ᠬᠦᠯᠦᠨ ᠪᠦᠢᠷ ᠬᠤᠲᠠ ︽ᠮᠦᠰᠦ ᠴᠠᠰᠤᠨ ᠤ ᠵᠤᠭᠠᠴᠠᠯ ᠤᠨ ᠠᠷᠪᠠᠨ ᠰᠢᠯᠢᠳᠡᠭ ᠬᠤᠲᠠ︾ ᠬᠡᠮᠡᠬᠦ ᠢᠷᠠᠭᠤ ᠠᠯᠳᠠᠷ ᠢ 9 ᠵᠢᠯ ᠳᠠᠷᠠᠭᠠᠯᠠᠨ ᠬᠦᠷᠲᠡᠪᠡ︕
ᠨᠡᠶᠢᠲᠡᠯᠡᠭᠰᠡᠨ ᠴᠠᠭ᠄
2025/1/22
      ᠣᠶᠢᠷ᠎ᠠ ᠳᠤ᠂ 2025 ᠣᠨ ᠤ ᠮᠦᠰᠦ ᠴᠠᠰᠤᠨ ᠤ ᠵᠤᠭᠠᠴᠠᠯ ᠤᠨ ᠬᠦᠭᠵᠢᠯᠲᠡ ᠶᠢᠨ ᠶᠡᠭᠡ ᠬᠤᠷᠠᠯ ᠳᠡᠭᠡᠷ᠎ᠡ᠂ ᠬᠦᠯᠦᠨ ᠪᠦᠢᠷ ᠬᠤᠲᠠ ︽ᠮᠦᠰᠦ ᠴᠠᠰᠤᠨ ᠤ ᠵᠤᠭᠠᠴᠠᠯ ᠤᠨ ᠠᠷᠪᠠᠨ ᠰᠢᠯᠢᠳᠡᠭ ᠬᠤᠲᠠ︾  ᠬᠡᠮᠡᠬᠦ ᠢᠷᠠᠭᠤ ᠠᠯᠳᠠᠷ ᠢ ᠳᠠᠬᠢᠨᠲᠠ ᠬᠦᠷᠲᠡᠵᠡᠢ᠃      2025 ᠣᠨ ᠤ 11 ᠰᠠᠷ᠎ᠠ ᠠᠴᠠ ᠨᠠᠰᠢ᠂ ᠬᠦᠯᠦᠨ ᠪᠦᠢᠷ ᠬᠤᠲᠠ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠵᠢᠴᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠡᠪᠦᠯ ᠤᠨ ᠤᠯᠠᠷᠢᠯ ᠤᠨ ᠵᠤᠭᠠᠴᠠᠯ ᠤᠨ ᠡᠬᠢᠯᠡᠯᠲᠡ ᠶᠢᠨ ᠶᠣᠰᠤᠯᠠᠯ ᠢ ᠠᠮᠵᠢᠯᠲᠠ ᠲᠠᠢ ᠡᠷᠬᠢᠯᠡᠪᠡ᠃      ᠬᠦᠯᠦᠨ ᠪᠦᠢᠷ ᠬᠤᠲᠠ ᠮᠦᠰᠦ ᠴᠠᠰᠤᠨ ᠤ ᠵᠤᠭᠠᠴᠠᠯ ᠤᠨ ᠦᠢᠯᠡᠰ ᠤᠨ ᠬᠦᠭᠵᠢᠯᠲᠡ ᠶᠢ ᠠᠬᠢᠭᠤᠯᠵᠤ ᠵᠤᠭᠠᠴᠠᠭᠰᠠᠳ ᠲᠤ ᠨᠡᠩ ᠰᠠᠶᠢᠨ ᠦᠢᠯᠡᠴᠢᠯᠡᠬᠦ ᠶᠢᠨ ᠲᠦᠯᠦᠭᠡ᠂ ᠮᠦᠰᠦ ᠴᠠᠰᠤᠨ ᠤ ᠵᠤᠭᠠᠴᠠᠯ ᠤᠨ 6 ᠵᠣᠷᠪᠤᠰ ᠰᠣᠳᠤᠨ ᠵᠠᠮ ᠱᠤᠭᠤᠮ ᠪᠠ ᠮᠦᠰᠦ ᠴᠠᠰᠤᠨ ᠤ ᠵᠤᠭᠠᠴᠠᠯ ᠤᠨ 181 ᠪᠦᠲᠦᠭᠡᠭᠳᠡᠭᠦᠨ ᠢ ᠭᠠᠷᠭᠠᠪᠠ᠃      2024 ᠣᠨ ᠤ 11 —12 ᠰᠠᠷ᠎ᠠ ᠳᠤ᠂ ᠬᠦᠯᠦᠨ ᠪᠦᠢᠷ ᠬᠤᠲᠠ ᠤᠯᠤᠰ ᠤᠨ ᠳᠣᠲᠤᠭᠠᠲᠤ ᠶᠢᠨ ᠵᠤᠭᠠᠴᠠᠭᠰᠠᠳ ᠢ 263 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ ᠵᠤᠭᠠᠴᠠᠭᠰᠠᠳ ᠤᠨ ᠶᠡᠷᠦᠩᠬᠡᠢ ᠵᠠᠷᠤᠳᠠᠯ 33.4 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 24.9 % ᠪᠠ 23.2% ᠢᠶᠠᠷ ᠨᠡᠮᠡᠭᠳᠡᠪᠡ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ