2025 ᠣᠨ ᠤ ᠡᠪᠦᠯ ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ | ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠬᠠᠶᠢᠷ᠎ᠠ ᠬᠠᠯᠠᠮᠵᠢ ᠶᠢ | ᠭᠡᠷ ᠲᠤ ᠨᠢ ᠬᠦᠷᠭᠡᠵᠦ᠂ ᠰᠡᠳᠬᠢᠯ ᠵᠢᠷᠦᠬᠡ ᠪᠠᠨ ᠨᠢᠭᠡᠳᠭᠡᠨ ᠬᠡᠦᠬᠡᠳ ᠢ ᠬᠠᠮᠠᠭᠠᠯᠠᠶ᠎ᠠ︾ 2025 ᠡᠪᠦᠯ ᠤᠨ ᠠᠮᠠᠷᠠᠯᠲᠠ ᠶᠢᠨ ᠬᠡᠦᠬᠡᠳ ᠢ ᠬᠠᠯᠠᠮᠵᠢᠯᠠᠬᠤ | ᠦᠢᠯᠡᠴᠢᠯᠡᠭᠡᠨ ᠤ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠬᠡᠦᠬᠡᠳ ᠢ ᠬᠠᠮᠠᠭᠠᠯᠠᠨ ᠪᠠᠶᠠᠷ ᠬᠦᠷ ᠥᠯᠵᠡᠢ ᠪᠡᠯᠭᠡ ᠲᠠᠢ ᠴᠠᠭᠠᠨ ᠰᠠᠷ᠎ᠠ ᠪᠠ ᠤᠳᠬ᠎ᠠ | ᠠᠭᠤᠯᠭ᠎ᠠ ᠲᠠᠢ ᠡᠪᠦᠯ ᠤᠨ ᠠᠮᠠᠷᠠᠯᠲᠠ ᠶᠢ ᠥᠩᠭᠡᠷᠡᠭᠦᠯᠦᠨᠡᠮ᠃ ᠪᠣᠳᠠᠲᠠᠢ ᠠᠭᠤᠯᠭ᠎ᠠ ᠶᠢ ᠬᠠᠮᠲᠤ ᠳᠤ ᠪᠠᠨ ᠣᠶᠢᠯᠠᠭᠠᠵᠠᠭᠠᠶ᠎ᠠ - | | | | | ᠮᠡᠳᠡᠭᠳᠡᠯ ᠳᠤ᠂ ᠡᠯ᠎ᠡ ᠭᠠᠵᠠᠷ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠶᠠᠭ ᠰᠠᠶᠢᠬᠠᠨ | ᠪᠢᠯᠢᠭ ᠤᠨ ᠤᠯᠠᠷᠢᠯ ᠤᠨ ᠰᠢᠨ᠎ᠡ ᠵᠢᠯ ᠲᠠᠢ ᠲᠣᠬᠢᠶᠠᠯᠳᠤᠭᠤᠯᠤᠨ᠂ ᠬᠡᠦᠬᠡᠳ ᠤᠨ ᠬᠥᠳᠡᠯᠭᠡᠭᠡᠨ ᠤ ᠲᠥᠪ ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ | ᠬᠥᠮᠦᠵᠢᠯ ᠤᠨ ᠪᠠᠶᠢᠭᠤᠯᠤᠮᠵᠢ ᠳᠤ ᠲᠦᠰᠢᠭᠯᠡᠵᠦ᠂ ᠳᠤᠷᠠᠰᠬᠠᠯ ᠤᠨ ᠣᠷᠳᠣᠨ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠤᠨ᠂ ᠠᠵᠢᠯᠯᠠᠭᠠᠨ ᠤ | ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠨᠴᠠᠯᠢᠭᠲᠤ ᠡᠬᠢ ᠪᠠᠶᠠᠯᠢᠭ ᠢ ᠢᠯᠡᠷᠡᠭᠦᠯᠦᠨ᠂ ᠬᠤᠣᠰ ᠤᠶᠠᠩᠭ᠎ᠠ ᠪᠢᠴᠢᠬᠦ᠂ ᠴᠣᠩᠬᠤᠨ ᠤ ᠴᠠᠭᠠᠰᠤᠨ ᠰᠡᠶᠢᠯᠦᠮᠡᠯ | ᠬᠠᠶᠢᠴᠢᠯᠠᠬᠤ᠂ ᠴᠡᠴᠡᠷᠯᠢᠭ ᠤᠨ ᠨᠠᠶᠢᠷ᠂ ᠬᠥᠭᠵᠢᠶᠡᠨᠲᠡᠢ ᠥᠯᠵᠡᠶᠢᠲᠦ ᠡᠳᠦᠷ ᠵᠡᠷᠭᠡ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠤᠯᠠᠮᠵᠢᠯᠠᠯᠲᠤ ᠰᠣᠶᠣᠯ ᠢ ᠣᠶᠢᠯᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠡᠦᠬᠡᠳ ᠢ ᠬᠥᠲᠥᠯᠥᠨ ᠵᠢᠯᠣᠭᠤᠳᠴᠤ ᠳᠤᠮᠳᠠᠳᠤ ᠶᠢᠨ ᠰᠣᠶᠣᠯ ᠤᠨ ᠭᠦᠨ | ᠵᠤᠵᠠᠭᠠᠨ ᠠᠭᠤᠯᠤᠭᠳᠠᠬᠤᠨ ᠢ ᠣᠶᠢᠯᠠᠭᠠᠭᠤᠯᠤᠨ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠬᠡᠷᠡᠭᠲᠡᠢ᠃ ᠡᠪᠦᠯ ᠤᠨ ᠠᠮᠠᠷᠠᠯᠲᠠ ᠳᠤ ᠬᠡᠦᠬᠡᠳ ᠲᠤ | ᠲᠤᠯᠭᠠᠷᠠᠵᠤ ᠮᠡᠳᠡᠬᠦ ᠰᠠᠨᠠᠭᠠᠨ ᠳᠤ ᠦᠭᠡᠢ ᠭᠡᠮᠲᠦᠯ ᠪᠠ ᠬᠠᠤᠯᠢ ᠶᠢ ᠵᠦᠷᠢᠴᠡᠭᠰᠡᠨ ᠬᠠᠯᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠨ᠂ ᠤᠷᠢᠳᠴᠢᠯᠠᠨ ᠰᠡᠷᠭᠡᠶᠢᠯᠡᠬᠦ ᠶᠢ | ᠪᠣᠳᠠᠲᠠᠶᠢᠵᠢᠭᠤᠯᠵᠤ᠂ ᠭᠡᠷ ᠪᠦᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠯᠡ ᠬᠢᠴᠢᠶᠡᠯ᠂ ︽ᠬᠡᠦᠬᠡᠳ ᠢ ᠬᠠᠯᠠᠮᠵᠢᠯᠠᠬᠤ ᠦᠢᠯᠡᠴᠢᠯᠡᠭᠡᠨ ᠤ ᠠᠮᠤᠷ | ᠲᠦᠪᠰᠢᠨ ᠤ ᠮᠡᠷᠭᠡᠨ ᠠᠷᠭ᠎ᠠ︾ ᠶᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠨᠢᠭᠡ ᠤᠳᠠᠭᠠᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠨᠡᠶᠢᠭᠡᠮ | ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ︽ᠬᠠᠤᠯᠢ ᠶᠢᠨ ᠵᠠᠰᠠᠯᠲᠠ ᠪᠠᠷ ᠠᠶᠠᠯᠠᠯ ᠢ ᠬᠠᠮᠠᠭᠠᠯᠠᠵᠤ · ᠲᠠ | ᠨᠠᠷ ᠲᠠᠢ ᠬᠠᠮᠲᠤ ᠥᠰᠦᠨ ᠪᠤᠶᠢᠵᠢᠨᠠᠮ︾᠂ ︽ᠬᠠᠤᠯᠢ ᠶᠢᠨ ᠲᠤᠰᠠᠯᠠᠮᠵᠢ ᠪᠠᠷ ᠬᠡᠦᠬᠡᠳ ᠢ ᠬᠠᠮᠠᠭᠠᠯᠠᠨᠠᠮ︾ ᠵᠡᠷᠭᠡ ᠭᠤᠣᠯ ᠰᠡᠳᠦᠪᠲᠦ ᠠᠵᠢᠯᠯᠠᠭ᠎ᠠ ᠲᠠᠢ | ᠤᠶᠠᠯᠳᠤᠭᠤᠯᠤᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠬᠡᠦᠬᠡᠳ ᠤᠨ | ᠬᠠᠤᠯᠢ ᠪᠠᠷ ᠵᠠᠰᠠᠬᠤ ᠦᠵᠡᠯᠲᠡ ᠪᠠ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠮᠡᠳᠡᠭᠳᠡᠯ ᠳᠤ᠂ ᠪᠠᠶᠠᠯᠢᠭ ᠰᠠᠶᠢᠬᠠᠨ ᠡᠪᠦᠯ ᠤᠨ ᠠᠮᠠᠷᠠᠯᠲᠠ ᠶᠢ ᠠᠰᠢᠭᠯᠠᠵᠤ᠂ ᠡᠪᠦᠯ ᠤᠨ ᠠᠮᠠᠷᠠᠯᠲᠠ ᠳᠤ ᠠᠪᠤ ᠡᠵᠢ ᠲᠠᠢ ᠪᠠᠨ ᠬᠠᠮᠲᠤ ᠪᠠᠶᠠᠰᠤᠯᠳᠤᠬᠤ | ᠲᠣᠬᠢᠶᠠᠯ ᠢ ᠵᠠᠪᠳᠤᠭᠤᠯᠤᠨ᠂ ︽ᠵᠣᠯ ᠵᠢᠷᠭᠠᠯᠲᠤ ᠭᠡᠷ ᠪᠦᠯᠢ · ᠭᠡᠷ ᠤᠨ ᠬᠥᠮᠦᠵᠢᠯ ᠤᠨ ᠦᠢᠯᠡᠴᠢᠯᠡᠭᠡᠨ ᠤ ᠭᠠᠵᠠᠷ︾ ᠭᠡᠬᠦ ᠲᠠᠪᠴᠠᠩ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠠᠮᠢᠳᠤᠯᠢᠭ ᠪᠥᠭᠡᠳ ᠰᠣᠨᠢᠷᠬᠠᠯᠲᠠᠢ᠂ ᠤᠳᠬ᠎ᠠ ᠠᠭᠤᠯᠭ᠎ᠠ ᠲᠠᠢ ᠮᠥᠷᠲᠡᠭᠡᠨ ᠣᠶᠤᠨᠴᠢ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ | ᠬᠥᠳᠡᠯᠭᠡᠭᠡᠨ ᠬᠢᠵᠦ ᠪᠡᠶ᠎ᠡ ᠪᠣᠯᠪᠠᠰᠤᠷᠠᠭᠤᠯᠬᠤ᠂ ᠬᠥᠳᠡᠯᠮᠦᠷᠢ ᠶᠢᠨ ᠦᠢᠯᠡᠳᠦᠯᠭᠡ ᠵᠡᠷᠭᠡ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠭᠡᠷ ᠤᠨ ᠠᠬᠠᠮᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠢ ᠬᠥᠮᠥᠵᠢᠭᠦᠯᠦᠨ᠂ ᠡᠴᠢᠭᠡ ᠡᠬᠡ ᠦᠷ᠎ᠡ ᠬᠡᠦᠬᠡᠳ ᠦᠢᠯᠡᠳᠦᠯᠴᠡᠬᠦ | ᠶᠠᠪᠤᠴᠠ ᠳᠤ ᠬᠡᠦᠬᠡᠳ ᠤᠨ ᠲᠥᠷᠥᠯᠬᠢ ᠠᠪᠢᠶᠠᠰ ᠢ ᠪᠠᠳᠠᠷᠠᠭᠤᠯᠵᠤ᠂ ᠪᠠᠶᠠᠷ ᠪᠠᠶᠠᠰᠬᠤᠯᠠᠩ ᠲᠠᠢ ᠡᠪᠦᠯ ᠤᠨ ᠠᠮᠠᠷᠠᠯᠲᠠ ᠶᠢ ᠬᠤᠪᠢᠶᠠᠯᠴᠠᠨ ᠡᠳ᠋ᠯᠡᠬᠦ ᠬᠡᠷᠡᠭᠲᠡᠢ᠃ | ᠭᠡᠷ ᠲᠤ ᠪᠠᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠬᠥᠮᠦᠰ ᠤᠨ ᠪᠣᠳᠠᠲᠠᠢ | ᠬᠡᠷᠡᠭᠴᠡᠭᠡ ᠱᠠᠭᠠᠷᠳᠠᠯᠭ᠎ᠠ ᠶᠢ ᠣᠨᠴᠠᠭᠠᠶᠢᠯᠠᠨ ᠠᠩᠬᠠᠷᠴᠤ᠂ ᠭᠡᠷ ᠲᠤ ᠨᠢ ᠬᠦᠷᠴᠦ ᠰᠤᠷᠪᠤᠯᠵᠢᠯᠠᠬᠤ ᠶᠢ ᠴᠢᠩᠭᠠᠳᠬᠠᠨ᠂ ᠬᠡᠷᠡᠭᠴᠡᠭᠡ ᠱᠠᠭᠠᠷᠳᠠᠯᠭ᠎ᠠ ᠶᠢ ᠨᠢ | ᠣᠶᠢᠯᠠᠭᠠᠵᠤ᠂ ᠢᠳᠡᠪᠬᠢᠲᠡᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠬᠤᠷᠰᠢᠶᠠᠯᠠᠨ ᠬᠠᠯᠠᠮᠵᠢᠯᠠᠵᠤ᠂ ᠬᠠᠶᠢᠷ᠎ᠠ ᠬᠠᠯᠠᠮᠵᠢᠲᠤ ᠡᠵᠢ ᠵᠡᠷᠭᠡ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ ᠬᠡᠦᠬᠡᠳ ᠲᠤ ᠪᠠᠨ ᠬᠠᠨᠢ ᠪᠣᠯᠤᠨ ᠴᠠᠭᠠᠨ ᠰᠠᠷ᠎ᠠ ᠶᠢ ᠥᠩᠭᠡᠷᠡᠭᠦᠯᠵᠦ᠂ ︽ᠥᠴᠦᠬᠡᠨ | ᠬᠦᠰᠡᠯ︾ ᠢ ᠪᠡᠶᠡᠯᠡᠭᠦᠯᠬᠦ ᠬᠡᠷᠡᠭᠲᠡᠢ᠃ ᠨᠡᠷᠡᠨ ᠭᠡᠷᠡᠯᠲᠦ ᠥᠷᠲᠡᠭᠡ ᠵᠡᠷᠭᠡ ᠲᠥᠷᠥᠯ ᠵᠦᠢᠯ ᠪᠣᠯᠤᠨ ᠣᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠵᠦ᠂ ᠬᠠᠮᠲᠤ ᠳᠤ ᠪᠠᠨ ᠬᠠᠯᠠᠮᠵᠢᠯᠠᠬᠤ᠂ ᠨᠠᠶᠢᠳᠠᠨ ᠬᠠᠮᠢᠶᠠᠷᠤᠭᠤᠯᠵᠤ ᠠᠰᠠᠷᠠᠨ ᠬᠠᠷᠠᠭᠠᠯᠵᠠᠬᠤ ᠵᠡᠷᠭᠡ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠮᠡᠳᠡᠭᠳᠡᠯ ᠳᠤ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠳᠠᠪᠠᠭᠤᠯᠢᠭ | ᠡᠬᠢ ᠪᠠᠶᠠᠯᠢᠭ ᠪᠣᠯᠤᠨ ᠲᠤᠰᠬᠠᠢ ᠮᠡᠷᠭᠡᠵᠢᠯ ᠤᠨ ᠬᠦᠴᠦᠨ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢᠲᠤ ᠦᠢᠯᠡᠴᠢᠯᠡᠭᠡᠨ ᠤ ᠪᠦᠬᠦᠯᠢ ᠴᠣᠭᠴᠠ ᠶᠢᠨ ᠬᠠᠮ | ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ᠂ ᠠᠵᠢᠯᠯᠠᠭ᠎ᠠ ᠶᠢᠨ ᠬᠡᠯᠪᠡᠷᠢ ᠶᠢ ᠪᠠᠶᠠᠯᠢᠭᠵᠢᠭᠤᠯᠤᠨ᠂ | ᠬᠡᠦᠬᠡᠳ ᠤᠨ ᠬᠠᠷᠠᠭᠠᠰᠤ ᠶᠢ ᠢᠯᠡᠷᠡᠭᠦᠯᠵᠦ᠂ ᠠᠵᠢᠯᠯᠠᠭ᠎ᠠ ᠶᠢᠨ ᠲᠠᠲᠠᠬᠤ ᠬᠦᠴᠦᠨ ᠪᠠ ᠪᠣᠯᠤᠮᠵᠢᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠷᠡᠭᠦᠯᠦᠨ᠂ ᠰᠢᠨ᠎ᠡ ᠰᠣᠷᠭᠤᠭ ᠲᠤᠷᠰᠢᠯᠭ᠎ᠠ ᠶᠢ ᠳᠡᠯᠭᠡᠷᠡᠭᠦᠯᠵᠦ᠂ ᠨᠡᠶᠢᠭᠡᠮ ᠳᠠᠶᠠᠭᠠᠷ | ᠬᠡᠦᠬᠡᠳ ᠢ ᠬᠠᠶᠢᠷᠠᠯᠠᠨ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | | |