ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠡᠨᠡ ᠵᠢᠯ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠢᠨᠵᠢᠯᠡᠬᠦ | ᠤᠬᠠᠭᠠᠨᠴᠢ ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣ ᠲᠠᠢ ᠠᠮᠠᠷᠠᠵᠤ᠂ ᠣᠶᠢᠷ᠎ᠠ ᠬᠠᠷᠠᠭ᠎ᠠ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ | ᠪᠦᠬᠦ ᠤᠯᠤᠰ ᠤᠨ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ | ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢᠨ ᠳᠡᠭᠡᠷ᠎ᠡ᠂ 2025 ᠣᠨ ᠤ ᠡᠪᠦᠯ ᠤᠨ ᠠᠮᠠᠷᠠᠯᠲᠠ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ 20 | ᠠᠰᠠᠭᠤᠯᠲᠠ ᠬᠠᠷᠢᠭᠤᠯᠲᠠ ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭᠠᠴᠤᠳ ᠪᠠ ᠭᠡᠷ ᠤᠨ ᠠᠬᠠᠮᠠᠳ ᠤᠨ ᠮᠠᠳᠠᠭ ᠢ ᠲᠠᠶᠢᠯᠵᠤ᠂ | ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠪᠠ᠃ | 02. ᠭᠠᠳᠠᠨᠠᠬᠢ ᠬᠥᠳᠡᠯᠭᠡᠭᠡᠨ᠄ ᠭᠡᠷ ᠲᠤ ᠪᠠᠨ ᠰᠠᠭᠤᠭᠠᠳ ᠪᠠᠶᠢᠬᠤ ᠦᠭᠡᠢ᠂ ᠭᠠᠳᠠᠨ᠎ᠠ ᠢᠯᠡᠭᠦᠦ ᠭᠠᠷᠬᠤ ᠬᠡᠷᠡᠭᠲᠡᠢ | 4. ᠭᠠᠳᠠᠨ᠎ᠠ ᠬᠡᠳᠦᠢ ᠤᠳᠠᠭᠠᠨ ᠬᠥᠳᠡᠯᠭᠡᠭᠡᠨ ᠬᠢᠪᠡᠯ ᠣᠶᠢᠷ᠎ᠠ ᠬᠠᠷᠠᠭ᠎ᠠ ᠶᠢ ᠪᠦᠲᠦᠮᠵᠢᠲᠡᠢ ᠰᠡᠷᠭᠡᠶᠢᠯᠡᠬᠦ ᠳᠤ ᠳᠤᠰᠠ ᠲᠠᠢ ᠪᠣᠢ︖ | ᠬᠠᠷᠢᠭᠤᠯᠲᠠ᠄ ᠭᠠᠳᠠᠨᠠᠬᠢ ᠬᠥᠳᠡᠯᠭᠡᠭᠡᠨ ᠪᠣᠯ ᠬᠠᠮᠤᠭ ᠤᠨ ᠪᠦᠲᠦᠮᠵᠢᠲᠡᠢ᠂ ᠬᠠᠮᠤᠭ ᠤᠨ ᠠᠷᠪᠢᠲᠠᠢ ᠣᠶᠢᠷ᠎ᠠ ᠬᠠᠷᠠᠭ᠎ᠠ ᠶᠢ ᠰᠡᠷᠭᠡᠶᠢᠯᠡᠬᠦ ᠠᠷᠭ᠎ᠠ ᠪᠣᠯᠤᠨ᠎ᠠ᠃ | ᠭᠠᠳᠠᠨᠠᠬᠢ ᠬᠥᠳᠡᠯᠭᠡᠭᠡᠨ ᠢ ᠠᠮᠠᠷᠠᠬᠤ ᠶᠢᠨ ᠳᠠᠭᠠᠤ ᠬᠢᠵᠦ᠂ ᠭᠠᠳᠠᠨᠠᠬᠢ ᠬᠥᠳᠡᠯᠭᠡᠭᠡᠨ ᠤ ᠳᠠᠪᠲᠠᠮᠵᠢ ᠶᠢ ᠨᠡᠮᠡᠭᠳᠡᠭᠦᠯᠵᠦ ᠪᠣᠯᠤᠨ᠎ᠠ᠃ ᠡᠳᠦᠷ ᠪᠦᠷᠢ ᠭᠠᠳᠠᠨ᠎ᠠ ᠨᠠᠷᠠᠨ ᠤ | ᠬᠡᠷᠡᠯ ᠳᠣᠣᠷ᠎ᠠ ᠬᠠᠮᠤᠭ ᠤᠨ ᠪᠠᠭ᠎ᠠ ᠳᠤ ᠪᠠᠨ 2 ᠴᠠᠭ ᠬᠥᠳᠡᠯᠭᠡᠭᠡᠨ ᠬᠢᠬᠦ᠂ ᠭᠠᠷᠠᠭ ᠪᠦᠷᠢ ᠬᠠᠮᠤᠭ ᠤᠨ ᠪᠠᠭ᠎ᠠ ᠳᠤ ᠪᠠᠨ 14 ᠴᠠᠭ ᠬᠥᠳᠡᠯᠭᠡᠭᠡᠨ ᠬᠢᠬᠦ ᠶᠢ | ᠰᠠᠨᠠᠭᠤᠯᠤᠶ᠎ᠠ᠃ ᠭᠠᠳᠠᠨᠠᠬᠢ ᠬᠥᠳᠡᠯᠭᠡᠭᠡᠨ ᠤ ᠵᠠᠩᠭᠢᠯᠠᠭ᠎ᠠ ᠨᠢ ︽ᠭᠠᠳᠠᠨ᠎ᠠ ᠭᠠᠷᠬᠤ︾ ᠪᠣᠯᠤᠨ᠎ᠠ᠂ ᠬᠠᠷᠢᠨ ᠬᠥᠳᠡᠯᠭᠡᠭᠡᠨ ᠤ ᠠᠭᠤᠯᠭ᠎ᠠ᠂ ᠠᠷᠭ᠎ᠠ ᠮᠠᠶ᠋ᠢᠭ ᠪᠠ ᠡᠷᠴᠢᠮ ᠵᠡᠷᠭᠡ | ᠪᠢᠰᠢ᠃ | 5. ᠡᠪᠦᠯ ᠤᠨ ᠠᠮᠠᠷᠠᠯᠲᠠ ᠶᠢᠨ ᠠᠭᠤᠷ ᠠᠮᠢᠰᠬᠤᠯ ᠬᠦᠢᠲᠡᠨ ᠪᠣᠯᠬᠤᠷ ᠭᠠᠳᠠᠨ᠎ᠠ ᠭᠠᠷᠬᠤ ᠰᠠᠨᠠᠭ᠎ᠠ ᠦᠭᠡᠢ ᠪᠣᠯ ᠭᠡᠷ ᠳᠣᠲᠣᠷᠠᠬᠢ ᠬᠥᠳᠡᠯᠭᠡᠭᠡᠨ ᠨᠢ ᠣᠶᠢᠷ᠎ᠠ | ᠬᠠᠷᠠᠭ᠎ᠠ ᠶᠢ ᠰᠡᠷᠭᠡᠶᠢᠯᠡᠵᠦ ᠴᠢᠳᠠᠨ᠎ᠠ ᠤᠤ︖ | ᠬᠠᠷᠢᠭᠤᠯᠲᠠ᠄ ᠭᠡᠷ ᠳᠣᠲᠣᠷᠠᠬᠢ ᠬᠠᠷᠠᠭᠠᠰᠤ ᠥᠷᠭᠡᠨ ᠪᠣᠰᠤ᠂ ᠭᠡᠷᠡᠯ ᠤᠨ ᠲᠤᠰᠤᠯᠲᠠ ᠶᠢᠨ ᠬᠦᠴᠦᠯᠡᠴᠡ ᠬᠦᠷᠦᠯᠴᠡᠬᠦ ᠦᠭᠡᠢ ᠪᠣᠯᠬᠤᠷ ᠭᠡᠷ ᠳᠣᠲᠣᠷᠠᠬᠢ | ᠬᠥᠳᠡᠯᠭᠡᠭᠡᠨ ᠤ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠲᠡᠶᠢᠮᠦ ᠰᠠᠶᠢᠨ ᠪᠢᠰᠢ᠃ ᠭᠠᠳᠠᠨᠠᠬᠢ ᠬᠥᠳᠡᠯᠭᠡᠭᠡᠨ ᠤ ᠭᠡᠷᠡᠯ ᠤᠨ ᠳᠤᠰᠤᠯᠲᠠ ᠶᠢᠨ | ᠭᠦᠢᠴᠡᠳ ᠡᠰᠡᠬᠦ ᠪᠣᠯ ᠰᠠᠶ᠋ᠢ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠪᠣᠯᠤᠨ᠎ᠠ᠃ ᠡᠪᠦᠯ ᠤᠨ ᠠᠮᠠᠷᠠᠯᠲᠠ ᠳᠤ ᠭᠠᠳᠠᠨᠠᠬᠢ ᠳᠤᠯᠠᠭᠠᠨ ᠤ ᠬᠡᠮᠵᠢᠶ᠎ᠡ | ᠨᠡᠯᠢᠶᠡᠳ ᠳᠣᠣᠷ᠎ᠠ ᠪᠣᠯᠬᠤᠷ ᠭᠠᠳᠠᠨ᠎ᠠ ᠬᠥᠳᠡᠯᠭᠡᠭᠡᠨ ᠬᠢᠬᠦ ᠦᠶ᠎ᠡ ᠳᠤ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠨ᠂ ᠬᠡᠷᠪᠡ ᠭᠠᠳᠠᠨ᠎ᠠ ᠭᠠᠷᠬᠤ ᠳᠤ ᠦᠨᠡᠨ ᠬᠦ | ᠳᠥᠭᠦᠮ ᠦᠭᠡᠢ ᠪᠣᠯ ᠨᠠᠷᠠᠨ ᠲᠠᠶᠢᠰᠠ ᠪᠤᠶᠤ ᠴᠣᠩᠬᠤᠨ ᠤ ᠬᠠᠵᠠᠭᠤ ᠳᠤ ︽ᠨᠢᠳᠦᠨ ᠤ ᠨᠠᠷᠠᠨ ᠤᠬᠢᠶᠠᠯᠭ᠎ᠠ︾ ᠬᠢᠵᠦ ᠪᠣᠯᠤᠨ᠎ᠠ᠃ ᠪᠥᠷᠬᠦᠭ ᠡᠳᠦᠷ ᠴᠤ᠂ ᠭᠠᠳᠠᠨᠠᠬᠢ | ᠭᠡᠷᠡᠯ ᠤᠨ ᠲᠤᠰᠤᠯᠲᠠ ᠶᠢᠨ ᠬᠦᠴᠦᠯᠡᠴᠡ ᠨᠢ ᠭᠡᠷ ᠳᠣᠲᠣᠷ᠎ᠠ ᠠᠴᠠ ᠰᠠᠶᠢᠨ ᠪᠠᠶᠢᠳᠠᠭ᠂ ᠡᠶᠢᠮᠦ ᠠᠴᠠ ᠪᠦᠷᠬᠦᠭ ᠡᠳᠦᠷ ᠴᠤ ᠭᠠᠳᠠᠨ᠎ᠠ ᠬᠥᠳᠡᠯᠭᠡᠭᠡᠨ ᠬᠢᠬᠦ ᠨᠢ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠵᠣᠬᠢᠬᠤ ᠦᠷ᠎ᠡ ᠪᠦᠲᠦᠮᠵᠢ ᠲᠠᠢ ᠪᠠᠶᠢᠳᠠᠭ᠃ | 6. ᠲᠠᠨᠢᠯᠴᠠᠭᠤᠯᠵᠤ ᠪᠣᠯᠬᠤ ᠭᠠᠳᠠᠨᠠᠬᠢ ᠬᠥᠳᠡᠯᠭᠡᠭᠡᠨ ᠶᠠᠭᠤ ᠶᠠᠭᠤ ᠪᠠᠶᠢᠬᠤ ᠪᠤᠢ︖ | ᠬᠠᠷᠢᠭᠤᠯᠲᠠ᠄ ᠡᠯ᠎ᠡ ᠵᠦᠢᠯ ᠤᠨ ᠪᠥᠮᠪᠦᠭᠡ ᠶᠢᠨ ᠲᠥᠷᠥᠯ ᠤᠨ ᠬᠥᠳᠡᠯᠭᠡᠭᠡᠨ ᠪᠣᠯ ᠴᠥᠮ ᠶᠡᠭᠡ ᠰᠠᠶᠢᠨ ᠭᠠᠳᠠᠨᠠᠬᠢ ᠬᠥᠳᠡᠯᠭᠡᠭᠡᠨ ᠪᠣᠯᠤᠨ᠎ᠠ᠂ ᠵᠢᠱᠢᠶᠡᠯᠡᠪᠡᠯ ᠬᠥᠯ | ᠪᠥᠮᠪᠦᠭᠡ᠂ ᠥᠳᠥᠨ ᠪᠥᠮᠪᠦᠭᠡ᠂ ᠫᠢᠩᠫᠠᠩ ᠪᠥᠮᠪᠦᠭᠡ ᠵᠡᠷᠭᠡ ᠪᠣᠯᠤᠨ᠎ᠠ᠃ ᠪᠥᠮᠪᠦᠭᠡ ᠲᠣᠭᠯᠠᠬᠤ ᠦᠶ᠎ᠡ ᠳᠤ᠂ ᠬᠤᠶᠠᠷ ᠨᠢᠳᠦ ᠪᠥᠮᠪᠦᠭᠡ ᠶᠢᠨ ᠲᠥᠷᠥᠯ ᠤᠨ ᠬᠤᠯᠠ ᠶᠢᠨ | ᠬᠥᠳᠡᠯᠭᠡᠭᠡᠨ ᠤ ᠵᠠᠮ ᠢ ᠳᠠᠭᠠᠵᠤ ᠮᠥᠷᠳᠡᠬᠦ ᠨᠢ ᠰᠣᠷᠮᠤᠤᠰᠤᠯᠢᠭ ᠪᠤᠯᠴᠢᠩ ᠢ ᠪᠣᠯᠪᠠᠰᠤᠷᠠᠭᠤᠯᠵᠤ᠂ ᠨᠢᠳᠦᠨ ᠤ ᠬᠡᠰᠡᠭ ᠤᠨ ᠴᠢᠰᠤᠨ ᠤ ᠡᠷᠭᠢᠯᠲᠡ ᠶᠢ ᠰᠠᠶᠢᠵᠢᠷᠠᠭᠤᠯᠳᠠᠭ | ᠃ ᠬᠦᠶᠦᠬᠦ᠂ ᠲᠠᠮᠢᠷ ᠬᠢᠬᠦ᠂ ᠬᠠᠮᠲᠤ ᠶᠢᠨ ᠲᠣᠭᠯᠠᠭᠠᠮ᠂ ᠲᠣᠭᠯᠠᠭᠠᠮ᠂ ᠰᠤᠯᠠ ᠠᠯᠬᠤᠬᠤ ᠵᠡᠷᠭᠡ ᠨᠢ ᠪᠦᠷ ᠰᠠᠶᠢᠨ ᠭᠡᠷ ᠤᠨ ᠭᠠᠳᠠᠨᠠᠬᠢ ᠬᠥᠳᠡᠯᠭᠡᠭᠡᠨ ᠤ ᠠᠷᠭ᠎ᠠ ᠮᠠᠶ᠋ᠢᠭ | ᠪᠣᠯᠤᠨ᠎ᠠ᠃ |