ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
      4 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠᠢ ᠴᠦᠨ ᠮᠧᠶ᠂ ᠸᠠᠩ ᠰᠢᠶᠣᠣ ᠹᠧᠢ᠂ ᠵᠧᠦ ᠬᠠᠢ ᠯᠢᠩ᠂ ᠱᠧᠨ ᠭᠦᠸᠧ ᠴᠧᠨ᠂ ᠢᠦᠢ ᠵᠥᠩ ᠯᠧᠢ᠂ ᠬᠠᠨ ᠶᠦᠩ ᠯᠢ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠪᠠ᠃
4.4理论组.jpg
      ᠬᠤᠷᠠᠯ ᠠᠴᠠ ᠳᠡᠭᠡᠳᠦ ᠱᠠᠲᠤᠨ ᠤ ᠬᠠᠮᠢᠶ᠎ᠠ ᠪᠦᠬᠦᠢ ᠶᠠᠷᠢᠶ᠎ᠠ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠤᠷᠤᠯᠴᠠᠯᠭ᠎ᠠ ᠶᠢᠨ ᠠᠭᠤᠯᠭ᠎ᠠ ᠲᠠᠢ ᠤᠶᠠᠯᠳᠤᠭᠤᠯᠤᠨ᠂ ᠴᠠᠩ ᠴᠢᠩ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠬᠤ ᠳᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠲᠤᠶᠢᠯ ᠤᠨ ᠴᠢᠬᠤᠯᠠ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠪᠠᠷ ᠴᠢᠬᠤᠯᠠ ᠭᠠᠷᠳᠠᠨ ᠬᠢᠬᠦ ᠴᠡᠭ ᠪᠣᠯᠭᠠᠬᠤ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠡᠭᠦᠷᠢᠳᠡ ᠵᠣᠭᠰᠣᠰᠢ ᠦᠭᠡᠢ ᠬᠠᠳᠠᠨ ᠵᠣᠷᠢᠭ ᠪᠠ ᠪᠠᠷᠢᠮᠲᠠᠯᠠᠯ ᠢᠶᠠᠷ ᠨᠠᠷᠢᠯᠢᠭ ᠣᠨᠣᠪᠴᠢᠲᠠᠢ ᠬᠦᠴᠦᠯᠡᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃       ᠴᠠᠩ ᠴᠢᠩ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠭᠦᠯᠡᠨ ᠥᠯᠢᠭᠡᠷ ᠳᠠᠭᠤᠷᠢᠶᠠᠯ ᠪᠣᠯᠵᠤ᠂ ᠪᠣᠳᠠᠲᠠᠢ ᠪᠠᠷ ᠭᠤᠣᠯᠳᠠᠯᠭ᠎ᠠ ᠪᠣᠯᠭᠠᠵᠤ᠂ ᠪᠣᠳᠠᠲᠠᠢ ᠶᠢ ᠡᠷᠬᠢᠮᠯᠡᠨ ᠦᠷ᠎ᠡ ᠪᠦᠲᠦᠮᠵᠢ ᠣᠯᠬᠤ ᠶᠢ ᠪᠠᠷᠢᠮᠲᠠᠯᠠᠨ᠂ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠠᠵᠢᠯ ᠢ ᠡᠮᠬᠢ ᠵᠢᠷᠤᠮ ᠲᠠᠢ ᠬᠡᠷᠡᠭᠵᠢᠭᠦᠯᠵᠦ᠂ ᠮᠠᠨ ᠤ ᠬᠤᠰᠢᠭᠤᠨ ᠤ ᠭᠠᠵᠠᠷ ᠰᠢᠷᠣᠢ ᠶᠢᠨ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ ᠶᠢᠨ ᠨᠠᠷᠢᠯᠢᠭ ᠣᠨᠣᠪᠴᠢᠲᠤ ᠴᠢᠨᠠᠷ ᠪᠠ ᠠᠰᠢᠭᠯᠠᠯᠲᠠ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠺᠠᠳ᠋ᠷ ᠤᠨ ᠡᠩᠨᠡᠭᠡ ᠶᠢ ᠪᠦᠷᠢᠨᠰᠢᠭᠦᠯᠦᠨ᠂ ᠦᠨᠳᠦᠰᠦᠨ ᠱᠠᠲᠤᠨ ᠤ ᠠᠵᠢᠯᠲᠠᠨ ᠤ ᠬᠦᠴᠦᠨ ᠢ ᠲᠡᠭᠦᠯᠳᠡᠷᠵᠢᠭᠦᠯᠵᠦ᠂ ᠬᠡᠷᠡᠭᠯᠡᠭᠡᠨ ᠤ ᠰᠠᠭᠤᠷᠢ ᠰᠤᠳᠤᠯᠭᠠᠨ ᠢ ᠭᠦᠨᠵᠡᠭᠡᠶᠢᠷᠡᠭᠦᠯᠦᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠵᠡᠷᠭᠡ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠥᠪᠯᠡᠩᠭᠦᠶ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠦᠨᠵᠡᠭᠡᠶᠢᠷᠡᠭᠦᠯᠬᠦ᠂ ᠬᠤᠪᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠣᠷᠣᠭᠰᠠᠨ ᠢᠶᠠᠨ ᠬᠡᠷᠡᠭᠯᠡᠵᠦ᠂ ᠤᠯᠤᠰ ᠲᠥᠷᠥ ᠶᠢᠨ ᠴᠢᠳᠠᠪᠤᠷᠢ᠂ ᠰᠡᠳᠬᠢᠬᠦ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠶᠢ ᠣᠷᠳᠣ ᠬᠤᠭᠤᠴᠠᠭ᠎ᠠ ᠪᠠᠷ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ