ᠴᠠᠩ ᠴᠢᠩ ᠬᠤᠰᠢᠭᠤᠨ ᠤ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠳᠤ ᠬᠦᠷᠴᠦ ᠲᠣᠬᠤᠨᠢᠭᠤᠯᠬᠤ ᠶᠢᠨ ᠬᠠᠮᠲᠤ᠂ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠪᠠ ᠬᠠᠯᠠᠭᠤᠨ ᠮᠡᠨᠳᠦᠴᠢᠯᠡᠯ ᠳᠡᠪᠰᠢᠭᠦᠯᠪᠡ
ᠨᠡᠶᠢᠲᠡᠯᠡᠭᠰᠡᠨ ᠴᠠᠭ᠄
2025/1/2
      12 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠰᠢᠨ᠎ᠡ ᠵᠢᠯ ᠤᠨ ᠬᠠᠶᠢᠷ᠎ᠠ ᠬᠠᠯᠠᠮᠵᠢ ᠪᠠ ᠬᠠᠯᠠᠭᠤᠨ ᠮᠡᠨᠳᠦᠴᠢᠯᠡᠯ ᠳᠡᠪᠰᠢᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠰᠤᠲᠠᠶᠢᠴᠤᠳ ᠤᠨ ᠠᠮᠢᠳᠤᠷᠠᠯ ᠤᠨ ᠨᠥᠬᠦᠴᠡᠯ ᠢ ᠦᠨᠡᠨᠬᠦ ᠪᠠᠲᠤᠯᠠᠨ ᠰᠠᠶᠢᠵᠢᠷᠠᠭᠤᠯᠵᠤ᠂ ᠲᠡᠳᠡᠨ ᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠶᠦᠩ ᠯᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠣᠯᠪᠠ᠃
1.2常青1.jpg
      ᠲᠣᠬᠤᠨᠢᠭᠤᠯᠬᠤ ᠶᠠᠪᠤᠴᠠ ᠳᠤ᠂ ᠴᠠᠩ ᠴᠢᠩ ᠠᠰᠠᠷᠠᠨ ᠰᠣᠪᠢᠯᠠᠬᠤ ᠬᠦᠷᠢᠶᠡᠯᠡᠩ ᠤᠨ ᠨᠠᠰᠤᠲᠠᠶᠢᠴᠤᠳ ᠲᠠᠢ ᠬᠠᠮᠲᠤ ᠪᠠᠷ ᠰᠢᠨ᠎ᠡ ᠵᠢᠯ ᠢᠶᠠᠨ ᠤᠭᠲᠤᠬᠤ ᠲᠣᠭᠯᠠᠯᠲᠠ ᠰᠣᠨᠢᠷᠬᠠᠬᠤ ᠶᠢᠨ ᠬᠠᠮᠲᠤ᠂ ᠨᠠᠰᠤᠲᠠᠶᠢᠴᠤᠳ ᠪᠠ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠶᠢᠴᠤᠳ ᠤᠨ ᠢᠳᠡᠵᠦ ᠤᠤᠭᠤᠬᠤ ᠬᠤᠨᠣᠵᠤ ᠬᠡᠪᠲᠡᠬᠦ᠂ ᠡᠪᠡᠳᠴᠢᠨ ᠦᠵᠡᠭᠦᠯᠵᠦ ᠡᠮᠨᠡᠭᠦᠯᠬᠦ᠂ ᠵᠤᠭ᠎ᠠ ᠴᠡᠩᠭᠡᠯ ᠤᠨ ᠠᠵᠢᠯᠯᠠᠭ᠎ᠠ ᠵᠡᠷᠭᠡ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠤᠨ ᠡᠵᠡᠩᠨᠡᠯᠲᠡ ᠶᠢᠨ ᠪᠠᠶᠢᠳᠠᠯ ᠪᠠ ᠦᠢᠯᠡᠴᠢᠯᠡᠭᠡᠨ ᠤ ᠶᠠᠰᠤ ᠴᠢᠨᠠᠷ  ᠢ ᠭᠦᠨᠵᠡᠭᠡᠢ ᠣᠶᠢᠯᠠᠭᠠᠨ᠂ ᠠᠵᠢᠯᠲᠠᠳ ᠲᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠨᠠᠰᠤᠲᠠᠶᠢᠴᠤᠳ ᠲᠤ ᠰᠢᠯᠢᠳᠡᠭ ᠦᠢᠯᠡᠴᠢᠯᠡᠭᠡ ᠬᠠᠩᠭᠠᠵᠤ᠂ ᠡᠳᠦᠷ ᠲᠤᠲᠤᠮ ᠤᠨ ᠠᠮᠢᠳᠤᠷᠠᠯ ᠢ ᠨᠢ ᠰᠠᠶᠢᠲᠤᠷ ᠬᠠᠷᠠᠭᠠᠯᠵᠠᠵᠤ᠂ ᠲᠡᠳᠡᠨᠡᠷ ᠲᠤ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠬᠦ ᠬᠡᠷᠡᠭᠲᠡᠢ ᠭᠡᠵᠦ ᠵᠠᠬᠢᠪᠠ᠃
1.2常青2.jpg
      ᠴᠠᠩ ᠴᠢᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠤᠨ᠂ ᠰᠣᠶᠣᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠥᠲᠡᠯᠪᠡᠯ ᠠᠰᠠᠷᠠᠮᠵᠢ ᠲᠠᠢ᠂ ᠲᠦᠰᠢᠭ ᠲᠤᠯᠭᠠᠭᠤᠷᠢ ᠲᠠᠢ᠂ ᠪᠠᠶᠠᠷ ᠴᠡᠩᠭᠡᠯ ᠲᠠᠢ᠂ ᠠᠮᠤᠷ ᠲᠦᠪᠰᠢᠨ ᠲᠦᠷᠦᠭᠳᠡᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠨᠠᠰᠤᠵᠢᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮ ᠡᠮᠨᠡᠯᠭᠡ ᠨᠠᠰᠤᠵᠢᠯ ᠤᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠴᠢᠳᠠᠪᠤᠷᠢᠲᠠᠨ ᠤ ᠲᠤᠯᠭᠠᠭᠤᠷᠢᠯᠠᠯ ᠢ ᠤᠯᠠᠮ ᠴᠢᠨᠠᠭᠰᠢᠳᠠ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠲᠤᠰᠬᠠᠢ ᠦᠢᠯᠡᠴᠢᠯᠡᠭᠡᠨ ᠤ ᠴᠢᠳᠠᠪᠤᠷᠢᠲᠠᠨ ᠢ ᠬᠦᠴᠦᠯᠡᠨ ᠬᠥᠮᠥᠵᠢᠭᠦᠯᠬᠦ ᠬᠡᠷᠡᠭᠲᠡᠢ︔ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠤᠨ᠂ ᠨᠠᠰᠤᠵᠢᠯ ᠤᠨ ᠠᠰᠠᠷᠠᠮᠵᠢ ᠶᠢᠨ ᠠᠵᠢᠯᠯᠠᠭᠠᠨ ᠤ ᠰᠢᠨ᠎ᠡ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠨ ᠰᠢᠨ᠎ᠡ ᠶᠢ ᠡᠭᠦᠳᠴᠦ᠂ ᠨᠠᠰᠤᠵᠢᠯ ᠤᠨ ᠠᠰᠠᠷᠠᠮᠵᠢ ᠶᠢᠨ ᠡᠨᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠡᠩ ᠯᠠᠪᠳᠠᠭᠤᠨ ᠪᠠᠲᠤᠲᠠᠢ ᠬᠢᠵᠦ᠂ ᠨᠠᠰᠤᠲᠠᠶᠢᠴᠤᠳ ᠲᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
1.2常青3.jpg
      ᠬᠤᠰᠢᠭᠤᠨ ᠤ ᠨᠠᠰᠤᠲᠠᠶᠢᠴᠤᠳ ᠢ ᠠᠰᠠᠷᠠᠨ ᠰᠣᠪᠢᠯᠠᠬᠤ ᠬᠦᠷᠢᠶᠡᠯᠡᠩ ᠤᠨ ᠨᠠᠰᠤᠲᠠᠨ ᠪᠠᠢ ᠴᠠᠩ ᠰᠦᠢ᠄ ︽ᠰᠢᠨ᠎ᠡ ᠵᠢᠯ ᠢᠶᠠᠨ ᠤᠭᠲᠤᠵᠤ ᠪᠠᠶᠢᠭ᠎ᠠ ᠡᠨᠡᠬᠦ ᠪᠠᠶᠠᠷᠲᠤ ᠴᠠᠭ ᠮᠥᠴᠡ ᠳᠤ᠂ ᠮᠠᠨ ᠤ ᠠᠰᠠᠷᠠᠨ ᠰᠣᠪᠢᠯᠠᠬᠤ ᠬᠦᠷᠢᠶᠡᠯᠡᠩ ᠠᠴᠠ ᠡᠶᠢᠮᠦᠷᠬᠦ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠨᠢ ᠪᠢᠳᠡᠨ ᠳᠤ ᠲᠤᠶᠢᠯ ᠤᠨ ᠬᠠᠯᠠᠭᠤᠨ ᠳᠤᠯᠠᠭᠠᠨ᠂ ᠵᠣᠯ ᠵᠢᠷᠭᠠᠯ ᠲᠠᠢ ᠰᠠᠨᠠᠭᠳᠠᠵᠤ ᠪᠠᠶᠢᠨ᠎ᠠ᠂ ᠨᠠᠮ ᠪᠠ ᠵᠠᠰᠠᠭ ᠤᠨ ᠣᠷᠳᠣᠨ ᠠᠴᠠ ᠪᠢᠳᠡᠨ ᠳᠤ ᠥᠲᠡᠯᠪᠡᠯ ᠲᠦᠰᠢᠭ ᠲᠤᠯᠭᠠᠭᠤᠷᠢ ᠲᠠᠢ᠂ ᠠᠰᠠᠷᠠᠮᠵᠢ ᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠵᠤ ᠥᠭᠭᠦᠭᠰᠡᠨ ᠳᠤ ᠲᠠᠯᠠᠷᠬᠠᠵᠤ ᠪᠠᠶᠢᠨ᠎ᠠ︾ ᠭᠡᠵᠦ ᠬᠡᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ