ᠵᠢᠯ ᠤᠨ ᠡᠬᠢᠨ ᠠᠴᠠ ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠤᠯᠠᠨ ᠬᠦᠷᠢᠶ᠎ᠡ ᠴᠠᠷᠠᠭ᠎ᠠ ᠳᠤ ᠠᠵᠤ | ᠠᠬᠤᠢ ᠶᠢᠨ ᠨᠡᠮᠡᠭᠳᠡᠯ ᠤᠨ ᠴᠡᠭ ᠢ ᠲᠥᠯᠥᠪᠵᠢᠭᠦᠯᠵᠦ᠂ ᠪᠦᠬᠦ ᠬᠦᠴᠦᠨ ᠢᠶᠠᠷ ᠢᠶᠠᠨ ᠬᠡᠳᠡᠷᠬᠦ ᠪᠠᠭᠤᠷᠠᠬᠤ ᠬᠡᠪᠴᠢᠶ᠎ᠡ ᠶᠢ ᠪᠠᠭᠠᠰᠬᠠᠪᠠ᠃ 1 - 4 ᠳ᠋ᠦ᠋ᠭᠡᠷ ᠰᠠᠷ᠎ᠠ ᠳᠤ᠂ | ᠭᠤᠣᠯᠳᠠᠯᠭ᠎ᠠ ᠲᠠᠢ ᠲᠤᠯᠭᠠᠭᠤᠷᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠳᠡᠭᠡᠭᠰᠢᠯᠡᠯᠲᠡ ᠶᠢᠨ ᠨᠥᠯᠥᠭᠡ ᠠᠴᠠ ᠪᠣᠯᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠪᠠᠭᠤᠷᠠᠯᠲᠠ ᠶᠢᠨ ᠬᠡᠮᠵᠢᠶ᠎ᠡ ᠡᠳᠦᠢ ᠲᠡᠳᠦᠢ ᠪᠠᠭᠠᠰᠴᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠪᠤᠷᠢᠵᠢᠵᠤ᠂ ᠪᠦᠳᠦᠭᠡᠨ ᠪᠠᠶᠢᠭᠤᠯᠤᠯᠲᠠ ᠶᠢᠨ ᠬᠦᠷᠢᠶ᠎ᠡ | ᠬᠡᠪᠴᠢᠶ᠎ᠡ ᠥᠨᠳᠥᠷ ᠪᠣᠯᠵᠤ᠂ ᠪᠦᠬᠦᠯᠢ ᠴᠣᠭᠴᠠ ᠶᠢᠨ ᠠᠵᠤ ᠠᠬᠤᠢ ᠰᠠᠶᠢᠵᠢᠷᠠᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠯᠲᠠ ᠶᠢᠨ ᠬᠡᠮᠵᠢᠶ᠎ᠡ ᠪᠠᠭᠠᠰᠪᠠ | 1 - 4 ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 15.0% ᠪᠠᠷ ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 32.2 ᠵᠠᠭᠤᠨ ᠤ ᠨᠢᠭᠡᠴᠢ ᠪᠠᠭᠤᠷᠠᠵᠤ᠂ ᠠᠳᠠᠯᠢ | ᠬᠤᠭᠤᠴᠠᠭᠠᠨ ᠤ ᠬᠢ ᠠᠴᠠ 8.1 ᠵᠠᠭᠤᠨ ᠤ ᠴᠡᠭ ᠳᠡᠭᠡᠭᠰᠢᠯᠡᠪᠡ᠃ | ᠪᠦᠲᠦᠭᠡᠭᠳᠡᠬᠦᠨ ᠤ ᠭᠠᠷᠤᠯᠲᠠ ᠠᠴᠠ ᠦᠵᠡᠪᠡᠯ᠂ ᠪᠥᠬᠦ ᠬᠤᠰᠢᠭᠤᠨ ᠤ ᠭᠤᠤᠯ ᠪᠣᠯᠬᠤ 4 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ | ᠵᠥᠪᠬᠡᠨ 1 ᠵᠦᠢᠯ ᠤᠨ ᠦᠢᠯᠡᠳᠬᠦᠨ ᠤ ᠭᠠᠷᠤᠯᠲᠠ ᠨᠡᠮᠡᠭᠳᠡᠵᠦ᠂ 1 ᠵᠦᠢᠯ ᠤᠨ ᠦᠢᠯᠡᠳᠬᠦᠨ ᠤ ᠭᠠᠷᠤᠯᠲᠠ ᠶᠡᠭᠡ ᠪᠠᠷ ᠪᠠᠭᠤᠷᠠᠵᠤ᠂ ᠪᠣᠳᠠᠲᠠᠶ ᠢᠯᠡᠷᠡᠯ ᠨᠢ ᠭᠡᠪᠡᠯ᠂ | ᠬᠦᠷᠡᠩ ᠨᠡᠭᠦᠷᠡᠰᠦ ᠠᠳᠠᠯᠢ ᠬᠤᠭᠤᠴᠠᠭᠠᠨ ᠤ ᠬᠢ ᠠᠴᠠ 53.3% ᠪᠠᠷ ᠨᠡᠮᠡᠭᠳᠡᠵᠦ᠂ ᠴᠣᠬᠤᠢ ᠠᠳᠠᠯᠢ ᠬᠤᠭᠤᠴᠠᠭᠠᠨ ᠤ ᠬᠢ ᠠᠴᠠ 42.4% ᠪᠠᠷ ᠪᠠᠭᠤᠷᠠᠵᠤ᠂ | ᠵᠡᠰ ᠤᠨ ᠨᠠᠷᠢᠯᠢᠭ ᠬᠦᠳᠡᠷ ᠤᠨ ᠨᠤᠨᠳᠠᠭ ᠠᠳᠠᠯᠢ ᠬᠤᠭᠤᠴᠠᠭᠠᠨ ᠤ ᠬᠢ ᠠᠴᠠ 2.0% ᠪᠠᠷ ᠪᠠᠭᠤᠷᠠᠵᠤ᠂ ᠴᠠᠬᠢᠯᠭᠠᠨ ᠭᠠᠷᠭᠠᠬᠤ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 1.7% ᠪᠠᠷ ᠪᠠᠭᠤᠷᠠᠪᠠ᠃ | ᠬᠤᠶᠠᠷ᠂ ᠪᠡᠯᠡ ᠣᠷᠤᠭᠤᠯᠤᠯᠲᠠ ᠥᠷᠭᠦᠯᠵᠢᠯᠡᠨ ᠲᠥᠷᠭᠡᠨ ᠨᠡᠮᠡᠭᠳᠡᠪᠡ | 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ ᠨᠡᠶᠢᠲᠡ 8 ᠪᠠᠶᠢᠵᠤ᠂ ᠡᠭᠦᠨ ᠳᠤ ᠠᠵᠤ | ᠦᠢᠯᠡᠳᠪᠦᠷᠢ ᠶᠢᠨ ᠲᠥᠷᠥᠯ ᠵᠦᠢᠯ 6 ᠪᠣᠶ᠃ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠲᠤᠭᠲᠠᠮᠠᠯ ᠬᠦᠷᠤᠩᠬᠡ ᠶᠢᠨ ᠪᠡᠯᠡ ᠤᠷᠤᠭᠤᠯᠤᠯᠳᠠ | ᠠᠳᠠᠯᠢ ᠬᠤᠭᠤᠴᠠᠭᠠᠨ ᠤ ᠬᠢ ᠠᠴᠠ 103.4% ᠪᠠᠷ ᠨᠡᠮᠡᠭᠳᠡᠵᠤ᠂ ᠡᠬᠦᠨ ᠳᠤ ᠠᠵᠤ ᠤᠶᠢᠯᠡᠤᠨᠪᠤᠷᠢ ᠶᠢᠨ ᠪᠡᠯᠡ ᠤᠷᠤᠭᠤᠯᠤᠯᠳᠠ ᠠᠳᠠᠯᠢ | ᠬᠤᠭᠤᠴᠠᠭᠠᠨ ᠤ ᠬᠢ ᠠᠴᠠ 124.3% ᠪᠠᠷ ᠨᠡᠮᠡᠭᠳᠡᠪᠡ᠃ | ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠨᠡᠮᠡᠭᠳᠡᠯ ᠨᠡᠯᠢᠶᠡᠳ ᠰᠠᠶᠢᠨ ᠪᠠᠶᠢᠨ᠎ᠠ᠃ 1 - 4 ᠳ᠋ᠦ᠋ᠭᠡᠷ ᠰᠠᠷ᠎ᠠ ᠳᠤ᠂ ᠲᠠᠸᠠᠷ ᠤᠨ ᠬᠡᠷ | ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 24875 ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 217.9% ᠪᠠᠷ ᠨᠡᠮᠡᠭᠳᠡᠪᠡ︔ | ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 10524 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 207. | 4% ᠪᠠᠷ ᠨᠡᠮᠡᠭᠳᠡᠪᠡ᠃ | ᠭᠤᠷᠪᠠ᠂ ᠳᠣᠲᠣᠭᠠᠳᠤ ᠭᠠᠳᠠᠭᠠᠳᠤ ᠠᠷᠠᠯᠵᠢᠶ᠎ᠠ ᠦᠷᠭᠦᠯᠵᠢᠯᠡᠨ ᠨᠡᠮᠡᠭᠳᠡᠪᠡ | 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 21308.5 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠲᠣᠭᠲᠠᠭᠤᠨ ᠢᠶᠠᠷ ᠨᠡᠮᠡᠭᠳᠡᠪᠡ᠃ 1 - 4 ᠳ᠋ᠦ᠋ᠭᠡᠷ ᠰᠠᠷ᠎ᠠ ᠳᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠠᠷᠠᠯᠵᠢᠶᠠᠨ ᠤ ᠠᠷᠠᠯᠵᠢᠶ᠎ᠠ ᠪᠦᠲᠦᠭᠰᠡᠨ ᠲᠤᠭ᠎ᠠ 8016 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 175.3% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠪᠦᠲᠦᠭᠰᠡᠨ ᠨᠣᠷᠮ᠎ᠠ 5491 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 277.6% ᠪᠠᠷ ᠨᠡᠮᠡᠭᠳᠡᠨ᠂ ᠭᠠᠳᠠᠭᠠᠳᠤ ᠭᠠᠷᠭᠠᠯᠲᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ | 2525 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 73.2% ᠢᠶᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ 21962 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.0% ᠢᠶᠠᠷ ᠪᠠᠭᠤᠷᠠᠪᠠ᠃ ᠡᠭᠦᠨ ᠳᠤ᠂ | ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠬᠡᠮᠵᠢᠶ᠎ᠡ 11251 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.3% ᠪᠠᠷ ᠪᠠᠭᠤᠷᠠᠵᠤ᠂ | ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 10711 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 199.4% ᠪᠠᠷ ᠨᠡᠮᠡᠭᠳᠡᠪᠡ︔ | ᠬᠢᠯᠢ ᠪᠠᠷ ᠣᠷᠣᠵᠤ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 25859 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 335.3% ᠪᠠᠷ ᠨᠡᠮᠡᠭᠳᠡᠪᠡ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 12371 ᠬᠥᠮᠦᠨ ᠤᠳᠠᠭ᠎ᠠ ᠳᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 337.4% ᠪᠠᠷ ᠨᠡᠮᠡᠭᠳᠡᠨ᠂ ᠬᠢᠯᠢ ᠪᠠᠷ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 13488 ᠬᠥᠮᠦᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 333.3% ᠪᠠᠷ ᠨᠡᠮᠡᠭᠳᠡᠪᠡ᠃ | ᠳᠦᠷᠪᠡ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠲᠣᠭᠲᠠᠭᠤᠨ ᠢᠶᠠᠷ ᠨᠡᠮᠡᠭᠳᠡᠪᠡ | 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 20232 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 14.3% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 44960 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠪᠡ᠃ | 4 ᠰᠠᠷ᠎ᠠ ᠶᠢᠨ ᠰᠡᠭᠦᠯᠴᠢ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 209726 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ᠂ ᠡᠭᠦᠨ ᠳᠤ ᠰᠠᠭᠤᠭᠠᠯᠢ ᠡᠷᠦᠬᠡ ᠶᠢᠨ ᠬᠠᠳᠠᠭᠠᠯᠠᠮᠵᠢ 159207 | ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ | ᠵᠢᠭᠡᠯᠡᠯᠭᠡ ᠶᠢᠨ ᠦᠯᠡᠳᠡᠪᠦᠷᠢ 154880 ᠲᠦᠮᠡᠨ ᠲᠦᠬᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ᠃ | ᠶᠡᠷᠦᠩᠬᠡᠶ ᠳᠤᠨᠢ ᠠᠪᠴᠤ ᠦᠵᠡᠪᠡᠯ᠂ 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠶ ᠮᠥᠨ ᠯᠡ ᠪᠠᠭᠤᠷᠠᠬᠤ ᠬᠠᠨᠳᠤᠰᠢ ᠪᠠᠨ ᠪᠠᠲᠤᠯᠠᠵᠤ᠂ | ᠲᠠᠷᠠᠭᠠᠴᠢ ᠶᠢᠨ ᠱᠠᠲᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ ᠳᠤᠲᠠᠭᠤᠳᠠᠯ ᠢᠶᠠᠨ ᠨᠥᠬᠦᠪᠥᠷᠢᠯᠡᠵᠦ᠂ ᠡᠮᠦᠨ᠎ᠡ ᠨᠢ ᠬᠦᠴᠦᠯᠡᠨ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢᠨ ᠲᠤᠯᠭᠠᠭᠤᠷᠢᠯᠠᠯ ᠤᠨ ᠴᠡᠭ᠂ ᠭᠤᠤᠯ ᠪᠣᠯᠬᠤ ᠭᠦᠢᠴᠡᠳᠬᠡᠯ ᠲᠤᠭ᠎ᠠ ᠶᠢᠨ ᠳᠠᠯᠳᠠ | ᠬᠦᠴᠦᠨ ᠤ ᠴᠡᠭ ᠪᠠ ᠪᠠᠭᠤᠷᠠᠶ ᠭᠤᠭᠴᠤᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠤᠯ ᠰᠢᠪᠲᠤᠯᠤᠯᠲᠠ ᠶᠢᠨ ᠴᠢᠭᠯᠡᠯ ᠪᠣᠯᠤᠨ ᠬᠦᠴᠦᠯᠡᠬᠦ ᠴᠡᠭ ᠢ | ᠲᠣᠳᠣᠷᠬᠠᠶᠢᠯᠠᠵᠤ᠂ ᠨᠠᠩ ᠶᠡᠭᠡ ᠡᠷᠴᠢ ᠵᠣᠷᠢᠭ ᠪᠣᠯᠤᠨ ᠡᠷᠴᠢᠮ ᠢᠶᠠᠷ ᠪᠥᠬᠦ ᠬᠤᠰᠢᠭᠤᠨ ᠤ ᠠᠵᠤ ᠠᠬᠤᠶ ᠶᠢᠨ ᠰᠠᠶᠢᠵᠢᠷᠠᠯᠲᠠ ᠲᠠᠢ ᠬᠥᠭᠵᠢᠯᠲᠡ ᠶᠢ ᠴᠢᠷᠮᠠᠶᠢᠨ | ᠠᠬᠢᠭᠤᠯᠤᠨ᠎ᠠ᠃ | | |