ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠳᠤ᠄ | ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠦᠬᠦ ᠬᠤᠰᠢᠭᠤᠨ ᠤ ᠨᠤᠲᠤᠭ | ᠪᠡᠯᠴᠢᠭᠡᠷ ᠤᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ᠂ ᠬᠠᠳᠤᠯᠠᠩ ᠤᠨ ᠪᠡᠯᠴᠢᠭᠡᠷ ᠢ | ᠬᠡᠲᠦᠷᠡᠲᠡᠯ᠎ᠡ ᠠᠰᠢᠭᠯᠠᠬᠤ᠂ ᠭᠦᠢᠴᠡᠳ ᠬᠠᠮᠠᠭᠠᠯᠠᠬᠤ ᠦᠭᠡᠢ᠂ ᠪᠡᠯᠴᠢᠭᠡᠷ ᠤᠨ ᠤᠷᠭᠤᠴᠠ ᠶᠢᠨ ᠵᠢᠮ᠎ᠡ ᠶᠣᠰᠤ ᠠᠴᠠ ᠵᠥᠷᠢᠴᠡᠬᠦ ᠵᠡᠷᠭᠡ ᠠᠰᠠᠭᠤᠳᠠᠯ ᠢ ᠰᠡᠷᠭᠡᠶᠢᠯᠡᠨ᠂ | ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ᠂ ᠭᠠᠴᠠᠭᠠᠨ ᠤ ᠬᠠᠳᠤᠯᠠᠩ ᠤᠨ ᠠᠵᠢᠯᠯᠠᠭ᠎ᠠ ᠶᠢ ᠳᠦᠷᠢᠮᠵᠢᠭᠦᠯᠬᠦ ᠶᠢᠨ ᠲᠥᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ | ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠵᠢᠴᠢ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠬᠥᠯᠥᠨ ᠪᠤᠶᠢᠷ ᠬᠤᠲᠠ ᠶᠢᠨ ᠪᠠᠶᠢᠭᠠᠯᠢᠯᠢᠭ ᠬᠠᠳᠤᠯᠠᠩ ᠤᠨ | ᠪᠡᠯᠴᠢᠭᠡᠷ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ︵ᠬᠦᠯᠦᠨ ᠵᠠᠰᠠᠭ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠣᠳᠤ ᠮᠠᠨ ᠤ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠢ ᠬᠠᠮᠠᠭᠠᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠬᠠᠳᠤᠯᠠᠩ ᠤᠨ ᠪᠡᠯᠴᠢᠭᠡᠷ ᠢ ᠬᠠᠮᠠᠭᠠᠯᠠᠨ ᠠᠰᠢᠭᠯᠠᠬᠤ ᠳᠦᠷᠢᠮ ᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠬᠠᠳᠤᠯᠠᠩ ᠤᠨ ᠬᠤᠭᠤᠴᠠᠭ᠎ᠠ | 8 ᠰᠠᠷ᠎ᠠ ᠶᠢᠨ 15 ᠤ ᠡᠳᠦᠷ ᠠᠴᠠ ᠡᠬᠢᠯᠡᠨ᠂ ᠪᠥᠬᠦ ᠬᠤᠰᠢᠭᠤ ᠬᠠᠳᠤᠯᠠᠩ ᠬᠠᠳᠤᠬᠤ ᠬᠤᠭᠤᠴᠠᠭᠠᠨ ᠳᠤ ᠣᠷᠣᠨ᠎ᠠ᠃ | ︵ᠬᠤᠶᠠᠷ︶ ᠲᠠᠴᠢᠷᠳᠠᠵᠤ ᠡᠯᠡᠰᠦᠷᠬᠡᠭᠵᠢᠭᠰᠡᠨ ᠪᠠᠶᠢᠳᠠᠯ ᠨᠡᠯᠢᠶᠡᠳ ᠬᠦᠨᠳᠦ ᠨᠣᠴᠢᠲᠠᠢ ᠬᠠᠳᠤᠯᠠᠩ ᠤᠨ ᠪᠡᠯᠴᠢᠭᠡᠷ ᠢ ᠪᠢᠲᠡᠭᠦᠮᠵᠢᠯᠡᠵᠦ᠂ ᠬᠠᠳᠤᠬᠤ ᠶᠢ | ᠴᠠᠭᠠᠵᠠᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ | ᠪᠡᠯᠴᠢᠭᠡᠷ ᠤᠨ ᠡᠪᠡᠰᠦᠨ ᠤ ᠦᠨᠳᠦᠷ ᠤᠨ ᠬᠡᠮᠵᠢᠶ᠎ᠡ ᠨᠢ 15 ᠰᠠᠨᠲ᠋ᠢᠮᠧᠲᠷ ᠠᠴᠠ ᠳᠣᠷᠣᠭᠰᠢ ᠪᠤᠶᠤ ᠮᠦ ᠪᠦᠷᠢ ᠶᠢᠨ ᠭᠠᠷᠤᠯᠲᠠ ᠨᠢ 30 ᠺᠢᠯᠣᠭ᠍ᠷᠠᠮ ᠠᠴᠠ | ᠳᠣᠷᠣᠭᠰᠢ ᠪᠣᠯᠬᠤ ᠦᠶ᠎ᠡ ᠳᠤ ᠬᠠᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠵᠢᠯ ᠪᠦᠷᠢ ᠬᠤᠰᠢᠭᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠳᠤᠯᠠᠩ ᠢ ᠴᠠᠭᠠᠵᠠᠯᠠᠬᠤ | ᠣᠷᠣᠨ ᠳᠤ ᠰᠠᠨᠠᠯ ᠳᠤᠷᠠᠳᠴᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠠᠯᠪᠠᠨ ᠵᠠᠷᠯᠠᠯ ᠨᠡᠶᠢᠲᠡᠯᠡᠨ᠂ ᠰᠤᠮᠤ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠪᠠ ᠭᠠᠴᠠᠭ᠎ᠠ ᠲᠣᠰᠬᠤᠨ ᠤ ᠵᠥᠪᠯᠡᠯ ᠠᠴᠠ ᠪᠣᠳᠠᠲᠠᠢ ᠬᠠᠮᠢᠶᠠᠷᠬᠤ ᠬᠡᠷᠡᠭᠲᠡᠢ᠃ | ︵ᠭᠤᠷᠪᠠ︶ ᠬᠠᠳᠤᠯᠠᠩ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠭᠲᠠᠭᠠᠬᠤ ᠬᠡᠷᠡᠭᠲᠡᠢ | ᠠᠳᠠᠯᠢ ᠪᠤᠰᠤ ᠲᠦᠷᠦᠯ ᠤᠨ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠲᠡᠵᠢᠭᠡᠯ ᠡᠪᠡᠰᠦᠨ ᠤ ᠤᠨᠠᠯᠲᠠ ᠪᠠ ᠰᠢᠮ᠎ᠡ | ᠲᠡᠵᠢᠭᠡᠯᠲᠦ ᠪᠣᠳᠠᠰ ᠤᠨ ᠬᠤᠷᠢᠶᠠᠯᠲᠠ ᠶᠢ ᠭᠦᠢᠴᠡᠳ ᠪᠣᠳᠣᠯᠬᠢᠯᠠᠭᠰᠠᠨ ᠤᠷᠢᠲᠠᠯ ᠳᠣᠣᠷ᠎ᠠ᠂ ᠬᠠᠳᠤᠯᠠᠩ ᠤᠨ ᠴᠠᠭ ᠢ ᠰᠢᠨᠵᠢᠯᠡᠬᠦ ᠤᠬᠠᠭᠠᠨᠴᠢ ᠪᠦᠭᠡᠳ ᠵᠦᠢ | ᠵᠣᠬᠢᠰᠲᠠᠢ ᠪᠠᠷ ᠲᠣᠭᠲᠠᠭᠠᠬᠤ ᠬᠡᠷᠡᠭᠲᠡᠢ᠃ ᠣᠨᠴᠠᠭᠠᠶ ᠭᠠᠩ ᠬᠠᠭᠤᠷᠠᠢ ᠪᠤᠶᠤ ᠳᠣᠣᠷ᠎ᠠ ᠳᠤᠯᠠᠭᠠᠨ᠂ ᠪᠣᠷᠣᠭᠠᠨ ᠤ ᠬᠤᠭᠤᠴᠠᠭ᠎ᠠ ᠬᠡᠲᠦ ᠣᠷᠳᠣ ᠵᠢᠯ ᠵᠢᠴᠢ ᠣᠨᠴᠠᠭᠠᠶ | ᠰᠦᠷᠦᠭᠵᠢᠯ ᠲᠠᠢ ᠨᠤᠲᠤᠭ ᠪᠡᠯᠴᠢᠭᠡᠷ ᠲᠤ ᠬᠤᠰᠢᠭᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ | ᠪᠡᠯᠴᠢᠭᠡᠷ ᠢ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ ᠬᠠᠳᠤᠯᠠᠩ ᠡᠬᠢᠯᠡᠭᠦᠯᠬᠦ ᠳᠤ ᠲᠣᠬᠢᠷᠠᠬᠤ ᠴᠠᠭ ᠢ ᠲᠣᠭᠲᠠᠭᠠᠬᠤ ᠶᠢᠨ ᠬᠠᠮᠲᠤ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠠᠴᠠ ᠵᠠᠷᠯᠠᠨ ᠨᠡᠶᠢᠲᠡᠯᠡᠬᠦ ᠬᠡᠷᠡᠭᠲᠡᠢ᠃ | ︵ᠳᠥᠷᠪᠡ︶ ᠡᠭᠡᠯᠵᠢᠯᠡᠨ ᠬᠠᠳᠤᠬᠤ᠂ ᠰᠡᠯᠭᠦᠨ ᠬᠠᠳᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ | ᠣᠯᠠᠨ ᠵᠢᠯ ᠳᠠᠷᠠᠭᠠᠯᠠᠨ ᠬᠠᠳᠤᠯᠠᠩ ᠬᠠᠳᠤᠭᠰᠠᠨ ᠪᠡᠯᠴᠢᠭᠡᠷ ᠲᠤ᠂ ᠰᠢᠯᠢᠳᠡᠭ ᠲᠡᠵᠢᠭᠡᠯ ᠡᠪᠡᠰᠦ ᠠᠭᠠᠵᠢᠮ ᠢᠶᠠᠷ ᠪᠠᠭᠠᠰᠴᠤ᠂ ᠤᠷᠭᠤᠮᠠᠯ ᠤᠨ ᠬᠤᠴᠢᠯᠭ᠎ᠠ | ᠰᠡᠶᠢᠷᠡᠭᠵᠢᠬᠦ ᠦᠵᠡᠭᠳᠡᠯ ᠭᠠᠷᠳᠠᠭ᠃ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠲᠤ ᠡᠭᠡᠯᠵᠢᠯᠡᠨ ᠬᠠᠳᠤᠬᠤ ᠪᠠ ᠰᠡᠯᠭᠦᠨ ᠬᠠᠳᠤᠬᠤ ᠳᠦᠷᠢᠮ ᠢ ᠬᠡᠷᠡᠭᠵᠢᠭᠦᠯᠬᠦ ᠶᠢᠨ | ᠵᠣᠷᠢᠯᠭ᠎ᠠ ᠨᠢ ᠪᠡᠯᠴᠢᠭᠡᠷ ᠲᠠᠬᠢ ᠤᠷᠭᠤᠮᠠᠯ ᠤᠨ ᠭᠦᠢᠴᠡᠳ ᠬᠡᠮᠵᠢᠶᠡᠨ ᠤ ᠰᠢᠮ᠎ᠡ ᠲᠡᠵᠢᠭᠡᠯᠲᠦ ᠪᠣᠳᠠᠰ ᠢ ᠬᠤᠷᠠᠮᠳᠤᠭᠤᠯᠵᠤ᠂ ᠰᠢᠮ᠎ᠡ ᠲᠡᠵᠢᠭᠡᠯ ᠢ ᠰᠢᠨᠡᠳᠬᠡᠬᠦ ᠪᠠ | ᠡᠪᠡᠰᠦᠨ ᠤ ᠦᠷ᠎ᠡ ᠶᠢᠨ ᠤᠷᠭᠤᠯᠲᠠ ᠳᠤ ᠠᠰᠢᠭᠲᠠᠢ ᠪᠠᠶᠢᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ᠂ ᠥᠨᠢ ᠡᠭᠦᠷᠢᠳᠡ ᠦᠷᠭᠦᠯᠵᠢᠯᠡᠨ ᠠᠰᠢᠭᠯᠠᠬᠤ | ᠵᠣᠷᠢᠯᠭ᠎ᠠ ᠳᠤ ᠬᠦᠷᠬᠦ ᠶᠢᠨ ᠲᠥᠯᠥᠭᠡ ᠶᠤᠮ᠃ | ᠡᠭᠡᠯᠵᠢᠯᠡᠨ ᠬᠠᠳᠤᠬᠤ ᠳᠦᠷᠢᠮ᠄ ᠨᠢᠭᠡ ᠬᠡᠰᠡᠭ ᠬᠠᠳᠤᠯᠠᠩ ᠤᠨ ᠪᠡᠯᠴᠢᠭᠡᠷ ᠢ ᠡᠷᠬᠡᠪᠰᠢ ᠵᠢᠯ ᠠᠯᠤᠰᠯᠠᠨ ᠬᠠᠳᠤᠬᠤ ᠬᠡᠷᠡᠭᠲᠡᠢ᠃ ᠪᠡᠯᠴᠢᠭᠡᠷ ᠤᠨ ᠡᠵᠡᠩᠨᠡᠭᠴᠢ | ᠳᠠᠭᠠᠭᠠᠴᠢᠯᠠᠭᠰᠠᠨ ᠪᠡᠯᠴᠢᠭᠡᠷ ᠪᠠ ᠬᠠᠳᠤᠯᠠᠩ ᠤᠨ ᠪᠡᠯᠴᠢᠭᠡᠷ ᠢ ᠡᠭᠡᠯᠵᠢᠯᠡᠨ ᠠᠮᠠᠷᠠᠭᠤᠯᠬᠤ ᠪᠤᠶᠤ ᠨᠢᠭᠡ ᠬᠡᠰᠡᠭ ᠬᠠᠳᠤᠯᠠᠩ ᠪᠡᠯᠴᠢᠭᠡᠷ ᠢ ᠲᠣᠭᠤᠷᠢᠭ ᠬᠤᠪᠢᠶᠠᠨ ︽ | ᠡᠭᠡᠯᠵᠢᠯᠡᠨ ᠬᠠᠳᠤᠵᠤ︾ ᠪᠣᠯᠣᠨ᠎ᠠ᠃ | ᠰᠡᠯᠭᠦᠨ ᠬᠠᠳᠤᠬᠤ ᠳᠦᠷᠢᠮ᠄ ᠬᠠᠳᠤᠯᠠᠩ ᠤᠨ ᠠᠵᠢᠯᠯᠠᠬᠤ ᠲᠣᠭᠤᠷᠢᠭ ᠤᠨ ᠥᠷᠭᠡᠨ ᠤ ᠬᠡᠮᠵᠢᠶ᠎ᠡ ᠨᠢ ᠶᠡᠷᠦ ᠳᠡᠭᠡᠨ 300 ᠮᠧᠲᠷ ᠠᠴᠠ ᠬᠡᠲᠦᠷᠡᠵᠦ ᠪᠣᠯᠬᠤ | ᠦᠭᠡᠢ᠂ ᠡᠪᠡᠰᠦᠨ ᠤ ᠦᠷ᠎ᠡ ᠶᠢᠨ ᠪᠦᠰᠡ ᠶᠢᠨ ᠥᠷᠭᠡᠨ ᠤ ᠬᠡᠮᠵᠢᠶ᠎ᠡ ᠶᠢ 20 ᠮᠧᠲᠷ ᠠᠴᠠ ᠨᠠᠷᠢᠨ ᠪᠠᠶᠢᠯᠭᠠᠵᠤ ᠪᠣᠯᠬᠤ ᠦᠭᠡᠢ᠂ ᠬᠠᠳᠤᠯᠠᠩ ᠤᠨ ᠪᠡᠯᠴᠢᠭᠡᠷ ᠢ | ᠪᠦᠬᠦᠨ ᠢ ᠬᠠᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠲᠣᠰ ᠭᠠᠵᠠᠷ ᠣᠷᠣᠨ ᠤ ᠪᠠᠨ ᠨᠤᠲᠤᠭ ᠪᠡᠯᠴᠢᠭᠡᠷ ᠤᠨ ᠲᠥᠷᠥᠯ ᠵᠦᠢᠯ ᠢ | ᠦᠨᠳᠦᠰᠦᠯᠡᠨ ᠪᠣᠳᠠᠲᠠᠢ ᠮᠡᠷᠭᠡᠵᠢᠯ ᠤᠨ ᠳᠦᠷᠢᠮ ᠲᠣᠭᠲᠠᠭᠠᠯ ᠢ ᠲᠣᠭᠲᠠᠭᠠᠬᠤ ᠬᠡᠷᠡᠭᠲᠡᠢ᠃ | ︵ᠲᠠᠪᠤ︶ ᠭᠤᠤᠷᠰᠤ ᠦᠯᠡᠳᠡᠭᠡᠵᠦ᠂ ᠡᠪᠡᠰᠦᠨ ᠤ ᠳᠠᠬᠢᠨ ᠤᠷᠭᠤᠬᠤ ᠶᠢ ᠪᠠᠲᠤᠯᠠᠬᠤ ᠬᠡᠷᠡᠭᠲᠡᠢ | ᠪᠠᠶᠢᠭᠠᠯᠢᠯᠢᠭ ᠬᠠᠳᠤᠯᠠᠩ ᠤᠨ ᠪᠡᠯᠴᠢᠭᠡᠷ ᠲᠤ ᠭᠤᠤᠷᠰᠤ ᠦᠯᠡᠳᠡᠭᠡᠬᠦ ᠳᠡᠭᠡᠨ ᠲᠣᠬᠢᠷᠠᠮᠵᠢᠲᠠᠢ ᠥᠨᠳᠥᠷ ᠤᠨ ᠬᠡᠮᠵᠢᠶᠡᠨ ᠤ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠠ ᠬᠤᠶᠠᠳᠠᠭᠢ ᠵᠢᠯ ᠤᠨ ᠡᠪᠡᠰᠦᠨ ᠤ ᠳᠠᠬᠢᠨ ᠤᠷᠭᠤᠬᠤ ᠶᠢ ᠪᠠᠲᠤᠯᠠᠬᠤ ᠬᠡᠷᠡᠭᠲᠡᠢ᠃ ᠭᠠᠵᠠᠷ ᠤᠨ | ᠪᠠᠶᠢᠴᠠ ᠶᠢᠨ ᠨᠥᠬᠦᠴᠡᠯ ᠢ ᠦᠨᠳᠦᠰᠦᠯᠡᠨ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠶᠢ ᠲᠣᠭᠲᠠᠭᠠᠵᠤ᠂ ᠥᠨᠳᠥᠷ ᠤᠨ ᠬᠡᠮᠵᠢᠶ᠎ᠡ ᠶᠢ 7 ᠰᠠᠨᠲ᠋ᠢᠮᠧᠲᠷ ᠠᠴᠠ | ᠪᠣᠭᠤᠨᠢ ᠪᠠᠶᠢᠯᠭᠠᠵᠤ ᠪᠣᠯᠬᠤ ᠦᠭᠡᠢ᠃ | ︵ᠵᠢᠷᠭᠤᠭ᠎ᠠ︶ ᠬᠥᠷᠥᠰᠥ ᠰᠢᠷᠣᠢ ᠶᠢᠨ ᠥᠩᠭᠡᠨ ᠳᠠᠪᠬᠤᠷᠭ᠎ᠠ ᠶᠢ ᠬᠠᠮᠠᠭᠠᠯᠠᠬᠤ ᠬᠡᠷᠡᠭᠲᠡᠢ | ᠬᠠᠳᠤᠯᠠᠩ ᠤᠨ ᠶᠠᠪᠤᠴᠠ ᠳᠤ ᠲᠠᠷᠮᠠᠭᠤᠷ ᠢᠶᠠᠷ ᠬᠦᠴᠦᠲᠡᠢ ᠬᠠᠳᠤᠬᠤ ᠶᠢ ᠴᠠᠭᠠᠵᠠᠯᠠᠵᠤ᠂ ᠡᠪᠡᠰᠦ ᠬᠠᠮᠤᠬᠤ ᠮᠠᠰᠢᠨ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ᠃ ᠬᠤᠷᠤᠭᠤᠪᠴᠢ ᠬᠡᠯᠪᠡᠷᠢ ᠶᠢᠨ ᠡᠪᠡᠰᠦ ᠬᠠᠮᠤᠬᠤ ᠮᠠᠰᠢᠨ ᠵᠡᠷᠭᠡ ᠲᠡᠷᠢᠭᠦᠨ ᠤ ᠬᠠᠳᠤᠵᠤ ᠬᠤᠷᠢᠶᠠᠬᠤ ᠮᠠᠰᠢᠨ | ᠬᠡᠷᠡᠭᠯᠡᠬᠦ ᠶᠢ ᠰᠠᠨᠠᠭᠠᠴᠢᠯᠠᠵᠤ᠂ ᠬᠥᠷᠥᠰᠥ ᠰᠢᠷᠣᠢ ᠶᠢᠨ ᠭᠠᠳᠠᠷᠭᠤ ᠶᠢᠨ ᠢᠯᠵᠢᠮᠡᠭ ᠤᠨ ᠳᠠᠪᠬᠤᠷᠭ᠎ᠠ ᠶᠢ ᠪᠦᠲᠦᠮᠵᠢᠲᠡᠶ ᠬᠠᠮᠠᠭᠠᠯᠠᠵᠤ᠂ ᠨᠤᠲᠤᠭ ᠪᠡᠯᠴᠢᠭᠡᠷ ᠤᠨ | ᠴᠢᠭᠢᠭᠯᠢᠭ ᠪᠠᠶᠢᠳᠠᠯ ᠢ ᠡᠪᠳᠡᠬᠦ ᠶᠢ ᠠᠯᠢ ᠴᠢᠳᠠᠬᠤ ᠪᠠᠷ ᠪᠠᠭᠠᠰᠬᠠᠵᠤ᠂ ᠨᠤᠲᠤᠭ ᠪᠡᠯᠴᠢᠭᠡᠷ ᠤᠨ ᠲᠠᠴᠢᠷᠳᠠᠬᠤ᠂ ᠡᠯᠡᠰᠦᠷᠬᠡᠭᠵᠢᠬᠦ ᠪᠠᠶᠢᠳᠠᠯ ᠢ ᠰᠡᠷᠭᠡᠶᠢᠯᠡᠬᠦ ᠬᠡᠷᠡᠭᠲᠡᠢ᠃ | ︵ᠲᠤᠯᠤᠭ᠎ᠠ︶ ᠲᠠᠴᠢᠷᠳᠠᠭᠰᠠᠨ ᠪᠡᠯᠴᠢᠭᠡᠷ ᠢ ᠰᠠᠶᠢᠵᠢᠷᠠᠭᠤᠯᠤᠨ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ | ᠪᠠᠶᠢᠭᠠᠯᠢᠯᠢᠭ ᠬᠠᠳᠤᠯᠠᠩ ᠤᠨ ᠪᠡᠯᠴᠢᠭᠡᠷ ᠤᠨ ᠰᠡᠷᠭᠦᠬᠦ ᠪᠠ ᠲᠠᠬᠢᠨ ᠤᠷᠭᠤᠬᠤ ᠴᠢᠳᠠᠪᠤᠷᠢ ᠨᠢ ᠢᠯᠡᠳᠲᠡ ᠪᠠᠭᠤᠷᠠᠬᠤ ᠦᠶ᠎ᠡ ᠳᠤ᠂ ᠲᠠᠴᠢᠷᠳᠠᠬᠤ | ᠬᠠᠨᠳᠤᠰᠢ ᠲᠠᠢ ᠪᠡᠯᠴᠢᠭᠡᠷ ᠢ ᠬᠥᠮᠥᠨ ᠤ ᠬᠦᠴᠦ ᠪᠠᠷ ᠰᠠᠶᠢᠵᠢᠷᠠᠭᠤᠯᠬᠤ ᠠᠵᠢᠯ ᠬᠢᠬᠦ ᠬᠡᠷᠡᠭᠲᠡᠢ᠃ ᠬᠤᠰᠢᠭᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠳᠤᠷᠠᠳᠤᠭᠰᠠᠨ ᠰᠠᠨᠠᠯ ᠢ ᠦᠨᠳᠦᠰᠦᠯᠡᠨ᠂ ᠡᠯ᠎ᠡ ᠰᠤᠮᠤ ᠪᠠᠯᠭᠠᠰᠤ ᠨᠤᠲᠤᠭ ᠪᠡᠯᠴᠢᠭᠡᠷ ᠤᠨ ᠪᠣᠳᠠᠲᠤ ᠪᠠᠶᠢᠳᠠᠯ ᠢ | ᠦᠨᠳᠦᠰᠦᠯᠡᠨ ᠨᠥᠬᠦᠵᠦ ᠳᠠᠷᠢᠬᠤ᠂ ᠬᠥᠷᠥᠰᠥ ᠶᠢ ᠰᠤᠯᠠᠷᠠᠭᠤᠯᠬᠤ᠂ ᠦᠨᠳᠦᠰᠦ ᠶᠢ ᠨᠢ ᠬᠡᠷᠴᠢᠬᠦ᠂ ᠬᠤᠯᠤᠭᠠᠨ᠎ᠠ ᠤᠰᠠᠳᠬᠠᠬᠤ᠂ ᠴᠠᠷᠴᠠᠬᠠᠢ ᠤᠰᠠᠳᠬᠠᠬᠤ ᠵᠡᠷᠭᠡ | ᠰᠠᠶᠢᠵᠢᠷᠠᠭᠤᠯᠬᠤ ᠪᠠ ᠬᠠᠮᠠᠭᠠᠯᠠᠬᠤ ᠠᠷᠭ᠎ᠠ ᠬᠡᠮᠵᠢᠶ᠎ᠡ ᠶᠢ ᠲᠥᠯᠥᠪᠯᠡᠭᠡ ᠶᠣᠰᠣᠭᠠᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ | ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠬᠥᠲᠥᠯᠥᠨ ᠵᠢᠯᠣᠭᠤᠳᠬᠤ ᠬᠡᠷᠡᠭᠲᠡᠢ | ︵ᠨᠢᠭᠡ︶ ᠲᠤᠰᠬᠠᠢ ᠬᠤᠷᠰᠢᠶᠠᠵᠢᠭᠰᠠᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠦ᠂ ᠬᠠᠳᠤᠯᠠᠩ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ | ᠮᠠᠯᠴᠢᠳ ᠤᠨ ᠡᠷᠥᠭᠡ ᠬᠤᠯᠪᠤᠭᠠᠯᠠᠨ ᠬᠤᠷᠰᠢᠯᠴᠠᠬᠤ ᠪᠠ ᠲᠤᠰᠬᠠᠢ ᠬᠤᠷᠰᠢᠶᠠᠵᠢᠭᠰᠠᠨ ᠬᠡᠯᠪᠡᠷᠢ ᠶᠢᠨ ᠡᠪᠡᠰᠦᠨ ᠤ ᠠᠵᠤ ᠦᠢᠯᠡᠰ ᠤᠨ ᠦᠢᠯᠡᠳᠪᠦᠷᠢᠯᠡᠯ ᠤᠨ | ᠰᠢᠰᠲ᠋ᠧᠮ ᠢ ᠬᠦᠭᠵᠢᠭᠦᠯᠬᠦ ᠶᠢ ᠵᠣᠷᠢᠭᠵᠢᠭᠤᠯᠤᠨ᠎ᠠ᠃ ᠲᠦᠷᠢᠶᠡᠰᠦᠯᠡᠭᠦᠯᠬᠦ᠂ ᠬᠤᠪᠢ ᠣᠷᠣᠭᠤᠯᠤᠨ ᠬᠤᠷᠰᠢᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ | ᠬᠠᠳᠤᠯᠠᠩ ᠤᠨ ᠪᠡᠯᠴᠢᠭᠡᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠡᠪᠡᠰᠦ ᠪᠣᠷᠳᠤᠭ᠎ᠠ ᠬᠠᠳᠤᠵᠤ ᠨᠥᠭᠡᠴᠡᠯᠡᠬᠦ ᠲᠤᠰᠬᠠᠢ ᠬᠤᠷᠰᠢᠶᠠᠵᠢᠯ ᠢ | ᠲᠣᠮᠣ ᠬᠡᠯᠪᠡᠷᠢ ᠶᠢᠨ ᠲᠡᠷᠢᠭᠦᠨ ᠤ ᠡᠪᠡᠰᠦ ᠬᠠᠳᠤᠬᠤ ᠮᠠᠰᠢᠨ ᠬᠡᠷᠡᠭᠰᠡᠯ ᠬᠤᠳᠠᠯᠳᠤᠨ ᠠᠪᠬᠤ ᠶᠢ ᠵᠣᠷᠢᠭᠵᠢᠭᠤᠯᠤᠨ ᠳᠡᠮᠵᠢᠵᠦ᠂ ᠲᠤᠰᠬᠠᠢ ᠦᠢᠯᠡᠴᠢᠯᠡᠭᠡᠨ ᠤ | ᠡᠩᠨᠡᠭᠡ ᠶᠢ ᠪᠣᠶᠢᠵᠢᠭᠤᠯᠤᠨ᠂ ᠡᠪᠡᠰᠦ ᠪᠣᠷᠳᠤᠭ᠎ᠠ ᠬᠠᠳᠤᠵᠤ ᠨᠥᠭᠡᠴᠡᠯᠡᠬᠦ ᠶᠢ ᠵᠣᠬᠢᠶᠠᠨ ᠪᠠᠶᠢᠭᠤᠯᠤᠯᠲᠠ ᠲᠠᠢ᠂ ᠲᠤᠰᠬᠠᠶᠢᠵᠢᠭᠤᠯᠬᠤ ᠪᠠ ᠨᠡᠶᠢᠭᠡᠮᠴᠢᠯᠡᠬᠦ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ︵ᠬᠤᠶᠠᠷ︶ ᠡᠪᠡᠰᠦ ᠪᠣᠷᠳᠤᠭ᠎ᠠ ᠬᠠᠳᠤᠵᠤ ᠨᠥᠭᠡᠴᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ | ᠬᠤᠰᠢᠭᠤ᠂ ᠰᠤᠮᠤ ᠪᠠᠯᠭᠠᠰᠤ ᠪᠠ ᠭᠠᠴᠠᠭ᠎ᠠ ᠭᠤᠷᠪᠠᠨ ᠱᠠᠲᠤᠨ ᠤ ᠡᠪᠡᠰᠦ ᠪᠣᠷᠳᠤᠭ᠎ᠠ ᠬᠠᠳᠤᠵᠤ ᠨᠥᠭᠡᠴᠡᠯᠡᠬᠦ ᠰᠢᠰᠲ᠋ᠧᠮ ᠢ ᠪᠠᠶᠢᠭᠤᠯᠬᠤ ᠨᠢ ᠡᠪᠡᠰᠦᠨ ᠤ | ᠤᠷᠭᠤᠯᠲᠠ ᠰᠠᠶᠢᠨ ᠪᠠ ᠠᠨᠠᠢ ᠵᠢᠯ ᠤᠨ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠡᠷᠡᠭᠦᠯ ᠪᠤᠰᠤ ᠡᠷᠭᠢᠯᠲᠡ ᠳᠤ ᠲᠣᠬᠢᠷᠠᠭᠤᠯᠤᠯᠲᠠ ᠬᠢᠬᠦ ᠳᠤ ᠠᠰᠢᠭᠲᠠᠢ ᠶᠤᠮ᠃ | ᠡᠪᠡᠰᠦ ᠪᠣᠷᠳᠤᠭ᠎ᠠ ᠶᠢ ᠭᠦᠢᠴᠡᠳ ᠨᠥᠭᠡᠴᠡᠯᠡᠪᠡᠯ᠂ ᠳᠠᠷᠠᠭ᠎ᠠ ᠵᠢᠯ ᠤᠨ ᠬᠠᠳᠤᠯᠠᠩ ᠬᠢᠬᠦ ᠲᠠᠯᠠᠪᠠᠢ ᠪᠠᠭᠠᠰᠴᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ | ᠬᠠᠮᠠᠭᠠᠯᠠᠬᠤ ᠪᠠ ᠰᠡᠷᠭᠦᠭᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ︵ᠭᠤᠷᠪᠠ︶ ᠲᠠᠷᠢᠮᠠᠯ ᠡᠪᠡᠰᠦ ᠪᠣᠷᠳᠤᠭ᠎ᠠ ᠶᠢᠨ ᠭᠠᠷᠤᠯᠲᠠ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠳᠠᠷᠤᠭᠠᠰᠠᠢ ᠶᠢ ᠬᠦᠩᠭᠡᠷᠡᠭᠦᠯᠬᠦ ᠬᠡᠷᠡᠭᠲᠡᠢ | ᠡᠪᠡᠰᠦ ᠪᠣᠷᠳᠣᠭᠠᠨ ᠤ ᠭᠤᠣᠯ ᠭᠠᠷᠤᠯᠲᠠ ᠶᠢᠨ ᠣᠷᠣᠨ ᠳᠤ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠰᠢᠮ᠎ᠡ ᠲᠡᠵᠢᠭᠡᠯ ᠢᠶᠠᠷ | ᠡᠯᠪᠡᠭ ᠦᠬᠡᠷ ᠬᠤᠨᠢᠨ ᠤ ᠲᠡᠵᠢᠭᠡᠯ ᠡᠪᠡᠰᠦ ᠶᠢ ᠬᠥᠮᠥᠨ ᠤ ᠬᠦᠴᠦ ᠪᠠᠷ ᠳᠠᠷᠢᠵᠤ᠂ ᠪᠠᠶᠢᠭᠠᠯᠢᠯᠢᠭ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠵᠦ᠂ ᠪᠠᠶᠢᠭᠠᠯᠢᠯᠢᠭ | ᠪᠡᠯᠴᠢᠭᠡᠷ ᠲᠤ ᠲᠦᠰᠢᠭᠯᠡᠬᠦ ᠶᠢ ᠪᠠᠭᠠᠰᠬᠠᠵᠤ ᠪᠣᠯᠣᠨ᠎ᠠ᠃ | ︵ᠳᠥᠷᠪᠡ︶ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠯ ᠢ ᠴᠢᠩᠭᠠᠳᠬᠠᠵᠤ᠂ ᠮᠠᠯᠴᠢᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠢ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠡᠪᠡᠰᠦ ᠪᠣᠷᠳᠤᠭ᠎ᠠ ᠬᠠᠳᠤᠵᠤ ᠨᠥᠭᠡᠴᠡᠯᠡᠬᠦ ᠬᠤᠷᠰᠢᠶᠠᠵᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠲᠤᠰᠬᠠᠢ ᠡᠷᠦᠬᠡ ᠪᠠ ᠨᠡᠶᠢᠭᠡᠮᠴᠢᠯᠡᠭᠰᠡᠨ | ᠬᠠᠳᠤᠯᠠᠩ ᠤᠨ ᠠᠵᠢᠯᠯᠠᠬᠤ ᠠᠩᠭᠢ ᠵᠡᠷᠭᠡ ᠳᠤ ᠬᠠᠳᠤᠬᠤ ᠠᠷᠭ᠎ᠠ ᠬᠡᠯᠪᠡᠷᠢ᠂ ᠮᠠᠰᠢᠨ ᠲᠥᠬᠦᠭᠡᠷᠦᠮᠵᠢ ᠶᠢᠨ ᠠᠵᠢᠯᠯᠠᠭ᠎ᠠ᠂ ᠬᠠᠮᠠᠭᠠᠯᠠᠯᠲᠠ ᠵᠡᠷᠭᠡ ᠲᠠᠯ᠎ᠠ ᠪᠠᠷ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠶᠢ ᠬᠠᠷᠢᠭᠤᠴᠠᠨ᠎ᠠ᠃ | ᠭᠤᠷᠪᠠ᠂ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ | ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠤᠲᠤᠭ ᠪᠡᠯᠴᠢᠭᠡᠷ ᠲᠤ ᠬᠠᠳᠤᠯᠠᠩ ᠤᠨ ᠠᠵᠢᠯ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠤᠷᠭᠤᠮᠠᠯ ᠤᠨ | ᠬᠤᠴᠢᠯᠭ᠎ᠠ ᠶᠢ ᠨᠡᠯᠢᠶᠡᠳ ᠰᠠᠶᠢᠨ ᠰᠡᠷᠭᠦᠭᠡᠭᠰᠡᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠳᠤ᠂ ᠬᠤᠰᠢᠭᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠢ ᠪᠠᠷ ᠬᠠᠳᠤᠯᠠᠩ ᠬᠠᠳᠤᠵᠤ ᠪᠣᠯᠣᠨ᠎ᠠ᠃ | ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠰᠡᠷᠭᠦᠭᠡᠭᠰᠡᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ | ᠪᠣᠯᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠭᠯᠠᠵᠤ ᠪᠣᠯᠣᠨ᠎ᠠ᠃ ᠪᠣᠳᠠᠲᠠᠢ ᠲᠣᠬᠢᠷᠠᠭᠤᠯᠬᠤ ᠠᠷᠭ᠎ᠠ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ︵ᠨᠢᠭᠡ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠭᠤᠷᠢ ᠲᠠᠩᠰᠠ ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠡᠢ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠢ ᠬᠠᠮᠠᠭᠠᠯᠠᠨ ᠠᠰᠢᠭᠯᠠᠬᠤ ᠬᠠᠷᠢᠭᠤᠴᠠᠯᠭᠠᠲᠤ | ᠭᠤᠣᠯ ᠴᠣᠭᠴᠠ ᠪᠠᠶᠢᠵᠤ᠂ ᠭᠠᠴᠠᠭ᠎ᠠ ᠲᠣᠰᠬᠤᠨ ᠤ ᠵᠥᠪᠯᠡᠯ ᠪᠣᠯ ᠪᠣᠳᠠᠲᠠᠢ ᠬᠠᠮᠢᠶᠠᠷᠤᠭᠴᠢ ᠪᠠᠶᠢᠵᠤ᠂ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠠᠷ ᠬᠢᠨᠠᠯᠲᠠ ᠬᠠᠮᠢᠶᠠᠷᠤᠯᠲᠠ ᠶᠢᠨ ᠨᠢᠭᠡᠴᠡ ᠪᠣᠯᠭᠠᠨ᠎ᠠ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠬᠠᠳᠤᠯᠠᠩ ᠤᠨ ᠪᠡᠯᠴᠢᠭᠡᠷ ᠤᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠡᠢ᠃ ᠮᠡᠳᠡᠭᠡ ᠵᠠᠩᠭᠢ ᠶᠢᠨ ᠲᠠᠩᠰᠠ ᠡᠪᠬᠡᠮᠡᠯ ᠳᠤ ᠬᠠᠳᠤᠯᠠᠩ ᠤᠨ | ᠠᠵᠢᠯ ᠬᠢᠬᠦ ᠬᠦᠮᠦᠨ ᠤ ᠣᠪᠣᠭ ᠨᠡᠷ᠎ᠡ᠂ ᠬᠠᠳᠤᠯᠠᠩ ᠤᠨ ᠳᠥᠷᠪᠡᠨ ᠲᠠᠯ᠎ᠠ ᠶᠢᠨ ᠵᠠᠭᠠᠭ ᠬᠢᠵᠠᠭᠠᠷ᠂ ᠬᠠᠳᠤᠯᠠᠩ ᠤᠨ ᠲᠠᠯᠠᠪᠠᠶ᠂ ᠭᠤᠤᠷᠰᠤ ᠦᠯᠡᠳᠡᠭᠡᠬᠦ ᠥᠨᠳᠥᠷ ᠤᠨ | ᠬᠡᠮᠵᠢᠶ᠎ᠡ᠂ ᠦᠯᠡᠳᠡᠭᠡᠭᠰᠡᠨ ᠡᠪᠡᠰᠦᠨ ᠤ ᠦᠷ᠎ᠡ ᠶᠢᠨ ᠪᠦᠰᠡ ᠶᠢᠨ ᠥᠷᠭᠡᠨ ᠤ ᠬᠡᠮᠵᠢᠶ᠎ᠡ᠂ ᠡᠪᠡᠰᠦ ᠴᠤᠭᠯᠠᠭᠤᠯᠬᠤ ᠬᠡᠮᠵᠢᠶ᠎ᠡ ︵ᠲᠣᠭᠤᠷᠢᠭ ᠪᠣᠭᠤᠵᠢᠯᠠᠭᠰᠠᠨ ᠲᠤᠭ᠎ᠠ᠂ | ᠳᠥᠷᠪᠡᠯᠵᠢᠨ ᠪᠣᠭᠤᠵᠢᠯᠠᠭᠰᠠᠨ ᠲᠤᠭ᠎ᠠ︶ ᠵᠡᠷᠭᠡ ᠠᠭᠤᠯᠭ᠎ᠠ ᠶᠢ ᠪᠠᠭᠲᠠᠭᠠᠨ᠎ᠠ᠃ ᠬᠤᠰᠢᠭᠤᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ | ᠰᠠᠯᠠᠭ᠎ᠠ ᠮᠥᠴᠢᠷ ᠪᠥᠬᠦ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠢ ᠬᠠᠮᠠᠭᠠᠯᠠᠨ ᠠᠰᠢᠭᠯᠠᠬᠤ ᠠᠵᠢᠯ ᠳᠤ ᠬᠢᠨᠠᠯᠲᠠ ᠲᠠᠯᠪᠢᠵᠤ ᠵᠢᠯᠤᠭᠤᠳᠬᠤ ᠶᠢ | ᠬᠠᠷᠢᠭᠤᠴᠠᠨ᠎ᠠ᠃ | ︵ᠬᠤᠶᠠᠷ︶ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢ ᠴᠢᠩᠭᠠᠷᠠᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠢ ᠬᠠᠮᠠᠭᠠᠯᠠᠨ ᠠᠰᠢᠭᠯᠠᠬᠤ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠵᠤ᠂ ᠬᠠᠳᠤᠯᠠᠩ ᠤᠨ ᠠᠵᠢᠯ ᠬᠢᠵᠦ ᠪᠠᠶᠢᠭ᠎ᠠ ᠬᠥᠮᠥᠰ ᠤᠨ ᠲᠡᠷᠢᠭᠦᠨ ᠤ ᠡᠪᠡᠰᠦ ᠬᠠᠳᠤᠬᠤ ᠮᠡᠷᠭᠡᠵᠢᠯ ᠢ ᠬᠡᠷᠡᠭᠯᠡᠨ᠂ ᠲᠣᠰ ᠮᠡᠳᠡᠭᠳᠡᠯ ᠤᠨ | ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠬᠠᠳᠤᠯᠠᠩ ᠤᠨ ᠠᠵᠢᠯ ᠬᠢᠬᠦ ᠳᠡᠭᠡᠨ ᠭᠠᠯ ᠢ ᠰᠡᠷᠭᠡᠶᠢᠯᠡᠨ | ᠤᠨᠲᠠᠷᠠᠭᠠᠬᠤ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ | ᠪᠠᠯᠭᠠᠰᠤ ᠪᠠ ᠭᠠᠴᠠᠭ᠎ᠠ ᠲᠣᠰᠬᠤᠨ ᠡᠭᠡᠯᠵᠢᠯᠡᠨ ᠬᠠᠳᠤᠬᠤ ᠲᠥᠯᠦᠪᠵᠢᠭᠦᠯᠭᠡ ᠶᠢ ᠰᠠᠶᠢᠲᠤᠷ ᠬᠢᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠨ᠂ | ᠪᠠᠶᠢᠭᠠᠯᠢᠯᠢᠭ ᠬᠠᠳᠤᠯᠠᠩ ᠤᠨ ᠪᠡᠯᠴᠢᠭᠡᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠬᠡᠷᠡᠭᠵᠢᠭᠦᠯᠬᠦ ᠬᠡᠷᠡᠭᠲᠡᠢ | ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠪᠠ ᠨᠤᠲᠤᠭ ᠪᠡᠯᠴᠢᠭᠡᠷ ᠤᠨ ᠲᠤᠤᠷᠵᠢᠭᠤᠯᠬᠤ ᠠᠵᠢᠯᠲᠠᠨ | ᠬᠠᠷᠢᠶ᠎ᠠ ᠣᠷᠣᠨ ᠳᠠᠬᠢ ᠬᠠᠳᠤᠯᠠᠩ ᠤᠨ ᠪᠡᠯᠴᠢᠭᠡᠷ ᠢ ᠠᠰᠢᠭᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠵᠤ᠂ | ᠬᠠᠳᠤᠯᠠᠩ ᠤᠨ ᠪᠡᠯᠴᠢᠭᠡᠷ ᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠤᠷᠢᠳᠴᠢᠯᠠᠨ ᠬᠠᠳᠤᠬᠤ ᠪᠠ ᠬᠡᠲᠦᠷᠡᠲᠡᠯ᠎ᠡ ᠬᠠᠳᠤᠬᠤ ᠵᠡᠷᠭᠡ ᠦᠶᠯᠡ | ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠴᠢᠩᠭ᠎ᠠ ᠬᠠᠮᠢᠶᠠᠷᠤᠯᠲᠠ ᠬᠢᠬᠦ ᠬᠡᠷᠡᠭᠲᠡᠢ᠃ ᠲᠣᠭᠲᠠᠭᠠᠯ ᠶᠣᠰᠣᠭᠠᠷ ᠠᠵᠢᠯᠯᠠᠭᠰᠠᠨ ᠦᠭᠡᠢ ᠪᠠᠶᠢᠪᠠᠯ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ | ᠳᠦᠷᠢᠮ︾ ᠤᠨ ᠭᠤᠴᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠮᠦ ᠪᠦᠷᠢ ᠳᠤ | 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ | ︵ᠳᠥᠷᠪᠡ︶ ᠬᠠᠮᠢᠶᠠᠷᠴᠤ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠯ ᠪᠦᠷᠢ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠯᠤᠭ᠎ᠠ ᠡᠪᠡᠰᠦ ᠪᠣᠷᠳᠤᠭ᠎ᠠ ᠬᠠᠳᠤᠵᠤ | ᠨᠦᠬᠡᠴᠡᠯᠡᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠡᠭᠦᠷᠭᠡ ᠬᠠᠷᠢᠭᠤᠴᠠᠯᠭ᠎ᠠ ᠶᠢ ᠱᠠᠲᠤ ᠱᠠᠲᠤ ᠪᠠᠷ ᠡᠯ᠎ᠡ ᠰᠤᠮᠤ | ᠪᠠᠯᠭᠠᠰᠤ᠂ ᠭᠠᠴᠠᠭ᠎ᠠ ᠲᠣᠰᠬᠤᠨ ᠤ ᠵᠥᠪᠯᠡᠯ ᠵᠢᠴᠢ ᠮᠠᠯᠵᠢᠬᠤ ᠡᠷᠦᠬᠡ ᠳᠤ ᠬᠦᠷᠲᠡᠯ᠎ᠡ ᠬᠤᠪᠢᠶᠠᠵᠤ ᠥᠭᠬᠦ ᠬᠡᠷᠡᠭᠲᠡᠢ᠃ | ᠳᠦᠷᠪᠡ᠂ ᠬᠠᠳᠤᠯᠠᠩ ᠤᠨ ᠠᠵᠢᠯ ᠳᠤᠮᠳᠠᠬᠢ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ | ︵ᠨᠢᠭᠡ︶ ᠬᠠᠳᠤᠯᠠᠩ ᠤᠨ ᠠᠵᠢᠯ ᠬᠢᠵᠦ ᠪᠠᠶᠢᠭ᠎ᠠ ᠬᠥᠮᠥᠰ ᠬᠠᠮᠤᠭᠤᠷ ᠮᠠᠰᠢᠨ ᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠵᠤ᠂ ᠡᠪᠳᠡᠬᠦ ᠬᠡᠯᠪᠡᠷᠢ ᠪᠠᠷ | ᠬᠠᠳᠤᠬᠤ ᠶᠢ ᠴᠢᠩᠭ᠎ᠠ ᠴᠠᠭᠠᠵᠠᠯᠠᠵᠤ᠂ ᠬᠠᠳᠤᠯᠠᠩ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ | ︵ᠬᠤᠶᠠᠷ︶ ᠲᠣᠮᠣ ᠬᠡᠯᠪᠡᠷᠢ ᠶᠢᠨ ᠲᠡᠭᠡᠭᠡᠪᠦᠷᠢ ᠶᠢᠨ ᠮᠠᠰᠢᠨ ᠡᠷᠬᠡᠪᠰᠢ ᠲᠣᠭᠲᠠᠭᠰᠠᠨ ᠡᠪᠡᠰᠦ ᠲᠡᠭᠡᠭᠡᠬᠦ ᠭᠠᠵᠠᠷ ᠠᠴᠠ ᠲᠡᠭᠡᠭᠡᠬᠦ ᠬᠡᠷᠡᠭᠲᠡᠢ᠂ ᠵᠠᠮ ᠠᠴᠠ | ᠳᠤᠷ᠎ᠠ ᠪᠠᠷ ᠢᠶᠠᠨ ᠭᠠᠷᠴᠤ᠂ ᠪᠡᠯᠴᠢᠭᠡᠷ ᠢ ᠳᠤᠷ᠎ᠠ ᠪᠠᠷ ᠢᠶᠠᠨ ᠡᠪᠳᠡᠵᠦ ᠪᠣᠯᠬᠤ ᠦᠭᠡᠢ᠃ | ︵ᠭᠤᠷᠪᠠ︶ ᠬᠠᠳᠤᠯᠠᠩ ᠤᠨ ᠠᠵᠢᠯ ᠬᠢᠬᠦ ᠳᠡᠭᠡᠨ ᠭᠠᠯ ᠢ ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ ᠲᠣᠬᠢᠷᠠᠭᠤᠯᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠪᠠ ᠭᠠᠴᠠᠭ᠎ᠠ ᠲᠣᠰᠬᠤᠨ ᠡᠭᠡᠯᠵᠢᠯᠡᠨ ᠬᠠᠳᠤᠬᠤ ᠲᠥᠯᠦᠪᠵᠢᠭᠦᠯᠭᠡ ᠶᠢ ᠰᠠᠶᠢᠲᠤᠷ | ᠬᠡᠷᠡᠭᠵᠢᠭᠦᠯᠵᠦ᠂ ᠵᠣᠬᠢᠴᠠᠩᠭᠤᠢ ᠠᠷᠭ᠎ᠠ ᠬᠡᠮᠵᠢᠶ᠎ᠡ ᠲᠣᠭᠲᠠᠭᠠᠨ᠂ ᠪᠠᠶᠢᠭᠠᠯᠢᠯᠢᠭ ᠬᠠᠳᠤᠯᠠᠩ ᠤᠨ ᠪᠡᠯᠴᠢᠭᠡᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠬᠤ ᠬᠡᠷᠡᠭᠲᠡᠢ᠃ | ︵ᠳᠥᠷᠪᠡ︶ ᠡᠪᠡᠰᠦ ᠪᠣᠷᠳᠤᠭ᠎ᠠ ᠲᠡᠭᠡᠭᠡᠪᠦᠷᠢᠯᠡᠬᠦ ᠪᠠ ᠨᠦᠬᠡᠴᠡᠯᠡᠬᠦ ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠬᠠᠳᠤᠯᠠᠩ ᠤᠨ ᠬᠤᠭᠤᠴᠠᠭᠠᠨ ᠳᠤ ᠮᠠᠰᠢᠨ ᠲᠡᠷᠭᠡ ᠵᠢᠯᠤᠭᠤᠳᠬᠤ ᠳᠠᠭᠠᠨ ᠭᠠᠯ ᠢ ᠰᠡᠷᠭᠡᠶᠢᠯᠡᠬᠦ ᠶᠢ ᠠᠩᠬᠠᠷᠴᠤ᠂ ᠲᠷᠠᠺᠲ᠋ᠣᠷ᠂ ᠬᠠᠳᠤᠬᠤ ᠮᠠᠰᠢᠨ᠂ ᠪᠣᠷᠳᠤᠭ᠎ᠠ | ᠲᠡᠭᠡᠭᠡᠪᠦᠷᠢᠯᠡᠬᠦ ᠲᠡᠷᠭᠡ ᠵᠡᠷᠭᠡ ᠳᠤ ᠡᠷᠬᠡᠪᠰᠢ ᠭᠠᠯ ᠢ ᠰᠡᠷᠭᠡᠶᠢᠯᠡᠬᠦ ᠲᠣᠨᠤᠭ ᠲᠦᠬᠦᠭᠡᠷᠦᠮᠵᠢ ᠤᠭᠰᠠᠷᠠᠵᠤ᠂ ᠪᠣᠷᠳᠤᠭ᠎ᠠ ᠬᠠᠳᠤᠵᠤ ᠲᠡᠭᠡᠭᠡᠪᠦᠷᠢᠯᠡᠬᠦ ᠲᠡᠷᠭᠡ ᠬᠥᠰᠬᠡ ᠶᠢᠨ | ᠭᠠᠯ ᠠᠯᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ︵ᠲᠠᠪᠤ︶ ᠬᠡᠭᠡᠷ᠎ᠡ ᠭᠠᠳᠠᠨ᠎ᠠ ᠭᠠᠯ ᠬᠡᠷᠡᠭᠯᠡᠬᠦ ᠳᠤ ᠡᠷᠬᠡᠪᠰᠢ ᠲᠤᠰᠬᠠᠢ ᠬᠥᠮᠥᠨ ᠬᠠᠮᠢᠶᠠᠷᠴᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠭᠠᠯ ᠢ ᠴᠥᠮ ᠭᠡᠷ | ᠳᠣᠲᠣᠷ᠎ᠠ ᠪᠠᠶᠢᠯᠭᠠᠬᠤ ᠬᠡᠷᠡᠭᠲᠡᠢ ︵ᠪᠢᠲᠡᠭᠦᠮᠵᠢᠯᠡᠭᠰᠡᠨ ᠲᠠᠯᠠᠪᠤᠷ ᠭᠠᠵᠠᠷ︶᠃ | ︵ᠵᠢᠷᠭᠤᠭ᠎ᠠ︶ ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠭᠠᠯ ᠤᠨ ᠣᠴᠢ ᠠᠪᠴᠤ ᠶᠠᠪᠤᠵᠤ ᠪᠣᠯᠬᠤ ᠦᠭᠡᠢ᠂ ᠬᠡᠭᠡᠷ᠎ᠡ ᠭᠠᠳᠠᠨ᠎ᠠ ᠲᠠᠮᠠᠬᠢ ᠲᠠᠲᠠᠬᠤ ᠶᠢ ᠡᠷᠡᠰ | ᠴᠠᠭᠠᠵᠠᠯᠠᠬᠤ ᠬᠡᠷᠡᠭᠲᠡᠢ᠃ | | | 2024 ᠣᠨ ᠤ 8 ᠰᠠᠷ᠎ᠠ ᠶᠢᠨ 2 ᠤᠨ ᠡᠳᠦᠷ | | | |