ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠵᠢᠷᠭᠤᠭ᠎ᠠ︶
ᠨᠡᠶᠢᠲᠡᠯᠡᠭᠰᠡᠨ ᠴᠠᠭ᠄
2024/4/29
      6 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠣᠯᠠᠨ ᠨᠡᠶᠢᠲᠡ ᠣᠷᠣᠯᠴᠠᠬᠤ      ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠮᠡᠳᠡᠯᠭᠡ ᠶᠢᠨ ᠲᠦᠭᠡᠮᠡᠯᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠡ︔ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠭᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠨᠢ ᠨᠡᠶᠢᠭᠡᠮ ᠨᠡᠶᠢᠲᠡ ᠳᠠᠬᠢ ᠤᠬᠠᠭᠤᠯᠭ᠎ᠠ ᠬᠥᠮᠥᠵᠢᠯ ᠢᠶᠠᠨ ᠥᠷᠭᠡᠳᠬᠡᠬᠦ ᠬᠡᠷᠡᠭᠲᠡᠢ︔ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠨᠢ ᠬᠠᠷᠢᠶᠠᠲᠤ ᠬᠥᠮᠥᠰ ᠢᠶᠠᠨ ᠤᠬᠠᠭᠤᠯᠤᠨ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ︔ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠤᠬᠠᠭᠤᠯᠬᠤ ᠮᠠᠲ᠋ᠧᠷᠢᠶᠠᠯ ᠢ ᠬᠠᠩᠭᠠᠬᠤ ᠪᠠ ᠪᠠᠭᠰᠢ ᠶᠢᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠥᠷᠭᠡᠨ ᠬᠡᠪᠴᠢᠶ᠎ᠡ ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠭᠴᠢ ᠪᠠ ᠡᠷᠡᠭᠦᠯ ᠬᠠᠮᠠᠭᠠᠯᠠᠭᠴᠢ ᠪᠠᠷ ᠭᠤᠣᠯᠯᠠᠬᠤ ᠬᠦᠴᠦᠨ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠵᠣᠬᠢᠶᠠᠨ ᠪᠠᠶᠢᠭᠤᠯᠤᠨ᠂ ᠪᠣᠯᠪᠠᠰᠤᠷᠠᠯ ᠪᠠ ᠰᠣᠷᠢᠯᠲᠠ ᠪᠠᠷ ᠳᠠᠮᠵᠢᠨ ᠲᠡᠳᠡᠨ ᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃      7 ᠳᠠᠭᠠᠯᠳᠤᠭᠤᠯᠤᠯ      7.1 ᠬᠠᠷᠢᠭᠤᠴᠠᠯᠭ᠎ᠠ ᠪᠠ ᠱᠠᠩᠨᠠᠯ ᠲᠣᠷᠭᠠᠭᠤᠯᠢ      ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠠᠵᠢᠯ ᠨᠢ ᠬᠠᠷᠢᠭᠤᠴᠠᠯᠭᠠᠲᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃      ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠯ ᠣᠯᠭᠤᠨ᠎ᠠ᠃      ᠬᠠᠷᠢᠭᠤᠴᠠᠯᠭ᠎ᠠ ᠪᠠᠨ ᠠᠯᠳᠠᠵᠤ᠂ ᠲᠤᠰᠢᠶᠠᠯ ᠢᠶᠠᠨ ᠭᠤᠲᠤᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠂ ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      7.2 ᠪᠡᠯᠡᠳᠭᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ      ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠵᠤ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠨ᠎ᠡ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠵᠦ ᠪᠣᠯᠣᠨ᠎ᠠ᠃      ᠲᠣᠰ ᠪᠡᠯᠡᠳᠭᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠶᠠᠪᠤᠴᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠴᠠᠭ ᠲᠤᠬᠠᠢ ᠳᠤ ᠨᠢ ᠵᠠᠰᠠᠪᠤᠷᠢ ᠣᠷᠣᠭᠤᠯᠵᠤ᠂ ᠨᠥᠬᠦᠪᠦᠷᠢᠯᠡᠨ᠎ᠡ᠃      7.3 ᠪᠡᠯᠡᠳᠭᠡᠯ ᠲᠥᠰᠥᠯ ᠳᠤ ᠲᠠᠶᠢᠯᠪᠤᠷᠢ ᠥᠭᠬᠦ ᠰᠠᠯᠠᠭ᠎ᠠ ᠮᠥᠴᠢᠷ      ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃      7.4 ᠪᠡᠯᠡᠳᠭᠡᠯ ᠲᠥᠰᠥᠯ ᠤᠨ ᠬᠡᠷᠡᠭᠵᠢᠭᠦᠯᠬᠦ ᠬᠤᠭᠤᠴᠠᠭ᠎ᠠ       ᠲᠣᠰ ᠪᠡᠯᠡᠳᠭᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ﹀ ᠪᠠ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ 〔2006〕 364 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃                             2023 ᠣᠨ ᠤ 12 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ