ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ | ᠥᠭᠡᠷᠡᠴᠢᠯᠡᠯᠲᠡ ᠶᠢᠨ ᠲᠥᠰᠥᠯ ᠶᠣᠰᠣᠭᠠᠷ ᠪᠠᠶᠢᠭᠤᠯᠤᠨ ᠳᠠᠭᠤᠰᠬᠠᠵᠤ᠂ 5 ᠰᠠᠷ᠎ᠠ ᠶᠢᠨ 11 ᠤ ᠡᠳᠦᠷ ᠵᠢᠩᠬᠢᠨᠢ ᠪᠠᠷ ᠫᠠᠶᠢᠰᠠ ᠡᠯᠭᠦᠨ᠂ ᠭᠤᠷᠪᠠ ᠶᠢ ᠲᠣᠭᠲᠠᠭᠠᠬᠤ | ᠲᠥᠰᠥᠯ ᠢ 6 ᠰᠠᠷ᠎ᠠ ᠶᠢᠨ 13 ᠤ ᠡᠳᠦᠷ ᠲᠠᠷᠬᠠᠭᠠᠵᠤ᠂ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠣᠷᠣᠨ ᠲᠤᠭ᠎ᠠ ᠶᠢᠨ ᠳᠡᠪᠲᠡᠷ ᠵᠡᠷᠭᠡ ᠶᠢ ᠨᠢᠭᠡᠨᠲᠡ | ᠪᠦᠬᠦᠨ ᠢ ᠰᠣᠯᠢᠵᠤ᠂ ᠠᠵᠢᠯᠲᠠᠨ ᠤ ᠰᠢᠯᠵᠢᠭᠦᠯᠦᠯᠲᠡ ᠶᠢ ᠨᠢᠭᠡᠨᠲᠡ ᠪᠡᠶᠡᠯᠡᠭᠦᠯᠪᠡ᠃ ᠤᠤᠯ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠲᠥᠪ ᠪᠣᠯᠭᠠᠨ ᠥᠭᠡᠷᠡᠴᠢᠯᠡᠵᠦ᠂ ᠰᠢᠨ᠎ᠡ ᠪᠠᠷ 4 | ᠠᠵᠢᠯ ᠦᠢᠯᠡᠰ ᠤᠨ ᠣᠷᠣᠨ ᠲᠤᠭ᠎ᠠ ᠨᠡᠮᠡᠪᠡ᠂ ᠡᠭᠦᠨ ᠳᠤ 1 ᠣᠷᠣᠨ ᠲᠤᠭ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠬᠥᠮᠥᠨ | ᠪᠠ ᠣᠷᠣᠨ ᠲᠤᠭ᠎ᠠ ᠲᠠᠢ ᠨᠢ ᠰᠢᠯᠵᠢᠭᠦᠯᠦᠨ ᠬᠠᠷᠢᠶᠠᠯᠠᠭᠤᠯᠵᠤ᠂ 3 ᠣᠷᠣᠨ ᠲᠤᠭ᠎ᠠ ᠶᠢ ᠣᠲᠣ ᠶᠠᠭ ᠪᠥᠬᠦ ᠬᠤᠰᠢᠭᠤᠨ ᠤ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠰᠢᠯᠭᠠᠯᠲᠠ ᠪᠠᠷ ᠳᠡᠮᠵᠢᠨ ᠡᠯᠰᠡᠵᠦ ᠪᠠᠶᠢᠨ᠎ᠠ᠃ ᠭᠤᠷᠪᠠ ᠶᠢ ᠲᠣᠭᠲᠠᠭᠠᠬᠤ ᠲᠥᠰᠥᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠤᠰᠢᠭᠤᠨ ᠤ | ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠲᠠᠢ ᠬᠠᠮᠵᠢᠯᠴᠠᠨ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠨᠢᠭᠡ | ᠴᠣᠭᠴᠠᠵᠢᠭᠤᠯᠤᠨ ᠠᠬᠢᠭᠤᠯᠵᠤ ᠪᠠᠶᠢᠨ᠎ᠠ᠃ | ᠠᠵᠢᠯ ᠤᠨ ᠦᠷ᠎ᠡ ᠪᠦᠲᠦᠮᠵᠢ᠄ ᠨᠢᠭᠡ ᠳᠤ ᠪᠦᠭᠦ ᠬᠤᠰᠢᠭᠤᠨ ᠤ ᠰᠤᠷᠠᠭ ᠵᠠᠩᠭᠢᠵᠢᠯᠲᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠪᠠᠶᠢᠭᠤᠯᠬᠤ ᠶᠢᠨ ᠲᠥᠯᠥᠭᠡ | ᠂ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠳᠤ ᠨᠡᠩ ᠰᠠᠶᠢᠨ ᠬᠦᠴᠦ ᠨᠡᠮᠡᠷᠢᠯᠡᠵᠦ᠂ 6 ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠬᠤᠸᠠ | ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠪᠦᠯᠬᠦᠮ ᠢ ᠣᠨᠴᠠᠭᠠᠶᠢᠯᠠᠨ ᠤᠷᠢᠵᠤ 3 ᠡᠳᠦᠷ ᠤᠨ ᠬᠤᠭᠤᠴᠠᠭ᠎ᠠ ᠲᠠᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠭᠰᠠᠨ ᠣᠶᠤᠨᠴᠢ ᠲᠠᠪᠴᠠᠩ ᠤᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠ ᠵᠢᠭᠰᠠᠭᠠᠬᠤ ᠠᠵᠢᠯ ᠢ ᠬᠠᠮᠲᠤᠪᠠᠷ | ᠥᠷᠨᠢᠭᠦᠯᠵᠦ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠲᠠᠪᠴᠠᠩ ᠤᠨ ᠪᠠᠶᠢᠭᠤᠯᠤᠯᠲᠠ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ | ᠬᠠᠮᠢᠶ᠎ᠠ ᠪᠦᠬᠦᠢ ᠨᠡᠭᠡᠭᠡᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ ᠶᠠᠷᠢᠯᠴᠠᠵᠤ᠂ ᠲᠠᠷᠠᠭᠠᠴᠢ ᠶᠢᠨ ᠲᠠᠪᠴᠠᠩ ᠤᠨ ᠪᠠᠶᠢᠭᠤᠯᠤᠯᠲᠠ ᠳᠤ ᠰᠠᠭᠤᠷᠢ | ᠪᠠᠲᠤᠯᠠᠭ᠎ᠠ ᠬᠠᠩᠭᠠᠵᠤ᠂ 7 ᠰᠠᠷ᠎ᠠ ᠶᠢᠨ 31 ᠤ ᠡᠳᠦᠷ ᠬᠤᠸᠠ ᠸᠧᠢ ᠺᠣᠮᠫᠠᠨᠢ ᠶᠢᠨ ᠮᠡᠷᠭᠡᠵᠢᠯ ᠤᠨ ᠪᠦᠯᠬᠦᠮ ᠲᠠᠢ ᠬᠠᠷᠠᠭᠠᠨ ᠳᠠᠪᠲᠠᠮᠵᠢ ᠶᠢᠨ ᠬᠤᠷᠠᠯ ᠬᠢᠵᠦ᠂ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠪᠦᠲᠦᠭᠡᠨ ᠪᠠᠶᠢᠭᠤᠯᠬᠤ ᠴᠢᠭᠯᠡᠯ ᠢᠶᠠᠨ ᠵᠣᠯᠭᠠᠭᠤᠯᠪᠠ᠃ ᠬᠤᠶᠠᠷ ᠲᠤ ᠰᠦᠯᠵᠢᠶᠡᠨ ᠤ ᠦᠢᠯᠡᠴᠢᠯᠡᠭᠡ ᠶᠢᠨ | ᠨᠠᠶᠢᠳᠠᠪᠤᠷᠢᠲᠤ ᠴᠢᠨᠠᠷ ᠪᠠ ᠠᠮᠤᠷ ᠲᠦᠪᠰᠢᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠮᠠᠰᠢᠨ ᠲᠦᠬᠦᠭᠡᠷᠦᠮᠵᠢ ᠶᠢᠨ ᠭᠡᠷ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠭᠤᠣᠯ ᠱᠤᠭᠤᠮ ᠢ ᠵᠠᠰᠠᠭ ᠤᠨ ᠣᠷᠳᠣᠨ ᠤ | ᠠᠯᠪᠠᠨ ᠭᠡᠷ ᠤᠨ ᠮᠠᠰᠢᠨ ᠤ ᠭᠡᠷ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠠᠰᠠᠷ ᠤᠨ ᠭᠤᠷᠪᠠᠳᠤᠭᠠᠷ ᠳᠠᠪᠬᠤᠷᠭ᠎ᠠ ᠶᠢᠨ ᠮᠠᠰᠢᠨ ᠤ | ᠭᠡᠷ ᠲᠤ ᠰᠢᠯᠵᠢᠭᠦᠯᠬᠦ ᠶᠢᠨ ᠬᠠᠮᠲᠤ᠂ ᠰᠦᠯᠵᠢᠶ᠎ᠡ ᠶᠢᠨ ᠪᠦᠲᠦᠴᠡ ᠶᠢ ᠨᠠᠷᠢᠯᠢᠭ ᠲᠣᠬᠢᠷᠠᠭᠤᠯᠤᠨ ᠰᠢᠯᠢᠳᠡᠭᠵᠢᠭᠦᠯᠵᠦ᠂ ᠨᠠᠩ ᠲᠡᠷᠢᠭᠦᠨ ᠤ ᠪᠠ ᠲᠥᠪᠯᠡᠷᠡᠩᠭᠦᠢ | ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠳᠤ | ᠲᠤᠯᠭᠠᠷᠠᠬᠤ ᠦᠶ᠎ᠡ ᠳᠤ ᠲᠣᠭᠲᠠᠭᠤᠨ ᠢᠶᠠᠷ ᠠᠵᠢᠯᠯᠠᠬᠤ ᠪᠠᠶᠢᠳᠠᠯ ᠢᠶᠠᠨ ᠪᠠᠲᠤᠯᠠᠬᠤ ᠶᠢ ᠦᠨᠡᠨᠬᠦ ᠪᠠᠲᠤᠯᠠᠪᠠ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠲᠡᠭᠡᠭᠡᠪᠦᠷᠢᠯᠡᠨ ᠬᠠᠮᠠᠭᠠᠯᠠᠬᠤ ᠺᠣᠮᠫᠠᠨᠢ ᠲᠠᠢ ᠬᠠᠮᠵᠢᠯᠴᠠᠨ ᠲᠣᠰ ᠲᠣᠪᠴᠢᠶ᠎ᠠ ᠶᠢᠨ ᠮᠠᠰᠢᠨ ᠤ ᠭᠡᠷ ᠲᠤ | ᠥᠪᠡᠷᠲᠡᠭᠡᠨ ᠵᠠᠰᠠᠬᠤ ᠣᠷᠣᠨ ᠠᠴᠠ ᠬᠠᠩᠭᠠᠭᠰᠠᠨ᠂ ᠰᠢᠯᠵᠢᠮᠡᠯ ᠬᠤᠪᠢᠶᠠᠷᠢ ᠺᠣᠮᠫᠠᠨᠢ ᠶᠢᠨ ᠰᠦᠯᠵᠢᠶ᠎ᠡ ᠶᠢᠨ ᠡᠬᠢ ᠪᠠᠶᠠᠯᠢᠭ ᠲᠤ ᠰᠠᠭᠤᠷᠢᠯᠠᠭᠰᠠᠨ ᠪᠡᠯᠡᠳᠬᠡᠯ | ᠱᠤᠭᠤᠮ ᠪᠠ NE8000-M8 ᠵᠠᠮᠨᠠᠭᠤᠷ ᠢ ᠤᠭᠰᠠᠷᠠᠪᠠ᠃ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠢᠯᠡᠭᠦᠴᠡ ᠴᠢᠳᠠᠪᠤᠷᠢ ᠪᠠ ᠪᠠᠴᠢᠮ | ᠪᠠᠶᠢᠳᠠᠯ ᠢ ᠠᠷᠭᠠᠴᠠᠬᠤ ᠬᠤᠷᠳᠤᠴᠠ ᠶᠢ ᠨᠡᠮᠡᠭᠳᠡᠭᠦᠯᠵᠦ᠂ ᠭᠤᠣᠯ ᠱᠤᠭᠤᠮ ᠨᠢ ᠰᠠᠭᠠᠳ ᠲᠣᠳᠬᠠᠷ ᠲᠤ ᠤᠴᠠᠷᠠᠬᠤ ᠪᠤᠶᠤ ᠬᠠᠮᠠᠭᠠᠯᠠᠯᠲᠠ ᠳᠤ ᠤᠴᠠᠷᠠᠬᠤ ᠦᠶ᠎ᠡ ᠳᠤ᠂ | ᠪᠡᠯᠡᠳᠬᠡᠯ ᠱᠤᠭᠤᠮ ᠢ ᠦᠳᠲᠡᠷ ᠲᠦᠷᠭᠡᠨ ᠰᠣᠯᠢᠵᠤ᠂ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠶᠢᠨ ᠦᠷᠭᠦᠯᠵᠢᠯᠡᠬᠦ ᠴᠢᠨᠠᠷ ᠪᠠ ᠥᠨᠳᠥᠷ ᠪᠦᠲᠦᠮᠵᠢᠲᠦ | ᠴᠢᠨᠠᠷ ᠢ ᠦᠨᠡᠨᠬᠦ ᠪᠠᠲᠤᠯᠠᠪᠠ᠃ | | | 2024 ᠣᠨ ᠤ 8 ᠰᠠᠷ᠎ᠠ ᠶᠢᠨ 1 ᠤ ᠡᠳᠦᠷ | | | |