᠤ | ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠪᠤᠶᠤ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠶᠠᠪᠤᠴᠠ ᠳᠤ ᠡᠭᠦᠰᠦᠭᠰᠡᠨ ᠵᠠᠷᠤᠳᠠᠯ ᠢ ᠲᠥᠯᠥᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ | ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠡᠭᠦᠰᠦᠭᠰᠡᠨ ᠬᠥᠮᠥᠨ ᠬᠠᠷ᠎ᠠ ᠶᠢᠨ ᠦᠬᠦᠯ ᠰᠢᠷᠬᠠᠲᠤᠯ ᠢ ᠪᠣᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠲᠣᠭᠲᠠᠭᠠᠭᠰᠠᠨ ᠬᠠᠷᠢᠭᠤᠴᠠᠯᠭᠠᠲᠤ ᠨᠢᠭᠡᠴᠢ ᠪᠤᠶᠤ ᠬᠠᠷᠢᠭᠤᠴᠠᠯᠭᠠᠲᠠᠨ ᠠᠴᠠ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠢ ᠨᠢ ᠡᠭᠦᠷᠬᠡᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ ᠡᠮᠴᠢᠯᠡᠭᠡᠨ ᠤ | ᠠᠪᠤᠷᠠᠨ ᠵᠠᠰᠠᠬᠤ ᠵᠠᠷᠤᠳᠠᠯ ᠳᠤ ᠨᠥᠬᠦᠪᠦᠷᠢ ᠣᠯᠭᠤᠵᠤ ᠪᠣᠯᠣᠨ᠎ᠠ᠃ | ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠡᠶ᠎ᠡ ᠮᠠᠬᠠᠪᠤᠳ᠂ ᠡᠮᠴᠢᠯᠡᠭᠡ᠂ ᠡᠷᠡᠭᠦᠯ ᠮᠡᠨᠳᠦ | ᠵᠡᠷᠭᠡ ᠳᠠᠭᠠᠳᠬᠠᠯ ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ ᠲᠤ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠰᠠᠶᠢᠲᠤᠷ ᠬᠢᠨ᠎ᠡ᠃ | 5.8 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ | ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠪᠤᠷᠠᠨ | ᠰᠤᠪᠢᠯᠠᠬᠤ ᠲᠡᠷᠭᠡ ᠬᠥᠰᠭᠡ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠲᠣᠬᠢᠷᠠᠭᠤᠯᠤᠨ᠎ᠠ᠃ | ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ︵ᠵᠠᠮ ᠬᠠᠷᠢᠯᠴᠠᠭᠠᠨ ᠤ ᠬᠠᠮᠢᠶᠠᠷᠤᠯᠲᠠ︶ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠥᠮᠥᠰ ᠪᠠ ᠡᠳ᠋ ᠪᠠᠷᠠᠭ᠎ᠠ ᠲᠡᠭᠡᠭᠡᠪᠦᠷᠢᠯᠡᠬᠦ ᠶᠢ ᠤᠷᠢᠳ ᠢᠶᠠᠷ | ᠪᠠᠶᠢᠷᠢᠯᠠᠭᠤᠯᠵᠤ᠂ ᠤᠷᠢᠳ ᠢᠶᠠᠷ ᠲᠣᠬᠢᠷᠠᠭᠤᠯᠬᠤ᠂ ᠤᠷᠢᠳ ᠢᠶᠠᠷ ᠶᠠᠪᠤᠭᠤᠯᠬᠤ ᠶᠢ ᠪᠠᠲᠤᠯᠠᠵᠤ᠂ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠪᠠᠶᠢᠳᠠᠯ ᠣᠨᠴᠠᠭᠠᠢ ᠪᠠᠴᠢᠮ ᠦᠶ᠎ᠡ ᠳᠤ᠂ ᠲᠤᠬᠠᠢ ᠶᠢᠨ ᠲᠠᠯᠠᠪᠠᠢ ᠵᠢᠴᠢ ᠬᠠᠮᠢᠶ᠎ᠠ ᠪᠦᠬᠦᠢ ᠵᠠᠮ ᠨᠡᠪᠲᠡᠷᠡᠯᠭᠡ ᠳᠤ ᠵᠠᠮ | ᠬᠠᠷᠢᠯᠴᠠᠭᠠᠨ ᠤ ᠬᠠᠮᠢᠶᠠᠷᠤᠨ ᠬᠤᠷᠢᠭᠯᠠᠯᠲᠠ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ︽ᠰᠠᠭᠠᠳ ᠦᠭᠡᠢ ᠨᠡᠪᠲᠡᠷᠡᠬᠦ ᠵᠠᠮ︾ | ᠭᠠᠷᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | 5.9 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ | ᠲᠠᠯᠠᠪᠠᠢ ᠶᠢᠨ ᠠᠮᠤᠷ ᠢ ᠬᠠᠮᠠᠭᠠᠯᠠᠬᠤ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢ ᠨᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ | ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ | ᠠᠷᠭᠠᠴᠠᠭᠠᠬᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ | ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠡᠮ ᠤᠨ ᠵᠦᠢᠯ᠂ ᠡᠮᠴᠢᠯᠡᠭᠡᠨ ᠤ | ᠪᠠᠭᠠᠵᠢ ᠬᠡᠷᠡᠭᠯᠡᠭᠦᠷ ᠪᠠ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠬᠠᠮᠢᠶᠠᠷᠤᠯᠲᠠ ᠲᠠᠯᠪᠢᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠬᠡᠢ | ᠨᠡᠶᠢᠭᠡᠮᠯᠢᠭ ᠤᠨ ᠪᠠᠶᠢᠭᠠᠯᠢ ᠶᠢᠨ ᠭᠠᠢ ᠭᠠᠮᠰᠢᠭ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠪᠠ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠶᠣᠰᠣᠭᠠᠷ | ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠪᠠᠶᠢᠭᠠᠳ ᠲᠤᠬᠠᠢ ᠶᠢᠨ ᠲᠠᠯᠠᠪᠠᠢ ᠳᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ᠂ | ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠡᠭᠦᠨ ᠤ ᠬᠠᠮᠲᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠣᠳᠠᠲᠤ ᠪᠠᠶᠢᠳᠠᠯ ᠢ | ᠦᠨᠳᠦᠰᠦᠯᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠤᠷᠢᠶᠠᠯᠠᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ | ᠬᠤᠪᠢ ᠬᠥᠮᠥᠨ ᠤ ᠬᠠᠨᠳᠢᠪ ᠢ ᠬᠠᠥᠯᠢ ᠶᠣᠰᠣᠭᠠᠷ ᠬᠦᠯᠢᠶᠡᠨ᠂ ᠪᠠᠴᠢᠮ ᠱᠠᠭᠠᠷᠳᠠᠭᠳᠠᠬᠤ ᠬᠦᠮᠦᠯᠢᠭ ᠦᠵᠡᠯ ᠤᠨ ᠲᠤᠰᠠᠯᠠᠮᠵᠢ ᠬᠠᠩᠭᠠᠨ᠎ᠠ᠃ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠴᠡᠷᠢᠭ ᠠᠩᠬᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠴᠢ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠡᠷᠢᠭ ᠠᠩᠬᠢ ᠶᠢᠨ | ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠥᠮᠥᠰ ᠪᠠ ᠬᠦᠴᠦᠨ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠳᠡᠮᠵᠢᠬᠦ ᠪᠠ ᠲᠡᠭᠦᠨ ᠳᠤ ᠬᠠᠮᠵᠢᠯᠴᠠᠨ᠎ᠠ᠃ | ᠬᠥᠬᠡᠬᠤᠲᠠ ᠪᠣᠭᠤᠮᠲᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ | ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠭᠠᠳᠠᠭᠠᠳᠤ ᠠᠴᠠ ᠣᠷᠣᠭᠤᠯᠬᠤ ᠣᠨᠴᠠ ᠵᠦᠢᠯ ᠤᠨ ᠡᠮ ᠤᠨ ᠵᠦᠢᠯ᠂ ᠤᠷᠪᠠᠯᠵᠢ᠂ ᠪᠠᠭᠠᠵᠢ ᠬᠡᠷᠡᠭᠰᠡᠯ ᠢ ᠤᠷᠢᠳ ᠢᠶᠠᠷ | ᠪᠣᠭᠤᠮᠲᠠ ᠪᠠᠷ ᠨᠡᠪᠲᠡᠷᠡᠭᠦᠯᠵᠦ ᠪᠠᠶᠢᠴᠠᠭᠠᠨ ᠰᠢᠯᠭᠠᠵᠤ ᠥᠩᠭᠡᠷᠡᠭᠦᠯᠬᠦ ᠠᠵᠢᠯ ᠢ ᠬᠠᠷᠢᠭᠤᠴᠠᠨ᠎ᠠ᠃ | | |