ᠤᠳᠠᠯ ᠦᠭᠡᠢ 4 ᠰᠠᠷ᠎ᠠ ᠣᠷᠴᠢᠮ ᠤᠨ ᠮᠥᠰᠥᠲᠦᠯᠭᠡ ᠶᠢᠨ ᠬᠤᠭᠤᠴᠠᠭᠠᠨ ᠳᠤ ᠣᠷᠣᠬᠤ ᠭᠡᠵᠦ ᠪᠠᠶᠢᠨ᠎ᠠ᠂ ᠡᠨᠡ ᠦᠶ᠎ᠡ ᠳᠤ ᠴᠥᠭᠦᠷᠥᠮ ᠨᠢ ᠭᠠᠳᠠᠭᠠᠳᠤ | ᠣᠷᠴᠢᠨ ᠠᠴᠠ ᠪᠦᠷᠢᠮᠦᠰᠦᠨ ᠲᠤᠰᠠᠭᠠᠷᠯᠠᠭᠳᠠᠵᠤ᠂ ᠤᠰᠤᠨ ᠴᠣᠭᠴᠠ ᠶᠢᠨ ᠬᠤᠪᠢᠷᠠᠯᠲᠠ ᠪᠠ ᠵᠢᠭᠠᠰᠤᠨ ᠤ ᠵᠦᠢᠯ ᠤᠨ ᠠᠵᠢᠯᠯᠠᠭ᠎ᠠ ᠶᠢ ᠠᠵᠢᠭᠯᠠᠬᠤ ᠳᠤ ᠬᠦᠴᠢᠷᠲᠡᠢ᠂ | ᠵᠢᠭᠠᠰᠤᠨ ᠤ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠳᠣᠣᠷᠠᠬᠢ ᠬᠡᠳᠦᠨ ᠲᠠᠯ᠎ᠠ ᠶᠢ ᠠᠩᠬᠠᠷᠬᠤ ᠴᠢᠬᠤᠯᠠᠲᠠᠢ᠄ | 1. ᠤᠰᠤᠨ ᠤ ᠲᠦᠪᠰᠢᠨ ᠤ ᠬᠤᠪᠢᠷᠠᠯᠲᠠ᠄ ᠡᠪᠦᠯ ᠤᠨ ᠴᠥᠭᠦᠷᠥᠮ ᠤᠨ ᠤᠰᠤᠨ ᠤ ᠲᠦᠪᠰᠢᠨ ᠢ 1.7 — 2.5 ᠮᠧᠲᠷ ᠪᠠᠶᠢᠯᠭᠠᠪᠠᠯ ᠰᠠᠶ᠋ᠢ ᠭᠦᠨ | ᠤᠰᠤᠨ ᠤ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠨ᠎ᠠ᠂ ᠤᠰᠤ ᠨᠡᠪᠴᠢᠬᠦ ᠨᠢ ᠬᠦᠨᠳᠦ ᠨᠣᠴᠢᠲᠠᠢ ᠴᠥᠭᠦᠷᠥᠮ ᠳᠤ ᠴᠠᠭ ᠲᠤᠬᠠᠢ ᠳᠤᠨᠢ ᠰᠢᠨ᠎ᠡ ᠤᠰᠤ | ᠨᠡᠮᠡᠬᠦ ᠬᠡᠷᠡᠭᠲᠡᠢ᠃ | 2. ︽ᠭᠤᠣᠯ ᠢ ᠪᠢᠲᠡᠭᠦᠮᠵᠢᠯᠡᠬᠦ︾ ᠠᠴᠠ ᠡᠮᠦᠨᠡᠬᠢ ᠡᠮᠲᠦ ᠪᠣᠳᠠᠰ ᠤᠨ ᠬᠡᠷᠡᠭᠯᠡᠯᠲᠡ᠄ ᠡᠪᠦᠯ ᠤᠨ ᠤᠯᠠᠷᠢᠯ ᠳᠤ ᠴᠥᠭᠦᠷᠥᠮ ᠳᠤ ᠮᠥᠰᠥ ᠪᠦᠷᠬᠦᠵᠦ᠂ | ᠤᠰᠤᠨ ᠴᠣᠭᠴᠠ ᠶᠢ ᠠᠭᠠᠷ ᠠᠴᠠ ᠲᠤᠰᠠᠭᠠᠷᠯᠠᠳᠠᠭ᠂ ᠤᠰᠤᠨ ᠴᠣᠭᠴᠠ ᠳᠣᠲᠣᠷᠠᠬᠢ ᠠᠭᠤᠰᠤᠭᠳᠠᠮᠠᠯ ᠬᠦᠴᠢᠯᠲᠥ᠋ᠷᠥᠭᠴᠢ ᠶᠢᠨ ᠢᠷᠡᠯᠲᠡ ᠨᠢ ᠪᠠᠷᠤᠭ | ᠪᠦᠬᠦᠨ ᠢᠶᠠᠷ ᠢᠶᠠᠨ ᠵᠠᠮᠠᠭ ᠤᠨ ᠲᠦᠷᠦᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠲᠦᠰᠢᠭᠯᠡᠨ ᠬᠦᠴᠢᠯᠲᠥ᠋ᠷᠥᠭᠴᠢ ᠡᠭᠦᠰᠬᠡᠳᠡᠭ᠃ ᠡᠶᠢᠮᠦ ᠠᠴᠠ | ᠬᠥᠯᠳᠡᠬᠦ ᠠᠴᠠ ᠬᠠᠭᠠᠰ ᠰᠠᠷ᠎ᠠ ᠶᠢᠨ ᠡᠮᠦᠨ᠎ᠡ᠂ ᠪᠥᠬᠦ ᠲᠠᠲᠠᠭᠠᠯ ᠳᠤ ᠬᠤᠷᠣᠬᠠᠢ ᠠᠯᠠᠬᠤ ᠡᠮ ᠪᠠ ᠠᠷᠢᠭᠤᠳᠬᠠᠬᠤ ᠡᠮ ᠰᠠᠴᠤᠳᠠᠭ᠃ ᠬᠤᠷᠣᠬᠠᠢ ᠠᠯᠠᠬᠤ ᠡᠮ ᠨᠢ | ᠤᠰᠤᠨ ᠳᠣᠲᠣᠷᠠᠬᠢ ᠢᠵᠠᠭᠤᠷ ᠠᠮᠢᠲᠠᠨ ᠤ ᠲᠤᠭ᠎ᠠ ᠬᠡᠮᠵᠢᠶ᠎ᠡ ᠶᠢ ᠪᠠᠭᠠᠰᠬᠠᠵᠤ᠂ ᠬᠥᠯᠳᠡᠭᠰᠡᠨ ᠤ ᠳᠠᠷᠠᠭᠠᠬᠢ ᠤᠰᠤᠨ ᠳᠣᠲᠣᠷᠠᠬᠢ ᠠᠮᠢᠳᠤ ᠪᠣᠳᠠᠰ ᠤᠨ | ᠬᠦᠴᠢᠯᠲᠥ᠋ᠷᠥᠭᠴᠢ ᠵᠠᠷᠤᠴᠠᠭᠤᠯᠬᠤ ᠬᠡᠮᠵᠢᠶ᠎ᠡ ᠶᠢ ᠪᠠᠭᠤᠷᠠᠭᠤᠯᠤᠨ᠎ᠠ᠃ ᠠᠷᠢᠭᠤᠳᠬᠠᠬᠤ ᠡᠮ ᠨᠢ ᠴᠥᠭᠦᠷᠥᠮ ᠳᠠᠬᠢ ᠡᠪᠦᠯᠵᠢᠬᠦ ᠵᠢᠭᠠᠰᠤᠨ ᠤ ᠲᠥᠷᠥᠯ ᠤᠨ | ᠲᠣᠣᠷ ᠠᠴᠠ ᠪᠣᠯᠤᠭᠰᠠᠨ ᠰᠢᠷᠬ᠎ᠠ ᠶᠢ ᠠᠷᠢᠭᠤᠳᠬᠠᠵᠤ᠂ ᠰᠢᠷᠬᠠᠨ ᠤ ᠡᠳᠡᠭᠡᠷᠡᠯᠲᠡ ᠶᠢ ᠲᠦᠷᠭᠡᠳᠬᠡᠵᠦ᠂ ᠤᠰᠤᠨ ᠬᠥᠭᠡᠴᠦ ᠶᠢᠨ ᠡᠪᠡᠳᠴᠢᠨ ᠡᠭᠦᠰᠬᠦ ᠶᠢ ᠰᠡᠷᠭᠡᠶᠢᠯᠡᠬᠦ | ᠪᠠ ᠪᠠᠭᠠᠰᠬᠠᠨ᠎ᠠ᠃ | 3. ᠡᠪᠦᠯᠵᠢᠬᠦ ᠠᠴᠠ ᠡᠮᠦᠨᠡᠬᠢ ᠪᠣᠷᠳᠣᠭᠤᠷ ᠢ ᠬᠡᠷᠡᠭᠯᠡᠬᠦ᠄ ᠴᠥᠭᠦᠷᠥᠮ ᠤᠨ ᠪᠣᠷᠳᠣᠭᠤᠷ ᠢ ᠬᠡᠷᠡᠭᠯᠡᠬᠦ ᠳᠡᠭᠡᠨ ᠪᠣᠳᠠᠲᠤ ᠪᠠᠶᠢᠳᠠᠯ ᠢ ᠦᠨᠳᠦᠰᠦᠯᠡᠨ ᠬᠡᠷᠡᠭᠯᠡᠬᠦ | ᠬᠡᠷᠡᠭᠲᠡᠢ᠃ ᠪᠣᠷᠳᠣᠭᠤᠷ ᠣᠷᠣᠭᠤᠯᠬᠤ ᠴᠢᠬᠤᠯᠠ ᠲᠠᠢ ᠴᠥᠭᠦᠷᠥᠮ ᠤᠨ ᠣᠯᠠᠩᠬᠢ ᠨᠢ ᠰᠢᠨ᠎ᠡ ᠪᠠᠷ ᠨᠡᠭᠡᠭᠡᠭᠰᠡᠨ ᠴᠥᠭᠦᠷᠥᠮ ᠪᠣᠯᠣᠨ᠎ᠠ᠂ ᠨᠠᠭᠤᠷ ᠤᠨ ᠢᠷᠤᠭᠠᠷ ᠤᠨ | ᠯᠠᠭ ᠰᠢᠪᠠᠷ ᠨᠢ ᠨᠡᠯᠢᠶᠡᠳ ᠪᠠᠭ᠎ᠠ ᠪᠣᠯᠬᠤᠷ᠂ ᠴᠥᠭᠦᠷᠥᠮ ᠤᠨ ᠳᠣᠲᠣᠷᠠᠬᠢ ᠰᠠᠭᠤᠷᠢ ᠪᠣᠷᠳᠣᠭᠤᠷ ᠬᠦᠷᠦᠯᠴᠡᠬᠦ ᠦᠭᠡᠢ ᠪᠠᠶᠢᠵᠤ᠂ ᠡᠨᠡ ᠦᠶ᠎ᠡ ᠳᠤ ᠬᠥᠮᠥᠨ ᠤ | ᠬᠦᠴᠦ ᠪᠠᠷ ᠪᠣᠷᠳᠣᠭᠤᠷ ᠨᠥᠬᠦᠪᠦᠷᠢᠯᠡᠬᠦ ︵ᠣᠷᠭᠠᠨᠢᠭ ᠪᠣᠷᠳᠣᠭᠤᠷ ᠢᠶᠠᠷ ᠭᠤᠣᠯ ᠪᠣᠯᠭᠠᠬᠤ︶ ᠪᠠᠷ ᠤᠰᠤᠨ ᠴᠣᠭᠴᠠ ᠶᠢᠨ ᠪᠣᠷᠳᠣᠭᠤᠷ ᠨᠡᠮᠡᠭᠳᠡᠭᠦᠯᠵᠦ᠂ ᠡᠪᠦᠯ ᠤᠨ | ᠤᠯᠠᠷᠢᠯ ᠳᠤ ᠮᠥᠰᠥ ᠪᠢᠲᠡᠭᠦᠮᠵᠢᠯᠡᠭᠰᠡᠨ ᠤ ᠳᠠᠷᠠᠭ᠎ᠠ ᠬᠦᠴᠢᠯᠲᠥ᠋ᠷᠥᠭᠴᠢ ᠳᠤᠲᠠᠭᠳᠠᠬᠤ ᠦᠵᠡᠭᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠬᠠᠭᠤᠴᠢᠨ | ᠴᠥᠭᠦᠷᠥᠮ ᠳᠤ ᠰᠠᠭᠤᠷᠢ ᠪᠣᠷᠳᠣᠭᠤᠷ ᠭᠦᠢᠴᠡᠳ ᠪᠠᠶᠢᠵᠤ᠂ ᠤᠰᠤᠨ ᠴᠥᠭᠦᠷᠥᠮ ᠳᠠᠬᠢ ᠬᠥᠪᠥᠮᠡᠯ ᠤᠷᠭᠤᠮᠠᠯ ᠤᠨ ᠥᠰᠦᠯᠲᠡ ᠶᠢ ᠬᠠᠩᠭᠠᠵᠤ ᠴᠢᠳᠠᠳᠠᠭ᠂ | ᠡᠶᠢᠮᠦ ᠠᠴᠠ ᠪᠣᠷᠳᠣᠭᠤᠷ ᠣᠷᠣᠭᠤᠯᠬᠤ ᠴᠢᠬᠤᠯᠠ ᠦᠭᠡᠢ᠂ ᠬᠡᠷᠪᠡ ᠬᠠᠭᠤᠴᠢᠨ ᠴᠥᠭᠦᠷᠥᠮ ᠳᠤ ᠪᠣᠷᠳᠣᠭᠤᠷ ᠨᠥᠬᠦᠪᠦᠷᠢᠯᠡᠪᠡᠯ᠂ ᠢᠷᠡᠬᠦ ᠵᠢᠯ ᠤᠨ ᠬᠠᠪᠤᠷ ᠤᠨ | ᠤᠰᠤᠨ ᠤ ᠬᠥᠭᠡᠴᠦ ᠡᠪᠡᠳᠴᠢᠨ᠂ ᠵᠠᠯᠮᠠᠭᠠᠢ ᠶᠢᠨ ᠬᠥᠭᠡᠴᠦ ᠵᠡᠷᠭᠡ ᠡᠪᠡᠳᠴᠢᠨ ᠤ ᠡᠭᠦᠰᠬᠦ ᠨᠣᠷᠮ᠎ᠠ ᠶᠢ ᠨᠡᠮᠡᠭᠳᠡᠭᠦᠯᠦᠨ᠎ᠡ᠃ | 4. ︽ᠬᠠᠷ᠎ᠠ ᠮᠥᠰᠥ︾ ᠶᠢ ᠰᠢᠢᠳᠪᠦᠷᠢᠯᠡᠬᠦ᠄ ᠪᠣᠷᠣᠭᠠᠨ ᠴᠠᠰᠤ ᠲᠠᠢ ᠴᠠᠭ ᠠᠭᠤᠷ ᠳᠤ ᠬᠥᠯᠳᠡᠭᠰᠡᠨ ᠮᠥᠰᠥᠨ ᠤ ᠲᠤᠩᠭᠠᠯᠠᠭ ᠤᠨ ᠬᠡᠮᠵᠢᠶ᠎ᠡ ᠨᠡᠯᠢᠶᠡᠳ | ᠳᠣᠣᠷ᠎ᠠ ᠪᠠᠶᠢᠳᠠᠭ᠂ ᠶᠡᠷᠦ ᠳᠡᠭᠡᠨ ︽ᠬᠠᠷ᠎ᠠ ᠮᠥᠰᠥ︾ ᠭᠡᠳᠡᠭ᠂ ᠡᠨᠡ ᠦᠶ᠎ᠡ ᠳᠤ ᠡᠷᠬᠡᠪᠰᠢ ᠴᠠᠭ ᠲᠤᠬᠠᠢ ᠳᠤᠨᠢ ᠰᠢᠨ᠎ᠡ ᠤᠰᠤ ᠨᠡᠮᠡᠵᠦ ᠤᠬᠢᠶᠠᠬᠤ ᠪᠤᠶᠤ | ᠬᠥᠮᠥᠨ ᠤ ᠬᠦᠴᠦ ᠪᠠᠷ ᠮᠥᠰᠥ ᠬᠠᠭᠠᠯᠵᠤ᠂ ᠲᠡᠭᠦᠨ ᠢ ᠳᠠᠬᠢᠨ ᠬᠥᠯᠳᠡᠭᠡᠬᠦ ᠬᠡᠷᠡᠭᠲᠡᠢ᠃ | 5. ᠴᠠᠰᠤ ᠱᠦᠭᠦᠷᠳᠡᠬᠦ᠄ ᠴᠠᠰᠤ ᠱᠦᠭᠦᠷᠳᠡᠬᠦ ᠳᠤ ᠴᠠᠭ ᠠᠭᠤᠷ ᠤᠨ ᠪᠠᠶᠢᠳᠠᠯ ᠢ ᠦᠵᠡᠬᠦ ᠬᠡᠷᠡᠭᠲᠡᠢ᠂ ᠬᠡᠷᠪᠡ ᠦᠷᠭᠦᠯᠵᠢᠯᠡᠨ ᠲᠤᠩᠭᠠᠯᠠᠭ ᠡᠳᠦᠷ ᠪᠠᠶᠢᠪᠠᠯ᠂ | ᠴᠠᠰᠤ ᠱᠦᠭᠦᠷᠳᠡᠬᠦ ᠲᠠᠯᠠᠪᠠᠶ ᠨᠢ 60% ᠪᠠᠶᠢᠪᠠᠯ ᠪᠣᠯᠴᠢᠬᠠᠨ᠎ᠠ᠂ ᠬᠡᠰᠡᠭ ᠴᠠᠰᠤ ᠦᠯᠡᠳᠡᠭᠡᠵᠦ ᠰᠡᠭᠦᠳᠡᠷ ᠢ ᠬᠠᠯᠬᠠᠯᠠᠨ᠂ ᠮᠥᠰᠥᠨ ᠤ ᠳᠣᠣᠷᠠᠬᠢ ᠵᠠᠮᠠᠭ ᠤᠨ | ᠲᠥᠷᠥᠯ ᠤᠨ ᠬᠡᠲᠦᠷᠬᠡᠢ ᠦᠷᠡᠵᠢᠬᠦ ᠠᠴᠠ ᠵᠠᠶᠢᠯᠠᠰᠬᠢᠵᠦ᠂ ᠮᠥᠰᠥᠨ ᠤ ᠳᠣᠣᠷᠠᠬᠢ ᠬᠡᠢ ᠴᠥᠪᠥᠷᠢᠭᠦᠲᠦᠬᠦ ᠡᠪᠡᠳᠴᠢᠨ ᠡᠭᠦᠰᠬᠦ ᠠᠴᠠ ᠵᠠᠶᠢᠯᠠᠰᠬᠢᠨ᠎ᠡ᠃ ᠬᠡᠷᠪᠡ | ᠦᠷᠭᠦᠯᠵᠢᠯᠡᠨ ᠪᠦᠷᠬᠦᠭ ᠡᠳᠦᠷ ᠪᠠᠶᠢᠪᠠᠯ ᠴᠠᠰᠤ ᠱᠦᠭᠦᠷᠳᠡᠬᠦ ᠲᠠᠯᠠᠪᠠᠶ ᠶᠢ 80% ᠳᠤ ᠪᠠᠶᠢᠯᠭᠠᠵᠤ᠂ ᠮᠥᠰᠥᠨ ᠳᠣᠣᠷᠠᠬᠢ ᠤᠰᠤᠨ ᠴᠣᠭᠴᠠ ᠶᠢᠨ ᠵᠠᠮᠠᠭ | ᠤᠨᠠᠬᠤ ᠶᠢ ᠰᠡᠷᠭᠡᠶᠢᠯᠡᠵᠦ᠂ ᠬᠦᠴᠢᠯᠲᠥ᠋ᠷᠥᠭᠴᠢ ᠳᠤᠲᠠᠭᠳᠠᠬᠤ ᠶᠢ ᠰᠡᠷᠭᠡᠶᠢᠯᠡᠨ᠎ᠡ᠃ | 6. ᠠᠭᠤᠰᠤᠮᠠᠯ ᠬᠦᠴᠢᠯᠲᠥ᠋ᠷᠥᠭᠴᠢ ᠶᠢ ᠬᠡᠮᠵᠢᠬᠦ᠄ ᠡᠪᠦᠯ ᠤᠨ ᠲᠦᠢᠯ ᠤᠨ ᠡᠮᠦᠨ᠎ᠡ ᠬᠤᠶᠢᠨᠠᠬᠢ ᠭᠡᠷᠡᠯ ᠤᠨ ᠲᠤᠰᠤᠯᠲᠠ ᠶᠢᠨ ᠬᠤᠭᠤᠴᠠᠭ᠎ᠠ ᠬᠠᠮᠤᠭ ᠣᠬᠤᠷ | ᠬᠤᠭᠤᠴᠠᠭᠠᠨ ᠳᠤ᠂ ᠮᠥᠰᠥᠨ ᠳᠣᠣᠷᠠᠬᠢ ᠤᠰᠤᠨ ᠤ ᠭᠦᠨ ᠨᠢ 1. 5 ᠮᠧᠳ᠋ᠷ ᠠᠴᠠ ᠳᠣᠷᠣᠭᠰᠢ ᠪᠠᠶᠢᠳᠠᠭ ᠭᠦᠢᠬᠡᠨ ᠤᠰᠤᠨ ᠴᠥᠭᠦᠷᠥᠮ ᠤᠨ ᠠᠭᠤᠰᠤᠭᠳᠠᠮᠠᠯ | ᠬᠦᠴᠢᠯᠲᠥ᠋ᠷᠥᠭᠴᠢ ᠲᠦᠷᠭᠡᠨ ᠳᠣᠷᠣᠭᠰᠢᠯᠠᠵᠤ᠂ ᠦᠷᠭᠦᠯᠵᠢ 3mg/L ᠣᠷᠴᠢᠮ ᠤᠨ ᠠᠶᠤᠯ ᠦᠭᠡᠢ ᠬᠢᠵᠠᠭᠠᠷ ᠬᠡᠮᠵᠢᠭᠳᠡᠯ ᠳᠤ ᠬᠦᠷᠲᠡᠯ᠎ᠡ ᠳᠣᠷᠣᠭᠰᠢᠯᠠᠵᠤ᠂ | ᠦᠷᠭᠦᠯᠵᠢᠯᠡᠨ ᠪᠦᠷᠬᠦᠭ ᠡᠳᠦᠷ ᠴᠠᠰᠤ ᠣᠷᠣᠵᠤ᠂ ᠴᠢᠨᠠᠭᠰᠢᠯᠠᠨ 1mg/L ᠳᠤ ᠬᠦᠷᠴᠦ᠂ ᠡᠪᠦᠯᠵᠢᠬᠦ ᠵᠢᠭᠠᠰᠤ ᠮᠥᠰᠥᠨ ᠳᠣᠣᠷ᠎ᠠ ᠬᠦᠴᠢᠯᠲᠥ᠋ᠷᠥᠭᠴᠢ | ᠳᠤᠲᠠᠭᠳᠠᠨ᠎ᠠ᠃ ᠡᠶᠢᠮᠦ ᠠᠴᠠ 4 — 5 ᠡᠳᠦᠷ ᠪᠦᠷᠢ ᠳᠤ ᠮᠥᠰᠥᠨ ᠰᠦᠪᠡ ᠪᠠᠷ ᠠᠭᠤᠰᠤᠭᠳᠠᠮᠠᠯ ᠬᠦᠴᠢᠯᠲᠥ᠋ᠷᠥᠭᠴᠢ ᠶᠢ ᠬᠡᠮᠵᠢᠨ᠎ᠡ᠃ ᠠᠭᠤᠰᠤᠭᠳᠠᠮᠠᠯ | ᠬᠦᠴᠢᠯᠲᠥ᠋ᠷᠥᠭᠴᠢ ᠳᠣᠣᠷ᠎ᠠ ᠪᠤᠶᠤ ᠬᠡᠲᠦᠷᠬᠡᠢ ᠬᠠᠨᠤᠮᠠᠯ ᠪᠠᠶᠢᠬᠤ ᠦᠶ᠎ᠡ ᠳᠤ᠂ ᠳᠠᠷᠤᠢ ᠲᠦᠷᠭᠡᠨ ᠮᠥᠰᠥ ᠬᠠᠭᠠᠯᠵᠤ ᠬᠦᠴᠢᠯᠲᠥ᠋ᠷᠥᠭᠴᠢ ᠨᠡᠮᠡᠭᠳᠡᠭᠦᠯᠬᠦ ᠮᠠᠰᠢᠨ ᠢ | ᠨᠡᠭᠡᠭᠡᠵᠦ ᠬᠦᠴᠢᠯᠲᠥ᠋ᠷᠥᠭᠴᠢ ᠨᠡᠮᠡᠭᠳᠡᠭᠦᠯᠦᠨ ᠬᠡᠢ ᠶᠢ ᠨᠢ ᠭᠠᠷᠭᠠᠨ᠎ᠠ᠃ |