ᠮᠦᠰᠦ ᠴᠠᠰᠤᠨ ᠤ ᠴᠡᠩᠭᠡᠯ ᠤᠨ ᠬᠦᠷᠢᠶᠡᠯᠡᠩ ᠳᠤ ᠮᠥᠩᠭᠦᠨ ᠡᠪᠦᠯ ᠤᠨ ᠪᠠᠶᠠᠷ ᠪᠠᠭ᠋ᠠᠳᠤᠯ ᠢ ᠡᠳ᠋ᠯᠡᠨ᠎ᠡ
ᠨᠡᠶᠢᠲᠡᠯᠡᠭᠰᠡᠨ ᠴᠠᠭ᠄
2025/1/21
      ᠮᠦᠰᠦ ᠴᠠᠰᠤᠨ ᠤ ᠵᠤᠭᠠᠴᠠᠯ ᠪᠣᠯ ᠡᠪᠦᠯ ᠤᠨ ᠤᠯᠠᠷᠢᠯ ᠤᠨ ᠵᠤᠭᠠᠴᠠᠯ ᠤᠨ ᠴᠢᠬᠤᠯᠠ ᠪᠦᠷᠢᠯᠳᠦᠭᠦᠨ ᠬᠡᠰᠡᠭ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠢᠳᠡᠪᠬᠢ ᠦᠢᠯᠡᠳᠦᠯ ᠦᠵᠡᠭᠦᠯᠳᠡᠭ᠃ ᠣᠶᠢᠷ᠎ᠠ ᠳᠤ ᠬᠦᠯᠦᠨ ᠪᠦᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠮᠦᠰᠦ ᠴᠠᠰᠤᠨ ᠤ ᠴᠡᠩᠭᠡᠯ ᠤᠨ ᠬᠦᠷᠢᠶᠡᠯᠡᠩ ᠳᠤ ᠰᠠᠭᠤᠭᠠᠯᠢ ᠠᠷᠠᠳ ᠪᠠ ᠵᠤᠭᠠᠴᠠᠭᠰᠠᠳ ᠲᠣᠭᠤᠷᠢᠨ ᠨᠠᠭᠠᠳᠴᠤ᠂ ᠡᠪᠦᠯ ᠤᠨ ᠤᠯᠠᠷᠢᠯ ᠤᠨ ᠵᠤᠭ᠎ᠠ ᠴᠡᠩᠭᠡᠯ ᠢ ᠡᠳ᠋ᠯᠡᠵᠦ ᠪᠠᠶᠢᠨ᠎ᠠ᠃
1.21旅游1.jpg
      ᠵᠤᠭ᠎ᠠ ᠴᠡᠩᠭᠡᠯ ᠴᠠ ᠲᠠᠯ᠎ᠠ ᠪᠠᠷ᠂ ᠮᠦᠰᠦ ᠴᠠᠰᠤᠨ ᠤ ᠴᠡᠩᠭᠡᠯ ᠤᠨ ᠬᠦᠷᠢᠶᠡᠯᠡᠩ ᠳᠤ ᠮᠦᠰᠦᠨ ᠳᠤ ᠲᠡᠰᠢᠬᠦ᠂ ᠴᠠᠰᠤᠨ ᠳᠤ ᠭᠤᠯᠭᠤᠬᠤ ᠵᠡᠷᠭᠡ ᠬᠦᠳᠡᠯᠭᠡᠭᠡᠨ ᠪᠠᠶᠢᠬᠤ ᠪᠠᠷ ᠪᠠᠷᠠᠬᠤ ᠦᠭᠡᠢ ᠪᠠᠰᠠ ᠴᠠᠰᠤᠨ ᠳᠡᠭᠡᠷᠡᠬᠢ ᠮᠣᠲ᠋ᠣᠷ᠂ ᠴᠢᠷᠭ᠎ᠠ ᠵᠡᠷᠭᠡ ᠶᠢ ᠣᠷᠤᠭᠤᠯᠤᠨ ᠠᠪᠴᠢᠷᠠᠵᠤ᠂ ᠵᠤᠭᠠᠴᠠᠭᠰᠠᠳ ᠤᠨ ᠬᠡᠷᠡᠭᠴᠡᠭᠡ ᠶᠢ ᠬᠠᠩᠭᠠᠨ᠂ ᠵᠤᠭᠠᠴᠠᠭᠰᠠᠳ ᠲᠤ ᠠᠮᠤᠷ ᠲᠦᠪᠰᠢᠨ᠂ ᠪᠠᠶᠠᠷ ᠪᠠᠶᠠᠰᠬᠤᠯᠠᠩ ᠲᠠᠢ ᠨᠠᠭᠠᠳᠬᠤ ᠣᠷᠴᠢᠨ ᠲᠣᠭᠤᠷᠢᠨ ᠢ ᠪᠣᠢ ᠪᠣᠯᠭᠠᠵᠤ ᠦᠭᠴᠡᠢ᠃
1.21旅游2.jpg
1.21旅游3.jpg
ᠢᠷᠡᠯᠲᠡ᠄ NMTV ᠸᠢᠴᠠᠲ ᠲᠠᠪᠴᠠᠩ