ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2᠎ ᠤᠨ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠬᠤᠷᠠᠯᠳᠤᠪᠠ᠃ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠵᠤ᠂ ᠥᠷᠭᠡᠨ ᠢᠶᠠᠷ ᠬᠠᠮᠤᠷᠤᠭᠰᠠᠨ᠂ ᠰᠠᠭᠤᠷᠢ ᠶᠢ ᠪᠠᠲᠤᠯᠠᠭᠰᠠᠨ᠂ ᠶᠠᠰᠤ ᠴᠢᠨᠠᠷ ᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ ᠬᠤᠰᠢᠭᠤᠨ ᠤ ᠤᠳᠤᠷᠢᠳᠤᠯᠭ᠎ᠠ ᠪᠥᠬᠡᠪᠠᠶᠠᠷ᠂ ᠴᠠᠩ ᠴᠢᠩ᠂ ᠲᠢᠶᠠᠨ ᠹᠧᠩ ᠯᠢᠨ᠂ ᠳᠠᠯᠠᠶᠢᠪᠠᠲᠤ᠂ ᠬᠠᠨ ᠶᠦᠩ ᠯᠢ ᠬᠤᠷᠠᠯ ᠳᠤ ᠣᠷᠣᠯᠴᠠᠪᠠ᠃
4.3教育.jpg
      ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ︵2023 ︱ 2025︶︾᠎ ᠳᠤ ᠲᠠᠶᠢᠯᠤᠮᠵᠢ ᠬᠢᠵᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠳᠡᠯ︾᠎ ᠢ ᠤᠩᠰᠢᠨ ᠨᠡᠶᠢᠲᠡᠯᠡᠪᠡ᠃      ᠪᠥᠬᠡᠪᠠᠶᠠᠷ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠤᠯᠤᠰ ᠲᠥᠷᠥ ᠶᠢᠨ ᠲᠠᠯ᠎ᠠ ᠠᠴᠠ ᠰᠤᠷᠭᠠᠨ ᠬᠥᠮᠦᠵᠢᠯ ᠢ ᠠᠩᠬᠠᠷᠬᠤ᠂ ᠠᠷᠠᠳ ᠤᠨ ᠠᠮᠢᠳᠤᠷᠠᠯ ᠤᠨ ᠲᠠᠯ᠎ᠠ ᠠᠴᠠ ᠰᠤᠷᠭᠠᠨ ᠬᠥᠮᠦᠵᠢᠯ ᠢ ᠠᠳᠬᠤᠬᠤ᠂ ᠵᠢᠮ᠎ᠡ ᠶᠣᠰᠣᠨ ᠤ ᠲᠠᠯ᠎ᠠ ᠠᠴᠠ ᠰᠤᠷᠭᠠᠨ ᠬᠥᠮᠦᠵᠢᠯ ᠢ ᠡᠷᠭᠢᠯᠡᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠰᠤᠷᠭᠠᠨ ᠬᠥᠮᠦᠵᠢᠯ ᠢ ᠬᠥᠲᠥᠯᠥᠨ ᠳᠠᠭᠠᠭᠤᠯᠬᠤ ᠠᠵᠢᠯ ᠢ ᠴᠢᠩᠭᠠᠳᠬᠠᠨ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠦᠭᠡᠮᠡᠯ ᠬᠠᠷᠠᠭᠠᠯᠵᠠᠯᠲᠤ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠯᠬᠤᠮ ᠠᠯᠬᠤᠮ ᠢᠶᠠᠷ ᠥᠷᠭᠡᠳᠬᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠥᠪᠡᠷᠮᠢᠴᠡ ᠣᠨᠴᠠᠯᠢᠭᠲᠤ ᠣᠯᠠᠨ ᠶᠠᠩᠵᠤᠲᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠴᠢᠩᠭ᠎ᠠ ᠠᠳᠬᠤᠵᠤ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠭᠤᠣᠯᠴᠢ ᠪᠠᠷ ᠬᠠᠮᠤᠭ ᠤᠨ ᠥᠷᠭᠡᠨ ᠤᠯᠠᠨ ᠠᠷᠠᠳ ᠲᠦᠮᠡᠨ ᠳᠤ ᠬᠦᠷᠲᠡᠭᠡᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠥᠷᠥᠭᠳᠡᠯ ᠲᠠᠢ ᠪᠦᠲᠦᠮᠵᠢᠲᠡᠢ ᠪᠤᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠤᠯᠤᠰ ᠲᠦᠷᠦ ᠶᠢᠨ ᠠᠮᠤᠷ ᠲᠦᠪᠰᠢᠨ᠂ ᠰᠤᠷᠭᠠᠭᠤᠯᠢ ᠡᠷᠬᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠡᠯ᠎ᠡ ᠲᠦᠷᠦᠯ ᠤᠨ ᠠᠮᠤᠷ ᠲᠦᠪᠰᠢᠨ ᠢ ᠴᠢᠩᠭ᠎ᠠ ᠠᠳᠬᠤᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ︽ᠰᠢᠨ᠎ᠡ ᠴᠠᠭ ᠦᠶ᠎ᠡ ᠶᠢᠨ ᠵᠠᠯᠭᠠᠮᠵᠢᠯᠠᠭᠴᠢ︾᠎ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠴᠠᠩ ᠴᠢᠩ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠠᠨᠢᠯᠲᠠ ᠪᠠᠨ ᠴᠢᠩᠭᠠᠳᠬᠠᠵᠤ ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠥᠷᠢᠰᠦᠯᠳᠦᠭᠡᠨ ᠪᠠ ᠤᠯᠠᠨ ᠲᠦᠮᠡᠨ ᠤ ᠬᠦᠰᠡᠯ ᠡᠷᠡᠮᠡᠯᠵᠡᠯ ᠤᠨ ᠦᠨᠳᠦᠷᠴᠡ ᠠᠴᠠ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ᠂ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠪᠠᠷᠢᠮᠵᠢᠶ᠎ᠠ ᠶᠢ ᠬᠠᠷᠢᠴᠠᠭᠤᠯᠤᠨ ᠬᠦᠰᠦᠨᠦᠭᠲᠦ ᠶᠢ ᠬᠠᠷᠭᠤᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠨᠥᠬᠦᠪᠦᠷᠢᠯᠡᠵᠦ᠂ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯᠲᠤ ᠰᠢᠶᠠᠨ ᠢ ᠡᠭᠦᠳᠦᠨ ᠪᠠᠶᠢᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠬᠤᠰᠢᠭᠤ ᠶᠢ ᠬᠦᠴᠦᠷᠬᠡᠭᠵᠢᠭᠦᠯᠦᠨ ᠬᠤᠰᠢᠭᠤ ᠶᠢ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ