ᠮᠥᠰᠥ ᠴᠠᠰᠤᠨ ᠤ ᠦᠪᠡᠳᠡᠭᠰᠢ ᠴᠤᠭᠯᠠᠭᠠᠨ ᠳᠤ ᠬᠠᠮᠲᠤ ᠪᠠᠷ ᠣᠷᠣᠯᠴᠠᠵᠤ ᠪᠣᠳᠠᠰ ᠤᠨ ᠪᠣᠰᠤ ᠰᠣᠶᠣᠯ ᠤᠨ ᠥᠪ ᠤᠨ ᠭᠤᠴᠤ ᠰᠠᠶᠢᠬᠠᠨ ᠢ ᠰᠣᠨᠢᠷᠬᠠᠵᠤ ᠰᠣᠶᠣᠯ ᠤᠨ ᠷᠢᠳᠢ ᠰᠢᠳᠢ ᠶᠢ ᠮᠡᠳᠡᠷᠡᠶ᠎ᠡ
ᠨᠡᠶᠢᠲᠡᠯᠡᠭᠰᠡᠨ ᠴᠠᠭ᠄
2025/1/2
      12 ᠰᠠᠷ᠎ᠠ ᠶᠢᠨ 31 ᠤ ᠡᠳᠦᠷ᠂ ᠠᠶᠠᠯᠭᠤᠲᠤ ᠵᠢᠭᠤᠯᠴᠢᠯᠠᠯ ᠥᠪᠥᠷ ᠮᠣᠩᠭᠤᠯ᠂ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ︱ 2025 ᠣᠨ ᠤ ᠴᠠᠭᠠᠨ ᠰᠠᠷ᠎ᠠ ᠪᠠᠨ ᠤᠭᠲᠤᠬᠤ · ᠰᠢᠨ᠎ᠡ ᠪᠠᠷᠭᠤ ᠪᠠᠷᠠᠭᠤᠨ ᠬᠤᠰᠢᠭᠤᠨ ᠤ ᠦᠬᠡᠷᠲᠦ ᠬᠦᠢᠲᠡᠨ ᠤ ᠦᠯᠦᠭᠡᠢ ᠡᠪᠦᠯ ᠤᠨ ᠤᠯᠠᠷᠢᠯ ᠤᠨ ᠨᠠᠭᠠᠳᠤᠮ ᠬᠦᠳᠡᠭᠡ ᠲᠣᠰᠬᠤᠨ ᠤ ᠨᠠᠶᠢᠷ ᠦᠪᠡᠳᠡᠭᠰᠢ ᠶᠡᠭᠡ ᠪᠠᠷ ᠡᠬᠢᠯᠡᠪᠡ᠃ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ᠂ ᠬᠡᠷᠡᠯ ᠵᠢᠷᠤᠭ ᠤᠨ ᠦᠵᠡᠭᠦᠯᠦᠯᠭᠡ᠂ ᠠᠮᠲᠠᠲᠤ ᠢᠳᠡᠭᠡᠨ ᠢ ᠠᠮᠲᠠᠯᠠᠬᠤ ᠵᠡᠷᠭᠡ ᠵᠠᠩ ᠦᠶᠯᠡ ᠶᠢᠨ ᠠᠵᠢᠯᠯᠠᠭ᠎ᠠ ᠨᠢ ᠳᠦᠷᠪᠡᠨ ᠵᠦᠭ ᠨᠠᠢᠮᠠᠨ ᠵᠣᠪᠬᠢᠰ ᠤᠨ ᠵᠤᠭᠠᠴᠠᠭᠰᠠᠳ ᠤᠨ ᠰᠣᠨᠢᠷᠬᠠᠯ ᠢ ᠲᠠᠲᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠥᠪᠡᠷᠮᠢᠴᠡ ᠷᠢᠳᠢ ᠰᠢᠳᠢ ᠶᠢ ᠪᠥᠬᠦ ᠲᠠᠯ᠎ᠠ ᠪᠠᠷ᠂ ᠣᠯᠠᠨ ᠬᠡᠮᠵᠢᠶ᠎ᠡ ᠪᠠᠷ ᠳᠡᠯᠭᠡᠨ ᠦᠵᠡᠭᠦᠯᠵᠦ ᠪᠠᠶᠢᠨ᠎ᠠ᠃
1.2非遗2.jpg
1.2非遗1.jpg
      ︽ᠰᠣᠭᠲᠣᠭᠤᠷᠠᠮ᠎ᠠ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ︾ ᠪᠥᠬᠦ ᠤᠯᠤᠰ ᠤᠨ ᠬᠡᠷᠡᠯ ᠵᠢᠷᠤᠭ ᠤᠨ ᠦᠵᠡᠰᠬᠦᠯᠡᠩ ᠤᠨ ᠮᠣᠩᠭᠤᠯ ᠭᠡᠷ ᠲᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠥᠷᠪᠡᠨ ᠤᠯᠠᠷᠢᠯ ᠤᠨ ᠥᠩᠭᠡ ᠦᠵᠡᠮᠵᠢ ᠪᠠ ᠰᠣᠶᠣᠯ ᠢᠷᠭᠡᠨᠰᠢᠯ ᠤᠨ ᠦᠵᠡᠮᠵᠢ ᠶᠢ ᠨᠢᠭᠡᠳ ᠨᠢᠭᠡ ᠪᠠᠷ ᠳᠡᠯᠭᠡᠨ ᠦᠵᠡᠭᠦᠯᠵᠦ᠂ ᠦᠵᠡᠭᠴᠢᠳ ᠰᠣᠨᠢᠷᠬᠠᠨ ᠦᠵᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠵᠦᠢᠯ ᠤᠨ ᠥᠩᠭᠡ ᠦᠵᠡᠮᠵᠢ ᠶᠢ ᠣᠶᠢᠯᠠᠭᠠᠨ ᠮᠡᠳᠡᠵᠦ ᠪᠠᠶᠢᠯ᠎ᠠ᠃
1.2非遗3.jpg
1.2非遗4.jpg
      ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠤᠷᠢᠭ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠬᠥᠭᠵᠢᠶᠡᠨ ᠲᠠᠢ ᠶᠠᠪᠤᠭᠳᠠᠵᠤ᠂ ᠥᠩᠭᠡ ᠢᠯᠭᠠᠷᠠᠭᠰᠠᠨ᠂ ᠬᠡ ᠤᠭᠠᠯᠵᠠ ᠨᠢ ᠨᠠᠷᠢᠯᠢᠭ ᠰᠠᠶᠢᠬᠠᠨ ᠢᠰᠡᠭᠡᠢ ᠪᠠᠷ ᠬᠢᠭᠰᠡᠨ ᠴᠠᠬᠢᠯᠭᠠᠨ ᠬᠥᠷᠥᠭᠡᠭᠦᠷ ᠤᠨ ᠨᠠᠭᠠᠯᠲᠠ᠂ ᠡᠭᠦᠷᠬᠦ ᠪᠣᠭᠴᠣ ᠵᠡᠷᠭᠡ ᠪᠠᠶᠢᠨ᠎ᠠ᠃ ᠲᠠᠯ᠎ᠠ ᠨᠤᠲᠤᠭ᠂ ᠮᠣᠩᠭᠤᠯ ᠮᠣᠷᠢ ᠵᠡᠷᠭᠡ ᠰᠣᠶᠣᠯ ᠤᠨ ᠲᠡᠮᠳᠡᠭ ᠵᠢᠴᠢ ᠮᠠᠯᠴᠢᠳ ᠤᠨ ᠠᠮᠢᠳᠤᠷᠠᠯ ᠤᠨ ᠡᠷᠭᠢᠨ ᠲᠣᠭᠤᠷᠢᠨ ᠳᠤ ᠵᠣᠬᠢᠶᠠᠨ ᠪᠦᠲᠦᠭᠡᠭᠰᠡᠨ ᠠᠷᠠᠰᠤᠨ ᠰᠡᠶᠢᠯᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ᠂ ᠡᠯᠭᠦᠭᠡ ᠵᠢᠷᠤᠭ᠂ ᠤᠳᠤ ᠦᠶ᠎ᠡ ᠶᠢᠨ ᠵᠢᠷᠤᠭ ᠲᠥᠯᠥᠪᠯᠡᠭᠡ ᠶᠢᠨ ᠡᠯᠧᠮᠧᠨ᠋ᠲ ᠲᠠᠢ ᠮᠠᠨᠤ ᠴᠢᠯᠠᠭᠤ ᠶᠢᠨ ᠭᠠᠷ ᠤᠷᠠᠯᠠᠯ ᠤᠨ ᠪᠦᠲᠦᠭᠡᠭᠳᠡᠬᠦᠨ᠂ ᠡᠯᠪᠡᠭ ᠪᠠᠶᠠᠯᠢᠭ ᠤᠯᠠᠨ ᠶᠠᠩᠵᠤ ᠶᠢᠨ᠂ ᠠᠮᠲᠠ ᠰᠢᠮᠳᠠ ᠨᠢ ᠨᠠᠷᠢᠯᠢᠭ ᠴᠠᠭᠠᠨ ᠢᠳᠡᠭᠡ ᠁ ᠡᠯ᠎ᠡ ᠵᠦᠢᠯ ᠤᠨ ᠪᠣᠳᠠᠰ ᠤᠨ ᠪᠣᠰᠤ ᠰᠣᠶᠣᠯ ᠤᠨ ᠥᠪ ᠤᠨ ᠪᠦᠲᠦᠭᠡᠭᠳᠡᠬᠦᠨ ᠨᠢᠳᠦ ᠳᠦᠭᠦᠷᠡᠩ ᠬᠠᠷᠠᠭᠳᠠᠵᠤ᠂ ᠤᠯᠠᠨ ᠲᠦᠮᠡᠨ ᠪᠠ ᠵᠤᠭᠠᠴᠠᠭᠰᠠᠳ ᠤᠨ ᠰᠣᠨᠢᠷᠬᠠᠯ ᠢ ᠲᠠᠲᠠᠪᠠ᠃
1.2非遗7.jpg
1.2非遗5.jpg
      ᠨᠥᠭᠦᠭᠡ ᠲᠠᠯ᠎ᠠ ᠳᠤ᠂ ᠴᠠᠰᠤᠨ ᠳᠡᠭᠡᠷᠡᠬᠢ ᠬᠠᠯᠠᠭᠤᠨ ᠲᠣᠭᠤᠭ᠎ᠠ ᠠᠴᠠ ᠬᠠᠯᠠᠭᠤᠨ ᠠᠭᠤᠷ ᠰᠠᠪᠰᠠᠯᠠᠵᠤ᠂ ᠰᠢᠨ᠎ᠡ ᠰᠣᠷᠭᠤᠭ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢ ᠲᠣᠭᠤᠭ᠎ᠠ ᠳᠤ ᠣᠷᠣᠭᠤᠯᠵᠤ᠂ ᠬᠠᠬᠢᠷ ᠬᠦᠢᠲᠡᠨ ᠠᠭᠠᠷ ᠲᠤ ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ᠃  ᠵᠢᠩᠬᠢᠨᠢ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠰᠢᠷᠠᠯᠭ᠎ᠠ ᠴᠤ ᠠᠩᠬᠢᠯᠤᠮ᠎ᠠ ᠦᠨᠦᠷ ᠬᠠᠩᠬᠤᠯᠵᠤ ᠪᠠᠶᠢᠯ᠎ᠠ᠃ ᠵᠤᠭᠠᠴᠠᠭᠰᠠᠳ ᠠᠮᠲᠠᠲᠤ ᠢᠳᠡᠭᠡᠨ ᠤᠮᠳᠠᠭᠠᠨ ᠤ ᠲᠣᠭᠤᠷᠢᠭ ᠢᠶᠠᠷ ᠲᠣᠭᠤᠷᠢᠨ ᠦᠵᠡᠵᠦ᠂ ᠲᠠᠯ᠎ᠠ ᠨᠤᠲᠤᠭ ᠤᠨ ᠥᠪᠡᠷᠮᠢᠴᠡ ᠣᠨᠴᠠᠯᠢᠭ ᠲᠠᠢ ᠪᠡᠯᠡᠭ ᠢ ᠠᠮᠲᠠᠯᠠᠵᠤ᠂ ᠮᠥᠰᠥ ᠴᠠᠰᠤᠨ ᠳᠤ ᠬᠤᠴᠢᠭᠳᠠᠭᠰᠠᠨ ᠰᠠᠶᠢᠨ ᠰᠠᠶᠢᠬᠠᠨ ︽ᠢᠳᠡᠭᠡᠨ︾ ᠢ ᠠᠮᠲᠠᠯᠠᠵᠤ᠂ ᠬᠠᠯᠠᠭᠤᠨ ᠳᠤᠯᠠᠭᠠᠨ ᠠᠭᠤᠷ ᠠᠮᠢᠰᠬᠤᠯ ᠪᠠ ᠬᠠᠨᠤᠮᠵᠢᠲᠠᠢ ᠲᠥᠷᠥᠭᠳᠡᠯ ᠣᠯᠭᠤᠪᠠ᠃
1.2非遗9.jpg
      2024 ᠣᠨ ᠠᠴᠠ ᠨᠠᠰᠢ᠂ ᠰᠢᠨ᠎ᠡ ᠪᠠᠷᠭᠤ ᠪᠠᠷᠠᠭᠤᠨ ᠬᠤᠰᠢᠭᠤᠨ ︽ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠢᠳᠡᠪᠬᠢᠲᠡᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠯᠠᠯᠲᠠ᠂ ᠨᠠᠭᠠᠳᠤᠮ ᠬᠦᠳᠡᠭᠡ ᠲᠣᠰᠬᠤᠨ ᠤ ᠨᠠᠶᠢᠷ᠂ ᠠᠷᠠᠳ ᠤᠨ ᠵᠠᠩ ᠦᠢᠯᠡ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠩ ᠰᠠᠶᠢᠲᠤᠷ ᠢᠯᠡᠷᠡᠭᠦᠯᠵᠦ᠂ ᠮᠥᠰᠥ ᠴᠠᠰᠤᠨ ᠤ ᠲᠠᠮᠢᠷ ᠤᠨ ᠠᠵᠢᠯᠯᠠᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠬᠤᠰᠢᠭᠤᠨ ᠤ ︽ᠨᠠᠭᠠᠳᠤᠮ ᠬᠦᠳᠡᠭᠡ ᠲᠣᠰᠬᠤᠨ ᠤ ᠨᠠᠶᠢᠷ︾ ᠤᠨ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠬᠦᠯᠵᠦ᠂ ᠰᠣᠶᠣᠯ ᠮᠠᠯ ᠠᠵᠤ ᠠᠬᠤᠢ ᠵᠢᠭᠤᠯᠴᠢᠯᠠᠯ ᠬᠠᠮᠲᠤᠪᠠᠷ ᠴᠡᠴᠡᠭᠯᠡᠨ ᠬᠥᠭᠵᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠦᠵᠡᠰᠬᠦᠯᠡᠩᠲᠦ ᠰᠠᠶᠢᠬᠠᠨ ᠵᠢᠷᠤᠭ ᠢ ᠵᠢᠷᠤᠭᠯᠠᠵᠤ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ