﹇2024 ᠣᠨ ᠤ ᠭᠤᠷᠪᠠᠳᠤᠭᠠᠷ ᠬᠤᠭᠤᠴᠠᠭ᠎ᠠ﹈ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠬᠢᠵᠠᠭᠠᠷ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠦᠷᠲᠡᠭᠡ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/10
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ﹇2016﹈ 1 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠶᠢ ᠬᠡᠷᠡᠭᠵᠢᠭᠦᠯᠬᠦ ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠨᠡᠶᠢᠲᠡ ᠪᠠᠷ ᠢᠶᠠᠨ ᠣᠷᠣᠯᠴᠠᠬᠤ ᠶᠢ ᠦᠨᠡᠨᠬᠦ ᠭᠦᠢᠴᠡᠳᠬᠡᠬᠦ ᠶᠢᠨ ᠲᠤᠰᠠᠳᠠ᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠲᠤᠬᠠᠢ ᠣᠯᠠᠨ ᠨᠡᠶᠢᠲᠡ ᠶᠢᠨ ᠰᠠᠨᠠᠯ ᠪᠠ ᠬᠦᠰᠡᠯ ᠱᠠᠭᠠᠷᠳᠠᠯᠭ᠎ᠠ ᠶᠢ ᠬᠤᠷᠢᠶᠠᠵᠤ᠂ ᠲᠣᠰ ᠲᠥᠷᠥᠯ ᠵᠦᠢᠯ ᠳᠤ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠵᠦ ᠢᠯᠡ ᠨᠡᠶᠢᠲᠡᠯᠡᠬᠦ ᠪᠠᠷ ᠪᠣᠯᠪᠠ᠂ ᠳᠣᠣᠷᠠᠬᠢ ᠮᠡᠲᠦ᠄      ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ      1. ᠲᠥᠷᠥᠯ ᠵᠦᠢᠯ ᠤᠨ ᠨᠡᠷᠡᠶᠢᠳᠦᠯ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠬᠢᠵᠠᠭᠠᠷ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠥᠷᠲᠡᠭᠡ      2. ᠪᠦᠲᠦᠭᠡᠨ ᠪᠠᠶᠢᠭᠤᠯᠬᠤ ᠨᠢᠭᠡᠴᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      3. ᠪᠦᠲᠦᠭᠡᠨ ᠪᠠᠶᠢᠭᠤᠯᠬᠤ ᠭᠠᠵᠠᠷ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ᠂ ᠬᠡᠷᠦᠯᠦᠨ ᠰᠤᠮᠤ᠂ ᠪᠣᠭᠳᠠᠠᠭᠤᠯᠠ ᠰᠤᠮᠤ᠂ ᠠᠷᠤᠬᠠᠰᠢᠶᠠᠲᠤ ᠪᠠᠯᠭᠠᠰᠤ᠂ ᠬᠥᠯᠥᠨ ᠪᠠᠯᠭᠠᠰᠤ᠃      4. ᠶᠡᠷᠦᠩᠬᠡᠢ ᠪᠡᠯᠡ ᠣᠷᠤᠭᠤᠯᠤᠯᠲᠠ ᠵᠢᠴᠢ ᠪᠡᠯᠡ ᠮᠥᠩᠭᠦ ᠶᠢᠨ ᠢᠷᠡᠯᠲᠡ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 4800.00 ᠲᠦᠮᠡᠨ ᠲᠥᠭᠦᠷᠢᠭ᠂ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ ᠮᠥᠩᠭᠦ ᠶᠢ ᠭᠤᠶᠣᠴᠢᠯᠠᠨ᠎ᠠ᠃       5. ᠲᠥᠯᠥᠪᠯᠡᠭᠡᠨ ᠤ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ᠄ 2024 ᠣᠨ ᠤ 5 ᠳ᠋ᠤᠭᠠᠷ ᠰᠠᠷ᠎ᠠ ᠳᠤ ᠪᠠᠷᠢᠯᠭ᠎ᠠ ᠡᠬᠢᠯᠡᠭᠦᠯᠬᠦ ᠪᠠᠷ ᠲᠥᠯᠥᠪᠯᠡᠨ᠎ᠡ᠃      6. ᠪᠦᠲᠦᠭᠡᠨ ᠪᠠᠶᠢᠭᠤᠯᠬᠤ ᠬᠡᠪᠴᠢᠶ᠎ᠡ ᠵᠢᠴᠢ ᠠᠭᠤᠯᠭ᠎ᠠ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠬᠢᠵᠠᠭᠠᠷ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠥᠷᠲᠡᠭᠡ ᠶᠢ ᠰᠢᠨ᠎ᠡ ᠪᠠᠷ 1 ᠪᠠᠶᠢᠭᠤᠯᠵᠤ᠂ ᠬᠡᠷᠡᠭᠯᠡᠬᠦ ᠭᠠᠵᠠᠷ ᠤᠨ ᠲᠠᠯᠠᠪᠠᠶ ᠨᠢ 0.9476 ᠾᠧᠺᠲ᠋ᠠᠷ᠂ ᠪᠠᠷᠢᠯᠭ᠎ᠠ ᠶᠢᠨ ᠲᠠᠯᠠᠪᠠᠶ ᠨᠢ 8400 ᠲᠡᠭᠰᠢ ᠳᠥᠷᠪᠡᠯᠵᠢᠨ ᠮᠧᠲᠷ ᠵᠢᠴᠢ ᠪᠤᠰᠤᠳ ᠳᠠᠭᠠᠯᠲᠠ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠤᠨ᠎ᠠ᠃ ᠭᠠᠯ ᠤᠨᠲᠠᠷᠠᠭᠠᠬᠤ ᠭᠠᠳᠠᠷ ᠥᠷᠲᠡᠭᠡ ᠶᠢ ᠰᠢᠨ᠎ᠡ ᠪᠠᠷ 3 ᠪᠠᠶᠢᠭᠤᠯᠵᠤ᠂ ᠡᠭᠦᠨ ᠳᠤ ᠬᠥᠯᠥᠨ ᠪᠠᠯᠭᠠᠰᠤ ᠶᠢᠨ ᠭᠠᠯ ᠤᠨᠲᠠᠷᠠᠭᠠᠬᠤ ᠭᠠᠳᠠᠷ ᠥᠷᠲᠡᠭᠡ ᠶᠢᠨ ᠬᠡᠷᠡᠭᠯᠡᠬᠦ ᠭᠠᠵᠠᠷ ᠤᠨ ᠲᠠᠯᠠᠪᠠᠶ 0.963 ᠾᠧᠺᠲ᠋ᠠᠷ᠂ ᠪᠠᠷᠢᠯᠭ᠎ᠠ ᠶᠢᠨ ᠲᠠᠯᠠᠪᠠᠶ 500 ᠲᠡᠭᠰᠢ ᠳᠥᠷᠪᠡᠯᠵᠢᠨ ᠮᠧᠲᠷ ᠵᠢᠴᠢ ᠪᠤᠰᠤᠳ ᠳᠠᠭᠠᠯᠲᠠ ᠲᠥᠬᠦᠭᠡᠷᠦᠮᠵᠢ ᠪᠠᠶᠢᠨ᠎ᠠ︔ ᠬᠡᠷᠦᠯᠦᠨ ᠰᠤᠮᠤ ᠶᠢᠨ ᠭᠠᠯ ᠢ ᠰᠡᠷᠭᠡᠶᠢᠯᠡᠨ ᠤᠨᠲᠠᠷᠠᠭᠠᠬᠤ ᠭᠠᠳᠠᠷ ᠥᠷᠲᠡᠭᠡ ᠶᠢᠨ ᠬᠡᠷᠡᠭᠯᠡᠬᠦ ᠭᠠᠵᠠᠷ ᠤᠨ ᠲᠠᠯᠠᠪᠠᠶ ᠨᠢ 0.1164 ᠾᠧᠺᠲ᠋ᠠᠷ᠂ ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠵᠢᠴᠢ ᠪᠤᠰᠤᠳ ᠳᠠᠭᠠᠯᠲᠠ ᠲᠥᠬᠦᠭᠡᠷᠦᠮᠵᠢ ᠪᠠᠶᠢᠨ᠎ᠠ︔ ᠠᠷᠤᠬᠠᠰᠢᠶᠠᠲᠤ ᠪᠠᠯᠭᠠᠰᠤ ᠶᠢᠨ ᠭᠠᠯ ᠤᠨᠲᠠᠷᠠᠭᠠᠬᠤ ᠭᠠᠳᠠᠷ ᠦᠷᠲᠡᠭᠡ ᠶᠢᠨ ᠬᠡᠷᠡᠭᠯᠡᠬᠦ ᠭᠠᠵᠠᠷ ᠤᠨ ᠲᠠᠯᠠᠪᠠᠶ  ᠨᠢ 0.0249 ᠾᠧᠺᠲ᠋ᠠᠷ᠂ ᠪᠠᠷᠢᠯᠭ᠎ᠠ ᠶᠢᠨ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠵᠢᠴᠢ ᠪᠤᠰᠤᠳ ᠳᠠᠭᠠᠯᠲᠠ ᠲᠥᠬᠦᠭᠡᠷᠦᠮᠵᠢ ᠲᠥᠬᠦᠭᠡᠷᠦᠮᠵᠢ ᠪᠠᠶᠢᠨ᠎ᠠ︔ ᠪᠣᠭᠳᠠᠠᠭᠤᠯᠠ ᠰᠤᠮᠤ ᠶᠢᠨ ᠭᠠᠯ ᠢ ᠰᠡᠷᠭᠡᠶᠢᠯᠡᠨ ᠤᠨᠲᠠᠷᠠᠭᠠᠬᠤ ᠭᠠᠳᠠᠷ ᠥᠷᠲᠡᠭᠡ 1᠂ ᠬᠡᠷᠡᠭᠯᠡᠬᠦ ᠭᠠᠵᠠᠷ ᠤᠨ ᠲᠠᠯᠠᠪᠠᠶ ᠨᠢ 0.0409 ᠾᠧᠺᠲ᠋ᠠᠷ᠂ ᠪᠠᠷᠢᠯᠭ᠎ᠠ ᠶᠢᠨ ᠲᠠᠯᠠᠪᠠᠶ ᠨᠢ 842.14 ᠲᠡᠭᠰᠢ ᠳᠥᠷᠪᠡᠯᠵᠢᠨ ᠮᠧᠲᠷ ᠵᠢᠴᠢ ᠪᠤᠰᠤᠳ ᠳᠠᠭᠠᠯᠲᠠ ᠲᠥᠬᠦᠭᠡᠷᠦᠮᠵᠢ ᠪᠠᠶᠢᠨ᠎ᠠ︔      ᠬᠤᠶᠠᠷ᠂ ᠰᠠᠨᠠᠯ ᠬᠤᠷᠢᠶᠠᠬᠤ ᠭᠤᠣᠯ ᠵᠦᠢᠯ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ      1. ᠰᠠᠨᠠᠯ ᠬᠤᠷᠢᠶᠠᠬᠤ ᠭᠤᠣᠯ ᠵᠦᠢᠯ᠄      ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠯᠢ ᠬᠢᠵᠠᠭᠠᠷ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠥᠷᠲᠡᠭᠡ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ ᠪᠠᠶᠢᠬᠤ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠲᠣᠰ ᠲᠥᠷᠥᠯ ᠵᠦᠢᠯ ᠳᠤ ᠶᠠᠮᠠᠷ ᠬᠦᠰᠡᠯ ᠱᠠᠭᠠᠷᠳᠠᠯᠭ᠎ᠠ ᠲᠠᠢ ᠪᠠᠶᠢᠬᠤ ᠵᠢᠴᠢ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠵᠦᠢ ᠵᠣᠬᠢᠰᠲᠠᠢ ᠪᠥᠭᠡᠳ ᠪᠣᠯᠣᠮᠵᠢᠲᠠᠢ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠬᠡᠷᠡᠭᠵᠢᠭᠦᠯᠬᠦ ᠵᠡᠷᠭᠡ ᠠᠭᠤᠯᠭ᠎ᠠ ᠪᠠᠭᠠᠷᠠᠨ᠎ᠠ᠃      2. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠲᠦᠮᠡᠨ ᠤᠲᠠᠰᠤ ᠪᠠᠷ ᠳᠡᠮᠵᠢᠨ ᠦᠨᠡᠯᠡᠨ ᠵᠢᠱᠢᠬᠦ ᠭᠤᠣᠯ ᠴᠣᠭᠴᠠ ᠨᠢᠭᠡᠴᠡ ᠵᠢᠴᠢ ᠦᠨᠡᠯᠡᠨ ᠵᠢᠱᠢᠬᠦ ᠨᠢᠭᠡᠴᠡ ᠲᠠᠢ ᠬᠠᠷᠢᠯᠴᠠᠵᠤ᠂ ᠰᠠᠨᠠᠯ᠂ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠦᠬᠦᠢ ᠭᠤᠮᠣᠳᠠᠯ ᠱᠠᠭᠠᠷᠳᠠᠯᠭ᠎ᠠ ᠪᠠᠨ ᠳᠤᠷᠠᠳᠴᠤ ᠪᠣᠯᠣᠨ᠎ᠠ᠃      3. ᠢᠯᠡ ᠨᠡᠶᠢᠲᠡᠯᠡᠬᠦ ᠶᠢᠨ ᠡᠬᠢᠯᠡᠵᠦ ᠳᠠᠭᠤᠰᠬᠤ ᠴᠠᠭ᠄ ᠲᠣᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠃      ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠡᠯᠪᠡᠷᠢ      1. ᠦᠨᠡᠯᠡᠨ ᠵᠢᠱᠢᠬᠦ ᠭᠤᠣᠯ ᠴᠣᠭᠴᠠ ᠨᠢᠭᠡᠴᠡ ᠵᠢᠴᠢ ᠬᠠᠷᠢᠯᠴᠠᠬᠤ ᠤᠲᠠᠰᠤ      ᠦᠨᠡᠯᠡᠨ ᠵᠢᠱᠢᠬᠦ ᠭᠤᠣᠯ ᠴᠣᠭᠴᠠ ᠨᠢᠭᠡᠴᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      2. ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠭᠰᠠᠨ ᠨᠢᠭᠡᠴᠡ       ᠨᠢᠭᠡᠴᠡ ᠶᠢᠨ ᠨᠡᠷᠡᠶᠢᠳᠦᠯ᠄ ᠬᠥᠯᠥᠨ ᠪᠤᠶᠢᠷ ᠤᠨ ᠾᠧ ᠯᠢᠨ ᠲᠦᠭᠰᠢᠭᠦᠷᠢ ᠶᠢᠨ ᠮᠡᠳᠡᠭᠡ ᠵᠠᠩᠭᠢ ᠶᠢᠨ ᠯᠠᠪᠯᠠᠯᠲᠠ ᠬᠢᠬᠦ ᠬᠢᠵᠠᠭᠠᠷᠲᠤ ᠺᠣᠮᠫᠠᠨᠢ       ᠬᠠᠷᠢᠯᠴᠠᠬᠤ ᠬᠥᠮᠥᠨ᠄ ᠰᠥᠩ ᠬᠥᠩ                    ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ                                      2024 ᠣᠨ ᠤ 5 ᠰᠠᠷ᠎ᠠ ᠶᠢᠨ 6 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ