︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶᠠᠷᠤᠯᠲᠠ ᠶᠢᠨ ᠬᠠᠤᠯᠢ︾᠂ ︽ᠰᠤᠯᠠ ᠪᠠᠶᠢᠬᠤ ᠭᠠᠵᠠᠷ ᠰᠢᠷᠣᠢ ᠶᠢ ᠰᠢᠢᠳᠪᠦᠷᠢᠯᠡᠬᠦ ᠠᠷᠭ᠎ᠠ︾ | ︵ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠶᠠᠮᠤᠨ ᠤ ᠵᠠᠷᠯᠢᠭ 53 ᠳ᠋ᠤᠭᠠᠷ ᠲᠣᠭᠠᠲᠤ︶ ᠶᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠭᠷᠢ | ᠲᠠᠯ᠎ᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠲᠤ ᠪᠠᠶᠢᠴᠠᠭᠠᠯᠲᠠ ᠬᠢᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠰᠠᠨᠠᠯ ᠢ ᠬᠤᠷᠢᠶᠠᠵᠤ᠂ ᠣᠳᠤ ᠳᠡᠭᠡᠷ᠎ᠡ ᠳᠤᠷᠠᠳᠤᠭᠰᠠᠨ ᠰᠤᠯᠠ ᠪᠠᠶᠢᠬᠤ ᠭᠠᠵᠠᠷ ᠰᠢᠷᠣᠢ ᠶᠢ ᠨᠤᠲᠠᠯᠠᠭᠰᠠᠨ ᠪᠠᠶᠢᠳᠠᠯ ᠢ ᠳᠣᠣᠷᠠᠬᠢ ᠮᠡᠲᠦ ᠨᠡᠶᠢᠲᠡᠯᠡᠶ᠎ᠡ᠄ | ᠨᠢᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠭᠷᠢ ᠲᠠᠯ᠎ᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ | ᠫᠠᠶᠢᠰᠠ ᠡᠯᠭᠦᠨ ᠬᠤᠳᠠᠯᠳᠤᠬᠤ ᠬᠡᠯᠪᠡᠷᠢ ᠪᠠᠷ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠣᠯᠵᠤ᠂ 2023 ᠣᠨ ᠤ 6 ᠰᠠᠷ᠎ᠠ ᠶᠢᠨ 28 ᠤ ᠡᠳᠦᠷ ᠮᠠᠨ ᠤ | ᠲᠣᠪᠴᠢᠶ᠎ᠠ ᠲᠠᠢ ᠤᠯᠤᠰ ᠤᠨ ᠦᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠲᠣᠭᠲᠠᠪᠠ᠃ | ᠭᠡᠷ᠎ᠡ ᠶᠢᠨ ᠳ᠋ᠤᠭᠠᠷᠯᠠᠯ᠄ 2023G04᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠣᠲᠣ ᠦᠶ᠎ᠡ ᠶᠢᠨ ᠠᠳᠤᠭᠤᠨ ᠤ ᠠᠵᠤ | ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠵᠡᠭᠦᠨ ᠲᠠᠯ᠎ᠠ᠂ ᠮᠣᠩᠭᠤᠯ ᠬᠤᠸᠠᠷᠠᠨ ᠤ ᠡᠮᠦᠨ᠎ᠡ ᠲᠠᠯ᠎ᠠ ᠳᠤ ᠪᠠᠶᠢᠷᠢᠯᠠᠵᠤ᠂ ᠲᠠᠯᠠᠪᠠᠶ ᠨᠢ 2000 ᠲᠡᠭᠰᠢ | ᠳᠥᠷᠪᠡᠯᠵᠢᠨ ᠮᠧᠲᠷ᠂ ᠭᠠᠵᠠᠷ ᠰᠢᠷᠣᠢ ᠶᠢᠨ ᠬᠡᠷᠡᠭᠴᠡᠭᠡ ᠨᠢ ᠠᠵᠤ ᠦᠢᠯᠡᠳᠪᠦᠷᠢ ᠳᠤ ᠬᠡᠷᠡᠭᠯᠡᠬᠦ ᠭᠠᠵᠠᠷ᠂ ᠪᠣᠯᠵᠣᠨ ᠲᠣᠭᠲᠠᠭᠰᠠᠨ ᠠᠵᠢᠯ ᠡᠬᠢᠯᠡᠭᠦᠯᠬᠦ ᠡᠳᠦᠷ | ᠬᠤᠭᠤᠴᠠᠭ᠎ᠠ ᠨᠢ 2023 ᠣᠨ ᠤ 7 ᠰᠠᠷ᠎ᠠ ᠶᠢᠨ 10 ᠤ ᠡᠳᠦᠷ ᠪᠣᠯᠣᠨ᠎ᠠ᠃ | ᠣᠳᠣᠬᠠᠨ ᠪᠣᠯᠲᠠᠯ᠎ᠠ᠂ ᠲᠦᠷ ᠪᠠᠷᠢᠯᠭ᠎ᠠ ᠡᠬᠢᠯᠡᠭᠦᠯᠦᠭᠡᠳᠦᠢ ᠪᠠᠶᠢᠵᠤ᠂ ᠲᠤᠬᠠᠢ ᠶᠢᠨ ᠭᠠᠵᠠᠷ ᠲᠤᠨᠢ ᠬᠢᠨᠠᠨ ᠬᠠᠷᠭᠤᠭᠤᠯᠬᠤ ᠶᠢᠨ ᠬᠠᠮᠲᠤ ᠪᠠᠶᠢᠴᠠᠭᠠᠯᠲᠠ | ᠬᠢᠬᠦ ᠪᠠᠷ ᠳᠡᠮᠵᠢᠨ᠂ ᠰᠤᠯᠠ ᠪᠠᠶᠢᠭ᠎ᠠ ᠭᠠᠵᠠᠷ ᠰᠢᠷᠣᠢ ᠪᠠᠷ ᠮᠠᠭᠠᠳᠯᠠᠨ ᠲᠣᠭᠲᠠᠭᠠᠪᠠ᠃ ᠠᠵᠤ ᠠᠬᠤᠶᠢᠯᠠᠯ ᠤᠨ ᠲᠣᠰ ᠪᠡᠶ᠎ᠡ ᠶᠢᠨ ᠰᠢᠯᠲᠠᠭᠠᠨ ᠠᠴᠠ ᠪᠣᠯᠵᠤ ᠭᠠᠵᠠᠷ | ᠰᠢᠷᠣᠢ ᠶᠢ ᠰᠤᠯᠠ ᠪᠣᠯᠭᠠᠭᠰᠠᠨ ᠳᠤ ᠲᠣᠭᠠᠴᠠᠨ᠎ᠠ᠃ | |