ᠡᠪᠦᠯ ᠤᠨ ᠤᠯᠠᠷᠢᠯ ᠤᠨ ᠭᠦᠵᠡᠯᠵᠡᠭᠡᠨ᠎ᠡ ᠶᠢᠨ ᠵᠢᠮᠢᠰᠯᠡᠬᠦ ᠦᠶ᠎ᠡ ᠳᠤ ᠶᠡᠷᠦ ᠶᠢᠨ ᠡᠳᠦᠷ ᠤᠨ ᠳᠤᠮᠳᠠᠴᠢ ᠳᠤᠯᠠᠭᠠᠨ ᠤ ᠬᠡᠮᠵᠢᠶ᠎ᠡ ᠶᠢ 5 ᠼᠧᠯᠰ ᠭᠷᠡᠳᠦ᠋ᠰ ᠠᠴᠠ | ᠳᠡᠭᠡᠭᠰᠢ᠂ 24 ᠼᠧᠯᠰ ᠭᠷᠡᠳᠦ᠋ᠰ ᠠᠴᠠ ᠳᠣᠷᠣᠭᠰᠢ ᠬᠢᠵᠠᠭᠠᠷᠯᠠᠨ᠎ᠠ᠃ ᠭᠦᠵᠡᠯᠵᠡᠭᠡᠨ᠎ᠡ ᠵᠢᠮᠢᠰᠯᠡᠭᠰᠡᠨ ᠤ ᠳᠠᠷᠠᠭ᠎ᠠ᠂ ᠬᠦᠯᠡᠮᠵᠢ ᠶᠢᠨ ᠡᠳᠦᠷ ᠤᠨ ᠳᠤᠯᠠᠭᠠᠨ ᠤ | ᠬᠡᠮᠵᠢᠶ᠎ᠡ ᠶᠢ 20 ᠼᠧᠯᠰ ᠭᠷᠡᠳᠦ᠋ᠰ ᠠᠴᠠ 24 ᠼᠧᠯᠰ ᠤᠨ ᠭᠷᠡᠳᠦ᠋ᠰ ᠲᠤ ᠬᠢᠵᠠᠭᠠᠷᠯᠠᠵᠤ᠂ ᠰᠥᠨᠢ ᠶᠢᠨ ᠳᠤᠯᠠᠭᠠᠨ ᠤ ᠬᠡᠮᠵᠢᠶ᠎ᠡ ᠶᠢ 0 ᠼᠧᠯᠰ ᠭᠷᠡᠳᠦ᠋ᠰ ᠠᠴᠠ 15 | ᠼᠧᠯᠰ ᠭᠷᠡᠳᠦ᠋ᠰ ᠲᠤ ᠬᠢᠵᠠᠭᠠᠷᠯᠠᠵᠤ᠂ ᠬᠡᠲᠦᠷᠬᠡᠢ ᠳᠣᠣᠷ᠎ᠠ ᠪᠠᠶᠢᠯᠭᠠᠵᠤ ᠪᠣᠯᠬᠤ ᠦᠭᠡᠢ᠃ ᠡᠭᠦᠯᠡ ᠲᠠᠢ᠂ ᠪᠣᠬᠢᠷ ᠮᠠᠨᠠᠨ᠂ ᠪᠦᠷᠬᠦᠭ ᠴᠠᠰᠤ ᠲᠠᠢ ᠴᠠᠭ ᠠᠭᠤᠷ ᠲᠤ | ᠵᠣᠬᠢᠬᠤ ᠬᠡᠮᠵᠢᠶ᠎ᠡ ᠪᠠᠷ ᠬᠡᠷᠡᠯ ᠳᠤᠰᠬᠠᠬᠤ ᠬᠡᠷᠡᠭᠲᠡᠢ᠂ ᠬᠡᠷᠡᠯ ᠳᠤᠰᠬᠠᠬᠤ ᠴᠠᠭ ᠢ ᠣᠬᠤᠷ ᠰᠢᠭ᠋ ᠪᠠᠶᠢᠯᠭᠠᠵᠤ ᠪᠣᠯᠣᠨ᠎ᠠ᠂ ᠵᠢᠱᠢᠶᠡᠯᠡᠪᠡᠯ ᠪᠦᠷᠬᠦᠭ ᠡᠳᠦᠷ ᠲᠤ ᠡᠩ ᠤᠨ | ᠴᠠᠭ ᠤᠨ ᠦᠳᠡ ᠶᠢᠨ ᠡᠮᠦᠨᠡᠬᠢ 9 ᠴᠠᠭ ᠠᠴᠠ ᠰᠡᠭᠦᠯᠡᠷ ᠬᠡᠷᠡᠯ ᠳᠤᠰᠬᠠᠵᠤ᠂ ᠣᠨᠴᠠᠭᠠᠶ ᠴᠠᠭ ᠠᠭᠤᠷ ᠲᠣᠬᠢᠶᠠᠯᠳᠤᠪᠠᠯ ᠬᠤᠶᠢᠰᠢᠯᠠᠭᠤᠯᠤᠨ᠂ ᠦᠳᠡ ᠶᠢᠨ ᠡᠮᠦᠨᠡᠬᠢ | 11 ᠴᠠᠭ ᠠᠴᠠ ᠦᠳᠡ ᠶᠢᠨ ᠬᠤᠶᠢᠨᠠᠬᠢ 2 ᠴᠠᠭ ᠤᠨ ᠬᠤᠭᠤᠷᠣᠨᠳᠤ ᠳᠤᠰᠬᠠᠵᠤ᠂ ᠴᠢᠭᠢᠭ ᠤᠨ ᠬᠡᠮᠵᠢᠶ᠎ᠡ ᠶᠢ 80% ᠠᠴᠠ ᠳᠣᠷᠣᠭᠰᠢ ᠪᠠᠶᠢᠯᠭᠠᠬᠤ ᠬᠡᠷᠡᠭᠲᠡᠢ᠃ | ᠭᠦᠵᠡᠯᠵᠡᠭᠡᠨ᠎ᠡ ᠤᠷᠭᠤᠬᠤ ᠶᠠᠪᠤᠴᠠ ᠳᠠᠭᠠᠨ ᠠᠮᠠᠷᠬᠠᠨ ᠵᠡᠷᠡᠮᠳᠡᠭ ᠪᠣᠯᠳᠠᠭ ᠰᠢᠯᠳᠠᠭᠠᠨ᠄ ᠨᠢᠭᠡ ᠳᠤ ᠳᠤᠯᠠᠭᠠᠨ ᠤ ᠬᠡᠮᠵᠢᠶ᠎ᠡ ᠬᠡᠲᠦᠷᠬᠡᠢ ᠳᠣᠣᠷ᠎ᠠ᠃ ᠰᠡᠷᠭᠡᠶᠢᠯᠡᠨ | ᠵᠠᠰᠠᠬᠤ ᠠᠷᠭ᠎ᠠ ᠪᠣᠯ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ ᠳᠡᠩᠳᠡᠭᠦᠦ ᠳᠣᠣᠷ᠎ᠠ ᠪᠠᠶᠢᠯᠭᠠᠵᠤ ᠪᠣᠯᠬᠤ ᠦᠭᠡᠢ᠂ ᠨᠡᠩ ᠴᠤ ᠤᠷᠲᠤ ᠬᠤᠭᠤᠴᠠᠭ᠎ᠠ ᠪᠠᠷ ᠳᠣᠣᠷ᠎ᠠ | ᠪᠠᠶᠢᠯᠭᠠᠵᠤ ᠪᠣᠯᠬᠤ ᠦᠭᠡᠢ᠃ ᠬᠤᠶᠠᠷ ᠲᠤ ᠲᠣᠭᠤᠰᠣ ᠬᠦᠷᠲᠡᠭᠡᠬᠦ ᠨᠢ ᠮᠠᠭᠤ᠃ ᠨᠥᠬᠦᠴᠡᠯ ᠲᠠᠢ ᠬᠦᠯᠡᠮᠵᠢ ᠳᠤ ᠪᠠᠯᠲᠤ ᠵᠥᠭᠡᠢ ᠪᠠᠷ ᠲᠣᠭᠤᠰᠣ ᠬᠦᠷᠲᠡᠭᠡᠵᠦ᠂ | ᠭᠦᠵᠡᠯᠵᠡᠭᠡᠨ᠎ᠡ ᠶᠢᠨ ᠵᠢᠮᠢᠰᠯᠡᠬᠦ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃ ᠭᠤᠷᠪᠠ ᠳᠤ ᠪᠣᠷᠳᠣᠭᠤᠷ ᠤᠰᠤᠨ ᠤ ᠬᠠᠮᠢᠶᠠᠷᠤᠯᠲᠠ᠃ ᠭᠦᠵᠡᠯᠵᠡᠭᠡᠨ᠎ᠡ ᠵᠢᠮᠢᠰᠯᠡᠬᠦ ᠠᠴᠠ | ᠡᠮᠦᠨ᠎ᠡ 10 ᠡᠳᠦᠷ ᠤᠨ ᠣᠷᠴᠢᠮ ᠢᠶᠠᠷ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠵᠦ ᠪᠣᠯᠬᠤ ᠦᠭᠡᠢ᠃ ᠡᠨᠡ ᠦᠶ᠎ᠡ ᠳᠤ ᠹᠣᠰᠹᠣᠷ ᠪᠣᠷᠳᠣᠭᠤᠷ ᠢᠯᠡᠭᠦᠦ | ᠣᠷᠣᠭᠤᠯᠬᠤ ᠶᠢᠨ ᠬᠠᠮᠲᠤ ᠴᠡᠴᠡᠭ ᠤᠨ ᠵᠢᠮᠢᠰ ᠢ ᠰᠡᠶᠢᠷᠡᠭᠦᠯᠵᠦ᠂ ᠨᠢᠭᠡ ᠴᠡᠴᠡᠭ ᠲᠤ 7-8 ᠵᠢᠮᠢᠰ ᠦᠯᠡᠳᠡᠭᠡᠪᠡᠯ ᠪᠣᠯᠴᠢᠬᠠᠨ᠎ᠠ᠂ ᠳᠡᠩᠳᠡᠭᠦᠦ ᠠᠷᠪᠢᠨ ᠦᠯᠡᠳᠡᠭᠡᠵᠦ | ᠪᠣᠯᠬᠤ ᠦᠭᠡᠢ᠂ ᠠᠷᠪᠢᠳᠪᠠᠯ ᠠᠮᠠᠷᠬᠠᠨ ᠵᠡᠷᠡᠮᠳᠡᠭ ᠪᠣᠯᠤᠨ᠎ᠠ᠃ | ᠭᠦᠵᠡᠯᠵᠡᠭᠡᠨ᠎ᠡ ᠶᠢᠨ ᠦᠨᠡᠰᠦᠨ ᠬᠥᠭᠡᠴᠦ ᠪᠠ ᠴᠠᠭᠠᠨ ᠲᠣᠭᠤᠰᠣᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠠᠩᠬᠠᠷᠬᠤ ᠬᠡᠷᠡᠭᠲᠡᠢ᠃ ᠦᠨᠡᠰᠦᠨ | ᠬᠥᠭᠡᠴᠦ ᠶᠢᠨ ᠡᠪᠡᠳᠴᠢᠨ ᠤ ᠡᠭᠦᠰᠬᠦ ᠭᠤᠣᠯ ᠰᠢᠯᠲᠠᠭᠠᠨ ᠨᠢ ᠴᠢᠭᠢᠭ ᠤᠨ ᠬᠡᠮᠵᠢᠶ᠎ᠡ ᠨᠢ ᠬᠡᠳᠦ ᠳᠣᠣᠷ᠎ᠠ ᠪᠠᠶᠢᠳᠠᠭ ᠠᠴᠠ ᠪᠣᠯᠵᠠᠢ᠃ 80% ᠶᠢᠨ ᠳ᠋ᠸᠢᠢᠰᠧᠨ | ᠮᠠᠩᠭᠠᠨ ᠴᠠᠶᠢᠷ ᠤᠨ 800 ᠳᠠᠬᠢᠨ ᠤ ᠰᠢᠩᠭᠡᠨ᠂ ᠲᠦᠷᠭᠡᠨ ᠺᠯᠢᠩ ᠵᠡᠷᠭᠡ ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ᠃ ᠡᠭᠦᠨ ᠤ ᠬᠠᠮᠲᠤ ᠡᠪᠡᠳᠴᠢᠨ ᠢ | ᠰᠡᠷᠭᠡᠶᠢᠯᠡᠬᠦ ᠶᠢᠨ ᠲᠥᠯᠥᠭᠡ᠂ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠶᠢ ᠠᠩᠬᠠᠷᠬᠤ ᠬᠡᠷᠡᠭᠲᠡᠢ᠃ ᠴᠠᠭᠠᠨ ᠲᠣᠭᠤᠰᠣᠲᠤ ᠡᠪᠡᠳᠴᠢᠨ | ᠭᠤᠣᠯᠳᠠᠭᠤ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠵᠣᠬᠢᠰ ᠦᠭᠡᠢ ᠬᠢᠵᠠᠭᠠᠷᠯᠠᠭᠰᠠᠨ ᠠᠴᠠ ᠪᠣᠯᠵᠤ ᠡᠭᠦᠰᠳᠡᠭ᠂ ᠵᠣᠬᠢᠬᠤ ᠬᠡᠮᠵᠢᠶᠡᠨ ᠤ ᠬᠦᠬᠦᠷ ᠤᠨ | ᠨᠤᠨᠳᠠᠭ ᠢ ᠰᠠᠪᠠᠨ ᠳᠤ ᠬᠢᠵᠦ ᠤᠲᠤᠵᠤ ᠪᠣᠯᠣᠨ᠎ᠠ᠂ ᠪᠠᠰᠠ 10% ᠶᠢᠨ ᠱᠢ ᠭᠤᠣ ᠵᠡᠷᠭᠡ ᠶᠢᠨ ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ᠃ |