ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ | ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠰᠡᠷᠭᠡᠶᠢᠯᠡᠬᠦ ᠶᠢᠨ ᠲᠥᠯᠥᠭᠡ᠂ ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ | ᠤᠬᠠᠭᠤᠯᠤᠨ ᠲᠠᠶᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠤ | ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ | ᠪᠠ ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 01᠄ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ᠄ ᠡᠷᠲᠡ ᠪᠠᠶᠢᠴᠠᠭᠠᠵᠤ᠂ ᠡᠷᠲᠡ ᠰᠡᠷᠭᠡᠶᠢᠯᠡᠬᠦ | 1. ᠶᠠᠭᠠᠬᠢᠭᠠᠳ ᠡᠪᠦᠯ ᠤᠨ ᠠᠮᠠᠷᠠᠯᠲᠠ ᠶᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠴᠠᠭ ᠭᠡᠬᠦ ᠪᠤᠢ︖ | ᠬᠠᠷᠢᠭᠤᠯᠲᠠ᠄ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠴᠠᠭᠠᠨ ᠰᠠᠷ᠎ᠠ ᠬᠡᠦᠬᠡᠳ ᠵᠠᠯᠠᠭᠤᠴᠤᠳ ᠪᠠᠭᠠᠴᠤᠳ ᠭᠡᠷ ᠤᠨ ᠠᠬᠠᠮᠠᠳ ᠢᠶᠠᠨ ᠳᠠᠭᠠᠵᠤ ᠲᠥᠷᠥᠯ | ᠰᠠᠳᠤᠨ ᠢᠶᠠᠨ ᠡᠷᠭᠢᠨ ᠦᠵᠡᠵᠦ᠂ ᠰᠠᠳᠤᠨ ᠲᠥᠷᠦᠯ ᠢᠶᠠᠷ ᠢᠶᠠᠨ ᠴᠤᠭᠯᠠᠷᠠᠳᠠᠭ᠂ ᠡᠭᠦᠨ ᠤ ᠤᠯᠠᠮ ᠠᠴᠠ ᠭᠡᠷ ᠤᠨ ᠭᠠᠳᠠᠨᠠᠬᠢ ᠬᠥᠳᠡᠯᠭᠡᠭᠡᠨ ᠠᠶᠠᠨᠳᠠᠭᠠᠨ ᠪᠠᠭᠠᠰᠴᠤ᠂ | ᠬᠤᠯᠠ ᠶᠢ ᠬᠠᠷᠠᠬᠤ ᠲᠣᠬᠢᠶᠠᠯ ᠤᠷᠲᠤ ᠬᠤᠭᠤᠴᠠᠭ᠎ᠠ ᠪᠠᠷ ᠪᠠᠭᠠᠰᠤᠨ᠂ ᠤᠨᠲᠠᠵᠤ ᠠᠮᠠᠷᠠᠬᠤ ᠪᠠ ᠢᠳᠡᠵᠦ ᠤᠤᠭᠤᠬᠤ ᠡᠮᠬᠢ ᠵᠢᠷᠤᠮ ᠦᠭᠡᠢ ᠪᠣᠯᠬᠤ ᠪᠠᠶᠢᠳᠠᠯ | ᠠᠮᠠᠷᠬᠠᠨ ᠡᠭᠦᠰᠳᠡᠭ᠃ ᠣᠯᠠᠨ ᠵᠢᠯ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠭᠰᠡᠨ ᠦᠢᠯᠡᠳᠦᠯᠭᠡ ᠠᠴᠠ ᠦᠵᠡᠪᠡᠯ᠂ ᠴᠥᠭᠡᠨ ᠪᠤᠰᠤ ᠬᠡᠦᠬᠡᠳ ᠵᠠᠯᠠᠭᠤᠴᠤᠳ | ᠪᠠᠭᠠᠴᠤᠳ ᠡᠪᠦᠯ ᠤᠨ ᠠᠮᠠᠷᠠᠯᠲᠠ ᠳᠤ ᠣᠶᠢᠷ᠎ᠠ ᠬᠠᠷᠠᠭ᠎ᠠ ᠲᠠᠢ ᠪᠣᠯᠤᠭᠰᠠᠨ ᠪᠤᠶᠤ ᠣᠶᠢᠷ᠎ᠠ ᠬᠠᠷᠠᠭ᠎ᠠ ᠨᠢ ᠤᠯᠠᠮ ᠬᠦᠨᠳᠦᠷᠡᠭᠰᠡᠨ ᠪᠠᠶᠢᠳᠠᠭ᠃ ᠡᠶᠢᠮᠦ ᠠᠴᠠ᠂ ᠭᠡᠷ ᠤᠨ | ᠠᠬᠠᠮᠠᠳ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠣᠶᠢᠯᠠᠭᠠᠭᠳᠠᠬᠤᠨ ᠢ ᠪᠦᠷᠢᠯᠳᠦᠭᠦᠯᠵᠦ᠂ ᠬᠡᠦᠬᠡᠳ ᠵᠠᠯᠠᠭᠤᠴᠤᠳ | ᠪᠠᠭᠠᠴᠤᠳ ᠢ ᠬᠥᠲᠥᠯᠥᠨ ᠵᠢᠯᠣᠭᠤᠳᠴᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠨᠢ ᠵᠣᠬᠢᠰᠲᠠᠢ ᠲᠥᠯᠦᠪᠵᠢᠭᠦᠯᠦᠨ᠂ ᠭᠡᠷ ᠤᠨ ᠭᠠᠳᠠᠨᠠᠬᠢ ᠬᠥᠳᠡᠯᠭᠡᠭᠡᠨ᠂ | ᠪᠡᠶ᠎ᠡ ᠶᠢᠨ ᠲᠠᠮᠢᠷ ᠤᠨ ᠪᠣᠯᠪᠠᠰᠤᠷᠠᠯ᠂ ᠭᠡᠷ ᠤᠨ ᠠᠵᠢᠯ᠂ ᠨᠡᠶᠢᠭᠡᠮ ᠤᠨ ᠦᠢᠯᠡᠳᠦᠯᠭᠡ᠂ ᠰᠠᠶᠢᠨ ᠳᠤᠷ᠎ᠠ ᠶᠢᠨ ᠦᠢᠯᠡᠴᠢᠯᠡᠭᠡ᠂ ᠭᠠᠳᠠᠭᠰᠢ ᠭᠠᠷᠴᠤ ᠵᠢᠭᠤᠯᠴᠢᠯᠠᠬᠤ | ᠵᠡᠷᠭᠡ ᠳᠤ ᠢᠳᠡᠪᠬᠢᠲᠡᠢ ᠣᠷᠣᠯᠴᠠᠭᠤᠯᠵᠤ᠂ ᠡᠯᠧᠺᠳ᠋ᠷᠣᠨ ᠦᠢᠯᠡᠳᠬᠦᠨ ᠬᠡᠷᠡᠭᠯᠡᠬᠦ ᠶᠢ ᠤᠬᠠᠮᠰᠠᠷ ᠠᠴᠠ ᠪᠠᠨ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠡᠵᠡᠮᠳᠡᠬᠦ | ᠬᠡᠷᠡᠭᠲᠡᠢ᠃ | 2. ᠡᠪᠦᠯ ᠤᠨ ᠠᠮᠠᠷᠠᠯᠲᠠ ᠳᠤ ᠬᠠᠷᠠᠭ᠎ᠠ ᠪᠠᠶᠢᠴᠠᠭᠠᠬᠤ ᠬᠡᠷᠡᠭᠲᠡᠢ ᠦᠦ︖ | ᠬᠠᠷᠢᠭᠤᠯᠲᠠ᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠡᠷᠡᠯ ᠤᠨ ᠨᠤᠭᠤᠷᠠᠯᠲᠠ ᠶᠢᠨ ᠪᠤᠶᠢᠵᠢᠯᠲᠠ ᠶᠠᠭ ᠰᠠᠶᠢᠬᠠᠨ ᠰᠡᠷᠭᠡᠭ ᠬᠤᠭᠤᠴᠠᠭᠠᠨ ᠳᠤ | ᠪᠠᠶᠢᠵᠤ᠂ ᠲᠣᠭᠲᠠᠮᠠᠯ ᠬᠤᠭᠤᠴᠠᠭ᠎ᠠ ᠲᠠᠢ ᠬᠠᠷᠠᠭ᠎ᠠ ᠪᠠ ᠭᠡᠷᠡᠯ ᠤᠨ ᠨᠤᠭᠤᠷᠠᠯᠲᠠ ᠶᠢᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠬᠡᠦᠬᠡᠳ ᠤᠨ ᠬᠤᠯᠠ ᠬᠠᠷᠠᠭ᠎ᠠ ᠶᠢᠨ | ᠨᠥᠭᠡᠴᠡ ᠶᠢᠨ ᠬᠡᠮᠵᠢᠶ᠎ᠡ ᠪᠤᠶᠤ ᠣᠶᠢᠷ᠎ᠠ ᠬᠠᠷᠠᠭᠠᠨ ᠤ ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ᠃ ᠭᠡᠷ ᠤᠨ ᠠᠬᠠᠮᠠᠳ ᠬᠡᠦᠬᠡᠳ ᠤᠨ ᠨᠢᠳᠦᠨ ᠤ ᠡᠷᠡᠭᠦᠯ | ᠮᠡᠨᠳᠦ ᠶᠢ ᠰᠠᠨᠠᠭᠠᠴᠢᠯᠠᠭ᠎ᠠ ᠠᠴᠠ ᠪᠠᠨ ᠠᠩᠬᠠᠷᠴᠤ᠂ ᠬᠡᠦᠬᠡᠳ ᠶᠠᠭᠤᠮ᠎ᠠ ᠬᠠᠷᠠᠬᠤ ᠳᠤ ᠪᠠᠨ ᠨᠢᠳᠦ ᠪᠠᠨ ᠰᠡᠶᠢᠮᠡᠶᠢᠯᠭᠡᠬᠦ᠂ ᠬᠥᠮᠥᠰᠬᠡ ᠪᠠᠨ ᠠᠲᠤᠷᠢᠭᠤᠯᠬᠤ᠂ | ᠲᠣᠯᠣᠭᠠᠢ ᠪᠠᠨ ᠭᠢᠯᠵᠢᠢᠯᠭᠡᠬᠦ᠂ ᠬᠠᠷᠠᠭ᠎ᠠ ᠮᠠᠭᠤᠲᠠᠬᠤ ᠵᠡᠷᠭᠡ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ᠂ ᠳᠠᠷᠤᠢ ᠳᠤ ᠨᠢ ᠬᠡᠦᠬᠡᠳ ᠢᠶᠠᠨ ᠳᠠᠭᠠᠭᠤᠯᠤᠨ ᠵᠢᠩᠬᠢᠨᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠪᠠᠶᠢᠴᠠᠭᠠᠯᠭᠠᠬᠤ ᠪᠤᠶᠤ ᠵᠠᠯᠠᠷᠠᠭᠤᠯᠤᠨ ᠵᠠᠰᠠᠵᠤ᠂ ᠡᠷᠲᠡ ᠪᠠᠶᠢᠴᠠᠭᠠᠯᠭᠠᠬᠤ᠂ ᠡᠷᠲᠡ ᠢᠯᠡᠷᠡᠭᠦᠯᠬᠦ᠂ | ᠡᠷᠲᠡ ᠰᠡᠷᠡᠮᠵᠢᠯᠡᠭᠦᠯᠬᠦ᠂ ᠡᠷᠲᠡ ᠬᠠᠮᠢᠶᠠᠷᠬᠤ᠂ ᠡᠷᠲᠡ ᠵᠠᠰᠠᠬᠤ ᠶᠢ ᠪᠡᠶᠡᠯᠡᠭᠦᠯᠵᠦ᠂ ᠣᠶᠢᠷ᠎ᠠ ᠬᠠᠷᠠᠭ᠎ᠠ ᠶᠢᠨ ᠡᠭᠦᠰᠴᠦ ᠬᠥᠭᠵᠢᠬᠦ ᠶᠢ ᠬᠢᠵᠠᠭᠠᠷᠯᠠᠬᠤ ᠬᠡᠷᠡᠭᠲᠡᠢ᠃ | 3. ᠶᠠᠭᠠᠬᠢᠭᠠᠳ ᠬᠡᠦᠬᠡᠳ ᠤᠨ ᠬᠤᠯᠠ ᠬᠠᠷᠠᠭ᠎ᠠ ᠶᠢᠨ ᠨᠥᠭᠡᠴᠡ ᠶᠢ ᠠᠩᠬᠠᠷᠬᠤ ᠬᠡᠷᠡᠭᠲᠡᠢ ᠪᠤᠢ︖ | ᠬᠠᠷᠢᠭᠤᠯᠲᠠ᠄ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠣᠯᠠᠨ ᠵᠤᠷᠪᠤᠰ ᠤᠨ ᠳᠣᠲᠤᠷ᠎ᠠ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠣᠯ | ᠨᠢᠭᠡᠳᠦᠭᠡᠷ ᠵᠦᠢᠯ᠃ ᠬᠤᠯᠠ ᠬᠠᠷᠠᠭ᠎ᠠ ᠶᠢᠨ ᠨᠥᠭᠡᠴᠡ ᠶᠢᠨ ᠬᠡᠮᠵᠢᠶ᠎ᠡ ᠪᠣᠯ ᠭᠡᠷᠡᠯ ᠤᠨ ᠨᠤᠭᠤᠷᠠᠯᠲᠠ ᠶᠢᠨ ᠭᠡᠮᠵᠢᠶ᠎ᠡ ᠶᠢᠨ ᠶᠡᠭᠡ ᠪᠠᠭ᠎ᠠ ᠶᠢ ᠰᠢᠯᠭᠠᠬᠤ ᠴᠢᠬᠤᠯᠠ | ᠭᠦᠢᠴᠡᠳᠭᠡᠯ ᠲᠤᠭ᠎ᠠ ᠪᠣᠯᠤᠨ᠎ᠠ᠂ ᠬᠡᠲᠦᠷᠬᠡᠢ ᠡᠷᠲᠡ ᠬᠡᠲᠦᠷᠬᠡᠢ ᠣᠶᠢᠷ᠎ᠠ ᠵᠠᠢ ᠳᠤ ᠨᠢᠳᠦ ᠬᠡᠷᠡᠭᠯᠡᠭᠰᠡᠨ ᠠᠴᠠ ᠪᠣᠯᠵᠤ᠂ ᠵᠠᠷᠢᠮ ᠬᠡᠦᠬᠡᠳ ᠪᠠᠭᠠᠴᠤᠳ 6 ᠨᠠᠰᠤᠨ ᠠᠴᠠ | ᠡᠮᠦᠨ᠎ᠡ ᠨᠢᠭᠡᠨᠲᠡ ᠬᠤᠯᠠ ᠬᠠᠷᠠᠭ᠎ᠠ ᠶᠢᠨ ᠨᠥᠭᠡᠴᠡ ᠶᠢ ᠵᠠᠷᠤᠴᠠᠭᠤᠯᠤᠨ᠂ ᠪᠠᠭ᠎ᠠ ᠰᠤᠷᠭᠠᠭᠤᠯᠢ ᠶᠢᠨ ᠱᠠᠲᠤᠨ ᠳᠤ ᠠᠮᠠᠷᠬᠠᠨ ᠣᠶᠢᠷ᠎ᠠ ᠬᠠᠷᠠᠭ᠎ᠠ ᠲᠠᠢ ᠪᠣᠯᠳᠠᠭ᠃ | ᠬᠡᠪ ᠤᠨ ᠪᠠᠶᠢᠳᠠᠯ ᠳᠤ᠂ 6 ᠨᠠᠰᠤᠲᠠᠢ ᠬᠡᠦᠬᠡᠳ 1.0 - 1.5D ᠬᠤᠯᠠ ᠬᠠᠷᠠᠭ᠎ᠠ ᠶᠢᠨ ᠨᠥᠭᠡᠴᠡ ᠲᠠᠢ ᠪᠠᠶᠢᠬᠤ ᠬᠡᠷᠡᠭᠲᠡᠢ᠃ ᠬᠤᠯᠠ ᠬᠠᠷᠠᠭ᠎ᠠ ᠶᠢᠨ ᠨᠥᠭᠡᠴᠡ ᠶᠢ | ᠦᠨᠡᠨ ᠬᠦ ᠰᠠᠶᠢᠲᠤᠷ ᠬᠠᠮᠠᠭᠠᠯᠠᠵᠤ᠂ ᠬᠡᠳᠦ ᠡᠷᠲᠡ ᠪᠤᠶᠤ ᠬᠡᠳᠦ ᠵᠠᠷᠤᠴᠠᠭᠤᠯᠬᠤ ᠠᠴᠠ ᠵᠠᠶᠢᠯᠠᠰᠬᠢᠵᠦ᠂ ᠣᠶᠢᠷ᠎ᠠ ᠬᠠᠷᠠᠭ᠎ᠠ ᠡᠭᠦᠰᠬᠦ ᠶᠢ ᠪᠦᠲᠦᠮᠵᠢᠲᠡᠢ ᠰᠡᠷᠭᠡᠶᠢᠯᠡᠬᠦ | ᠬᠡᠷᠡᠭᠲᠡᠢ᠃ ᠭᠡᠷ ᠤᠨ ᠠᠬᠠᠮᠠᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠢᠶᠠᠨ ᠳᠠᠭᠠᠭᠤᠯᠤᠨ ᠭᠠᠳᠠᠨ᠎ᠠ ᠢᠯᠡᠭᠦᠬᠡᠨ ᠬᠥᠳᠡᠯᠭᠡᠭᠡᠨ ᠬᠢᠵᠦ᠂ | ᠬᠡᠦᠬᠡᠳ ᠤᠨ ᠣᠶᠢᠷ᠎ᠠ ᠵᠠᠢ ᠳᠤ ᠨᠢᠳᠦ ᠬᠡᠷᠡᠭᠯᠡᠬᠦ ᠶᠢ ᠪᠠᠭᠠᠰᠬᠠᠨ᠂ ᠬᠡᠦᠬᠡᠳ ᠤᠨ ᠬᠤᠯᠠ ᠬᠠᠷᠠᠭ᠎ᠠ ᠶᠢᠨ ᠨᠥᠭᠡᠴᠡ ᠶᠢ ᠪᠦᠲᠦᠮᠵᠢᠲᠡᠢ ᠬᠠᠮᠠᠭᠠᠯᠠᠬᠤ ᠬᠡᠷᠡᠭᠲᠡᠢ᠃ |