2024 ᠣᠨ ᠤ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2025/1/24
      2024 ᠣᠨ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠤ ᠳᠤᠮᠳᠠ ᠠᠬᠢᠯᠲᠠ ᠲᠠᠢ ᠪᠣᠯᠵᠣ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ ᠢ ᠦᠨᠳᠦᠰᠦᠯᠡᠨ᠂ ᠪᠥᠬᠦ ᠣᠷᠣᠨ ᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃       ᠨᠢᠭᠡ᠂ ᠨᠢᠭᠡᠳᠦᠭᠡᠷ ᠠᠵᠤ ᠦᠢᠯᠡᠰ ᠤᠨ ᠪᠠᠶᠢᠳᠠᠯ ᠰᠠᠶᠢᠨ ᠪᠠᠶᠢᠨ᠎ᠠ᠃       2024 ᠣᠨ ᠳᠤ᠂ ᠪᠥᠬᠦ ᠣᠷᠣᠨ ᠤ ᠨᠢᠭᠡᠳᠦᠭᠡᠷ ᠠᠵᠤ ᠦᠢᠯᠡᠰ 2872.6 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.3 ᠵᠠᠭᠤᠨ ᠤ ᠬᠤᠪᠢ ᠶᠢᠨ ᠴᠡᠭ ᠲᠦᠷᠭᠡᠳᠴᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 2.1 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠳᠤ ᠡᠵᠡᠯᠡᠬᠦ ᠬᠤᠪᠢ ᠶᠢᠨ ᠵᠢᠩ ᠨᠢ 10.9% ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 10.7% ᠪᠠᠶᠢᠵᠤ᠂ ᠠᠵᠤ ᠠᠬᠤᠶ ᠶᠢᠨ ᠨᠡᠮᠡᠭᠳᠡᠯ ᠢ 0.6 ᠵᠠᠭᠤᠨ ᠤ ᠬᠤᠪᠢ ᠶᠢᠨ ᠴᠡᠭ ᠳᠠᠶᠢᠴᠢᠯᠠᠪᠠ᠃       ᠬᠤᠶᠠᠷ᠂ ᠬᠤᠶᠠᠳᠤᠭᠠᠷ ᠠᠵᠤ ᠦᠢᠯᠡᠰ ᠤᠨ ᠬᠥᠭᠵᠢᠯᠲᠡ ᠲᠣᠭᠲᠠᠭᠤᠨ᠃       2024 ᠣᠨ ᠳᠤ᠂ ᠪᠥᠬᠦ ᠣᠷᠣᠨ ᠤ ᠬᠤᠶᠠᠳᠤᠭᠠᠷ ᠠᠵᠤ ᠦᠢᠯᠡᠰ 11604.4 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.0% ᠪᠠᠷ ᠨᠡᠮᠡᠭᠳᠡᠵᠦ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 1.7 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ GDP ᠶᠢᠨ 44.1% ᠶᠢ ᠡᠵᠡᠯᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 47.4% ᠪᠠᠶᠢᠵᠤ᠂ ᠠᠵᠤ ᠠᠬᠤᠶ ᠶᠢᠨ ᠨᠡᠮᠡᠭᠳᠡᠯ ᠢ 2.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠨᠡᠮᠡᠭᠳᠡᠵᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6.7% ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 37.4% ᠪᠣᠯᠵᠠᠶ︔ ᠪᠠᠷᠢᠯᠭ᠎ᠠ ᠶᠢᠨ ᠦᠢᠯᠡᠰ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 10.4% ᠪᠣᠯᠵᠠᠶ᠃       ᠭᠤᠷᠪᠠ᠂ ᠭᠤᠷᠪᠠᠳᠤᠭᠠᠷ ᠠᠵᠤ ᠦᠢᠯᠡᠰ ᠲᠣᠭᠲᠠᠭᠤᠨ ᠢᠶᠠᠷ ᠨᠡᠮᠡᠭᠳᠡᠪᠡ᠃       2024 ᠣᠨ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ 11837.6 ᠳ᠋ᠦᠩᠰᠢᠭᠤᠷ ᠲᠥᠭᠦᠷᠢᠭ ᠤᠨ ᠨᠡᠮᠡᠭᠳᠡᠯ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠨ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.5 ᠵᠠᠭᠤᠨ ᠤ ᠬᠤᠪᠢ ᠶᠢᠨ ᠴᠡᠭ ᠲᠦᠷᠭᠡᠳᠴᠦ᠂ GDP ᠳᠤ ᠡᠵᠡᠯᠡᠬᠦ ᠬᠤᠪᠢ ᠶᠢᠨ ᠵᠢᠩ ᠨᠢ 45.0% ᠪᠣᠯᠵᠣ᠂ ᠠᠵᠤ ᠠᠬᠤᠶ ᠶᠢᠨ ᠨᠡᠮᠡᠭᠳᠡᠯ ᠢ 2.4 ᠵᠠᠭᠤᠨ ᠤ ᠬᠤᠪᠢ ᠶᠢᠨ ᠴᠡᠭ ᠳᠠᠶᠢᠴᠢᠯᠠᠨ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 41.9% ᠪᠣᠯᠵᠠᠶ᠃ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠲᠦᠷᠭᠡᠳᠴᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠵᠢᠴᠢ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.1%᠂ 4.0% ᠪᠠ 5.5% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ 1.5᠂ 0.8 ᠪᠠ 2.9 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠳᠡᠭᠡᠳᠦ ᠮᠡᠷᠭᠡᠵᠢᠯ ᠤᠨ ᠠᠵᠢᠯ ᠲᠥᠷᠥᠯ ᠲᠦᠷᠭᠡᠨ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.8% ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.8% ᠨᠡᠮᠡᠭᠳᠡᠪᠡ᠃       ᠲᠠᠶᠢᠯᠪᠤᠷᠢ᠄ ᠭᠤᠷᠪᠠᠨ ᠠᠵᠤ ᠦᠢᠯᠡᠰ ᠤᠨ ᠲᠥᠷᠥᠯ ᠠᠩᠭᠢᠯᠠᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2018 ᠣᠨ ᠳᠤ ᠵᠠᠰᠠᠪᠤᠷᠢ ᠣᠷᠣᠭᠤᠯᠤᠭᠰᠠᠨ ︽ᠭᠤᠷᠪᠠᠨ ᠠᠵᠤ ᠦᠢᠯᠡᠰ ᠤᠨ ᠬᠤᠪᠢᠶᠠᠷᠢᠯᠠᠯ ᠤᠨ ᠲᠣᠭᠲᠠᠭᠠᠯ︾ ᠢ ᠦᠨᠳᠦᠰᠦᠯᠡᠪᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ