ᠰᠡᠳᠬᠢᠯ ᠢ ᠲᠠᠲᠠᠭᠰᠠᠨ ᠲᠠᠯ᠎ᠠ ᠨᠤᠲᠤᠭ ᠤᠨ ᠵᠢᠭᠤᠯᠴᠢᠯᠠᠯ
ᠨᠡᠶᠢᠲᠡᠯᠡᠭᠰᠡᠨ ᠴᠠᠭ᠄
2024/7/22
      ᠮᠠᠰᠢᠨ ᠲᠡᠷᠭᠡ ᠪᠠᠷ ᠬᠦᠯᠦᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠮᠢᠵᠢᠳᠳᠣᠷᠵᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠬᠦ ᠳᠤ᠂ ᠴᠣᠩᠬᠤᠨ ᠭᠠᠳᠠᠨᠠᠬᠢ ᠰᠡᠳᠬᠢᠯ ᠰᠡᠷᠭᠦᠭᠡᠮ᠎ᠡ ᠪᠠᠶᠢᠭᠠᠯᠢ ᠶᠢᠨ ᠥᠩᠭᠡ ᠦᠵᠡᠮᠵᠢ ᠨᠢ ᠬᠦᠮᠦᠰ ᠲᠤ ᠴᠡᠪᠡᠷ ᠲᠤᠩᠭᠠᠯᠠᠭ ᠪᠦᠭᠡᠳ ᠲᠠᠭᠠᠯᠠᠮᠵᠢᠲᠠᠢ ᠲᠦᠷᠦᠭᠳᠡᠯ ᠥᠭᠳᠡᠭ᠃ ᠬᠦᠬᠡ ᠴᠡᠩᠬᠡᠷ ᠣᠭᠲᠠᠷᠭᠤᠢ ᠳᠤ ᠬᠦᠪᠦᠩ ᠴᠠᠭᠠᠨ ᠡᠭᠦᠯᠡ ᠬᠦᠪᠦᠯᠵᠡᠵᠦ᠂ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠠᠭᠤᠳᠠᠮ ᠲᠡᠨᠢᠭᠡᠷ ᠲᠠᠯ᠎ᠠ ᠨᠤᠲᠤᠭ ᠨᠣᠮᠢᠨ ᠳᠠᠪᠠᠭ᠎ᠠ ᠬᠠᠶᠠᠯᠠᠨ᠂ ᠮᠠᠩᠨᠤᠭ ᠨᠣᠭᠤᠭᠠᠨ ᠲᠠᠯ᠎ᠠ ᠳᠤ ᠮᠠᠯ ᠰᠦᠷᠦᠭ ᠲᠠᠷᠬᠠᠨ ᠪᠡᠯᠴᠢᠵᠦ᠂ ᠲᠠᠨᠠᠨ ᠴᠠᠭᠠᠨ ᠮᠣᠩᠭᠤᠯ ᠭᠡᠷ ᠤᠳ ᠨᠡᠯᠦᠭᠡᠷ ᠠᠭᠤᠳᠠᠮ ᠲᠠᠯ᠎ᠠ ᠶᠢᠨ ᠦᠷᠦᠴᠡᠨ ᠳᠤ ᠠᠰᠬᠠᠭᠰᠠᠨ ᠰᠣᠪᠣᠳ ᠮᠡᠲᠦ ᠲᠦᠭᠡᠵᠦ ᠬᠠᠷᠠᠭᠳᠠᠨ᠎ᠠ᠃
7.22图1.png
     ᠥᠩᠭᠡ ᠦᠵᠡᠮᠵᠢ ᠰᠣᠨᠢᠷᠬᠠᠬᠤ᠂ ᠦᠨᠢᠶ᠎ᠡ ᠰᠠᠭᠠᠬᠤ᠂ ᠬᠤᠷᠠᠭ᠎ᠠ ᠤᠭᠵᠢᠬᠤ᠂ ᠮᠣᠷᠢ ᠤᠨᠤᠬᠤ᠂ ᠰᠤᠷ ᠬᠠᠷᠪᠤᠬᠤ᠂ ᠮᠤᠬᠤᠯᠠᠭ ᠲᠡᠷᠭᠡᠨ ᠳᠤ ᠰᠠᠭᠤᠬᠤ ᠵᠡᠷᠭᠡ ᠲᠠᠯ᠎ᠠ ᠨᠤᠲᠤᠭ ᠤᠨ ᠭᠤᠶᠣ ᠰᠠᠶᠢᠬᠠᠨ ᠭᠤᠶᠣ ᠦᠵᠡᠮᠵᠢ ᠵᠢᠴᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠨᠢ ᠵᠢᠭᠤᠯᠴᠢᠯᠠᠭᠰᠠᠳ ᠤᠨ ᠤᠷᠮ᠎ᠠ ᠪᠠᠬ᠎ᠠ ᠶᠢ ᠬᠦᠴᠦᠲᠡᠢ ᠲᠠᠲᠠᠨ᠎ᠠ᠃ ᠮᠢᠵᠢᠳᠳᠣᠷᠵᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠥᠩᠭᠡ ᠦᠵᠡᠮᠵᠢ ᠪᠦᠷᠢᠳᠦᠭᠰᠡᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠬᠤ ᠪᠠᠷ ᠪᠠᠷᠠᠬᠤ ᠦᠭᠡᠢ᠂ ᠰᠣᠶᠣᠯ ᠢ ᠪᠡᠶᠡᠴᠢᠯᠡᠨ ᠣᠶᠢᠯᠠᠭᠠᠬᠤ ᠴᠢᠬᠤᠯᠠ ᠭᠠᠵᠠᠷ ᠪᠣᠯᠬᠤ ᠶᠤᠮ᠃ ᠠᠳᠡ ᠵᠢᠭᠤᠯᠴᠢᠯᠠᠭᠰᠠᠳ ᠲᠤᠬᠠᠢ ᠶᠢᠨ ᠭᠠᠵᠠᠷ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠳᠤ ᠣᠷᠣᠯᠴᠠᠵᠤ᠂ ᠮᠣᠩᠭᠤᠯ ᠦᠨᠳᠦᠰᠦᠲᠡᠨ ᠤ ᠰᠣᠶᠣᠯ ᠤᠨ ᠦᠪᠡᠷᠮᠢᠴᠡ ᠷᠢᠳᠢ ᠰᠢᠳᠢ ᠶᠢ ᠣᠶᠢᠯᠠᠭᠠᠨ᠂ ᠲᠤᠬᠠᠢ ᠶᠢᠨ ᠭᠠᠵᠠᠷ ᠤᠨ ᠣᠨᠴᠠᠯᠢᠭ ᠲᠠᠢ ᠠᠮᠲᠠᠲᠤ ᠢᠳᠡᠭᠡᠨ ᠠᠴᠠ ᠠᠮᠲᠠᠯᠠᠵᠤ ᠪᠣᠯᠣᠨ᠎ᠠ᠃
7.22图2.jpg
     ᠠᠮᠢ ᠠᠬᠤᠢ ᠶᠢᠨ ᠵᠢᠭᠤᠯᠴᠢᠯᠠᠯ ᠤᠨ ᠦᠷᠨᠢᠩᠭᠦᠢ ᠬᠦᠭᠵᠢᠯᠲᠡ ᠨᠢ ᠠᠬᠤᠢ ᠪᠠᠶᠠᠨ ᠪᠠᠶᠢᠭᠠᠯᠢ ᠶᠢᠨ ᠠᠳᠠᠪᠠᠰᠢ ᠶᠡᠭᠡ ᠪᠠᠶᠠᠯᠢᠭ ᠪᠣᠯᠭᠠᠨ ᠬᠤᠪᠢᠷᠠᠭᠤᠯᠬᠤ ᠠᠰᠢᠭᠲᠠᠢ ᠬᠠᠶᠢᠨ ᠰᠦᠪᠡᠭᠴᠢᠯᠡᠯᠲᠡ ᠪᠣᠯᠵᠤ᠂ ᠦᠵᠡᠰᠬᠦᠯᠡᠩᠲᠦ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠨᠢ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠬᠦᠳᠡᠯᠭᠡᠬᠦ ᠬᠦᠴᠦᠨ ᠪᠣᠯᠣᠭᠰᠠᠨ ᠪᠠᠶᠢᠨ᠎ᠠ᠃ ᠥᠨᠥ ᠵᠢᠯ᠂ ᠰᠢᠨ᠎ᠡ ᠪᠠᠷᠭᠤ ᠪᠠᠷᠠᠭᠤᠨ ᠬᠤᠰᠢᠭᠤ ᠣᠩᠭᠤᠨ ᠪᠠᠶᠢᠭᠠᠯᠢ ᠨᠤᠲᠤᠭ ᠤᠰᠤᠨ ᠤ ᠰᠣᠶᠣᠯ ᠪᠣᠯᠪᠠᠰᠤᠨ᠂ ᠦᠨᠳᠦᠰᠦᠲᠡᠨ ᠤ ᠵᠠᠩ ᠵᠠᠩᠰᠢᠯ᠂ ᠣᠷᠣᠨ ᠨᠤᠲᠤᠭ ᠤᠨ ᠠᠮᠲᠠᠲᠤ ᠢᠳᠡᠭᠡᠨ ᠵᠡᠷᠭᠡ ᠡᠬᠡ ᠪᠠᠶᠠᠯᠢᠭ ᠲᠠᠭᠠᠨ ᠲᠦᠰᠢᠭᠯᠡᠨ᠂ ᠣᠨᠴᠠᠯᠢᠭᠲᠤ ᠵᠠᠮ ᠢᠶᠠᠷ ᠵᠠᠮᠨᠠᠵᠤ᠂ ᠵᠢᠭᠤᠯᠴᠢᠯᠠᠯ ᠤᠨ ᠰᠠᠭᠤᠷᠢ ᠲᠦᠬᠦᠭᠡᠷᠦᠮᠵᠢ ᠪᠠᠨ ᠰᠢᠨᠡᠳᠬᠡᠨ᠂ ᠪᠣᠭᠳᠠ ᠠᠭᠤᠯᠠ ᠵᠤᠰᠠᠯᠠᠩ᠂ ᠵᠡᠭᠦᠨ ᠰᠦᠮ᠎ᠡ ᠭᠠᠴᠠᠭ᠎ᠠ ︵ᠵᠢᠭᠤᠯᠴᠢᠯᠠᠯ ᠤᠨ ᠲᠣᠰᠬᠤᠨ︶᠂ ᠬᠡᠷᠦᠯᠦᠨ ᠤ ᠵᠤᠰᠠᠯᠠᠩ ᠵᠡᠷᠭᠡ ᠨᠢᠭᠡ ᠬᠡᠰᠡᠭ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠡᠭᠦᠳᠴᠦ᠂ ᠲᠠᠯ᠎ᠠ ᠨᠤᠲᠤᠭ ᠤᠨ ︽ᠶᠡᠭᠡ ᠠᠮᠢ ᠠᠬᠤᠢ ᠶᠢᠨ ᠬᠦᠷᠢᠶ᠎ᠡ︾ ᠶᠢ ᠨᠡᠭᠡᠭᠡᠭᠰᠡᠨ ᠪᠠᠶᠢᠨ᠎ᠠ᠃
7.22图3.png
              ᠰᠤᠷᠪᠤᠯᠵᠢᠯᠠᠭᠴᠢ᠄ ᠤᠶᠠᠬᠠᠨ   ᠵᠢᠶᠣᠤ ᠵᠢᠶᠣᠤ   ᠢᠦᠢ ᠭᠤᠸᠠᠩ
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ