ᠬᠠᠤᠯᠢ ᠴᠠᠭᠠᠵᠠ ᠶᠢᠨ ᠲᠣᠪᠴᠢᠶᠠᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠬᠢᠷᠠᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/21
ᠡᠯ᠎ᠡ ᠲᠠᠰᠤᠭ᠂ ᠬᠠᠤᠯᠢ ᠴᠠᠭᠠᠵᠠ ᠶᠢᠨ ᠭᠠᠵᠠᠷ ᠲᠤ᠄      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠠᠮᠵᠢᠨ᠂ ᠲᠣᠪᠴᠢᠶᠠᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ᠄      ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠨᠠᠷᠠᠰᠤ᠂ ᠬᠠᠤᠯᠢ ᠴᠠᠭᠠᠵᠠ ᠶᠢᠨ ᠲᠣᠪᠴᠢᠶ᠎ᠠ ᠶᠢᠨ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠠᠮ ᠤᠨ ᠡᠭᠦᠷ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠠᠵᠢᠯ ᠢ ᠬᠤᠪᠢᠳᠠᠨ ᠬᠠᠮᠢᠶᠠᠷᠤᠨ᠎ᠠ᠃      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠤᠩ ᠭᠤᠸᠠᠩ᠂ ᠲᠣᠪᠴᠢᠶᠠᠨ ᠳᠠᠷᠤᠭ᠎ᠠ ᠶᠢ ᠬᠠᠮᠵᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠤᠨ ᠬᠢᠨᠠᠬᠤ ᠲᠠᠰᠤᠭ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠲᠠᠰᠤᠭ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠰᠤᠭ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ᠂ ᠠᠯᠪᠠᠨ ᠭᠡᠷᠡᠴᠢᠯᠡᠭᠡ ᠶᠢᠨ ᠭᠠᠵᠠᠷ ᠢ ᠬᠤᠪᠢᠳᠠᠨ ᠬᠠᠮᠢᠶᠠᠷᠤᠨ᠎ᠠ᠃      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠭᠦᠸᠧ ᠰᠢᠶᠠ᠂ ᠲᠣᠪᠴᠢᠶᠠᠨ ᠳᠠᠷᠤᠭ᠎ᠠ ᠶᠢ ᠬᠠᠮᠵᠢᠨ ᠬᠠᠤᠯᠢ ᠶᠣᠰᠣᠭᠠᠷ ᠬᠤᠰᠢᠭᠤ ᠶᠢ ᠵᠠᠰᠠᠬᠤ᠂ ᠠᠯᠪᠠᠨ ᠭᠡᠷ᠂ ᠤᠯᠤᠰ ᠲᠦᠷᠦ ᠶᠢᠨ ᠴᠠᠭᠳᠠᠭᠠᠨ ᠤ ᠶᠠᠪᠤᠳᠠᠯ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠤᠯᠢ ᠶᠣᠰᠣᠭᠠᠷ ᠬᠤᠰᠢᠭᠤ ᠶᠢ ᠵᠠᠰᠠᠬᠤ ᠠᠯᠪᠠᠨ ᠭᠡᠷ ᠤᠨ ᠨᠠᠷᠢᠨ ᠪᠢᠴᠢᠭᠡᠴᠢ ᠶᠢᠨ ᠲᠠᠰᠤᠭ ᠂ ᠬᠠᠤᠯᠢ ᠪᠠᠷ ᠵᠠᠰᠠᠬᠤ ᠶᠢ ᠬᠢᠨᠠᠨ ᠪᠠᠶᠢᠴᠠᠭᠠᠬᠤ ᠲᠠᠰᠤᠭ᠂ ᠠᠯᠪᠠᠨ ᠭᠡᠷ᠂ ᠤᠯᠤᠰ ᠲᠥᠷᠥ ᠶᠢᠨ ᠴᠠᠭᠳᠠᠭᠠᠨ ᠤ ᠠᠵᠢᠯ ᠤᠨ ᠲᠠᠰᠤᠭ ᠢ ᠬᠤᠪᠢᠳᠠᠨ ᠬᠠᠮᠢᠶᠠᠷᠤᠨ᠎ᠠ᠃      ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠼᠠᠢ ᠱᠢ ᠮᠢᠩ᠂ ᠲᠣᠪᠴᠢᠶᠠᠨ ᠳᠠᠷᠤᠭ᠎ᠠ ᠶᠢ ᠬᠠᠮᠵᠢᠨ ᠬᠠᠤᠯᠢ ᠴᠠᠭᠠᠵᠠ ᠶᠢᠨ ᠤᠬᠠᠭᠤᠯᠭ᠎ᠠ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ᠂ ᠲᠣᠨᠣᠭᠯᠠᠯ ᠡᠳ᠋ ᠤᠨ ᠶᠠᠪᠤᠳᠠᠯ᠂ ᠦᠨᠳᠦᠰᠦᠨ ᠱᠠᠲᠤᠨ ᠤ ᠰᠠᠭᠤᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠲᠠᠰᠤᠭ᠂ ᠲᠣᠨᠣᠭᠯᠠᠯ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠲᠠᠰᠤᠭ᠂ ᠠᠷᠠᠳ ᠲᠦᠮᠡᠨ ᠤ ᠬᠠᠤᠯᠢ ᠪᠠᠷ ᠵᠠᠰᠠᠬᠤ ᠲᠠᠰᠤᠭ᠂ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠤᠯᠢ ᠬᠡᠷᠡᠭᠵᠢᠭᠦᠯᠬᠦ ᠶᠡᠭᠡ ᠠᠩᠭᠢ᠂ ᠡᠯ᠎ᠡ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠢ ᠬᠤᠪᠢᠳᠠᠨ ᠬᠠᠮᠢᠶᠠᠷᠤᠨ᠎ᠠ᠃                         ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                                 2024 ᠣᠨ ᠤ 6 ᠰᠠᠷ᠎ᠠ ᠶᠢᠨ 17 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ