2024 ᠣᠨ ᠳᠤ᠂ ᠪᠦᠬᠦ ᠣᠷᠣᠨ ᠳᠠᠶᠠᠭᠠᠷ ᠥᠪᠥᠷ ᠮᠣᠩᠭᠤᠯ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠶᠢ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠪᠠᠷ | ᠭᠠᠷᠳᠠᠴᠠ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ᠂ | ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ ᠬᠥᠭᠵᠢᠯᠲᠡ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠪᠣᠳᠠᠲᠠᠢ ᠪᠠᠷ ᠦᠵᠡᠪᠡᠯ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ | ᠠᠬᠤᠢ ᠶᠢᠨ ᠬᠥᠭᠵᠢᠯᠲᠡ ᠶᠢ ᠲᠤᠯᠭᠠᠭᠤᠷᠢᠯᠠᠬᠤ ᠬᠥᠳᠡᠯᠭᠡᠬᠦ ᠡᠨᠧᠷᠭᠢ ᠨᠢ ᠳᠣᠣᠷᠠᠬᠢ ᠮᠡᠲᠦ ᠬᠡᠳᠦᠨ ᠲᠠᠯ᠎ᠠ ᠪᠤᠢ᠃ | ᠨᠢᠭᠡ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠲᠣᠪᠤᠶᠢᠮ᠎ᠠ ᠪᠠᠶᠢᠨ᠎ᠠ᠃ | 2024 ᠣᠨ ᠳᠤ᠂ ᠪᠥᠬᠦ ᠣᠷᠣᠨ ᠳᠠᠶᠠᠭᠠᠷ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠴᠠᠬᠢᠯᠭᠠᠨ ᠲᠣᠰᠣ ᠬᠡᠶ ᠰᠠᠯᠬᠢ ᠬᠡᠷᠡᠯ ᠢ ᠵᠡᠷᠭᠡ ᠪᠠᠷ | ᠬᠥᠭᠵᠢᠭᠦᠯᠬᠦ᠂ ᠰᠢᠨ᠎ᠡ ᠬᠠᠭᠤᠴᠢᠨ ᠡᠨᠧᠷᠭᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠪᠠᠷᠢᠮᠲᠠᠯᠠᠵᠤ᠂ ᠣᠯᠠᠨ ᠡᠨᠧᠷᠭᠢ ᠶᠢ ᠬᠠᠷᠢᠯᠴᠠᠨ ᠨᠥᠬᠦᠪᠥᠷᠢᠯᠡᠬᠦ᠂ ᠣᠯᠠᠨ | ᠦᠢᠯᠡᠰ ᠢ ᠵᠡᠷᠭᠡ ᠪᠠᠷ ᠬᠥᠭᠵᠢᠭᠦᠯᠬᠦ᠂ ᠣᠯᠠᠨ ᠡᠰᠢᠵᠢᠵᠦ ᠬᠥᠭᠵᠢᠬᠦ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠪᠠᠶᠢᠭᠤᠯᠪᠠ᠃ 2024 ᠣᠨ ᠳᠤ | ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 5.1% ᠪᠠᠷ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠪᠥᠬᠦ ᠠᠵᠤ ᠦᠢᠯᠡᠳᠪᠦᠷᠢ ᠶᠢᠨ 56.7% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 51.8% ᠳᠤ ᠬᠦᠷᠴᠡᠶ᠃ ᠡᠭᠦᠨ ᠤ ᠬᠠᠮᠲᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠭᠦᠷᠡᠰᠦ ᠮᠠᠯᠲᠠᠬᠤ ᠪᠠ ᠤᠬᠢᠶᠠᠵᠤ ᠰᠣᠩᠭᠤᠬᠤ ᠦᠢᠯᠡᠰ 2024 ᠣᠨ ᠤ 7 ᠰᠠᠷ᠎ᠠ ᠠᠴᠠ ᠨᠠᠭᠠᠰᠢ ᠵᠠᠯᠭᠠᠭ᠎ᠠ ᠪᠠᠷ 6 | ᠰᠠᠷ᠎ᠠ 5% ᠠᠴᠠ ᠳᠡᠭᠡᠭᠰᠢᠬᠢ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠪᠥᠬᠦ ᠵᠢᠯ ᠳᠤ 5.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠲᠦᠭᠦᠬᠡᠶ | ᠨᠡᠭᠦᠷᠡᠰᠦᠨ ᠤ ᠭᠠᠷᠤᠯᠲᠠ ᠨᠢᠳᠤᠨᠤᠨ ᠤ ᠥᠨᠳᠥᠷ ᠰᠠᠭᠤᠷᠢ ᠲᠤᠭ᠎ᠠ ᠶᠢᠨ ᠲᠠᠯ᠎ᠠ ᠪᠠᠷ 5.4% ᠪᠠᠷ ᠨᠡᠮᠡᠭᠳᠡᠪᠡ᠃ ᠴᠠᠬᠢᠯᠭᠠᠨ ᠬᠦᠴᠦᠨ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ ᠪᠠᠨ 8.2% ᠢᠶᠠᠷ ᠨᠡᠮᠡᠭᠳᠡᠵᠦ᠂ ᠭᠤᠤᠯᠳᠠᠭᠤ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠭᠠᠷᠭᠠᠬᠤ ᠬᠡᠮᠵᠢᠶ᠎ᠡ 9% ᠠᠴᠠ ᠳᠡᠭᠡᠭᠰᠢ ᠨᠡᠯᠢᠶᠡᠳ ᠲᠦᠷᠭᠡᠨ ᠨᠡᠮᠡᠭᠳᠡᠵᠦ᠂ ᠢᠯᠠᠩᠭᠤᠶ᠎ᠠ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠬᠤᠶᠠᠷ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠠᠲᠤᠯᠠᠭᠰᠠᠨ ᠠᠴᠠ ᠪᠣᠯᠵᠠᠶ᠃ | ᠬᠤᠶᠠᠷ ᠲᠤ᠂ ᠦᠢᠯᠡᠳᠬᠦ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠣᠪᠤᠶᠢᠮ᠎ᠠ ᠪᠠᠶᠢᠨ᠎ᠠ᠃ | ᠦᠢᠯᠡᠳᠬᠦ ᠦᠢᠯᠡᠰ ᠪᠣᠯ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠭᠤᠣᠯ ᠲᠠᠶᠢᠨ ᠤ ᠲᠠᠯᠠᠪᠤᠷ ᠪᠣᠯᠬᠤ ᠪᠥᠭᠡᠳ ᠪᠠᠰᠠ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠠᠮᠤᠭ ᠤᠨ ᠡᠮᠦᠨ᠎ᠡ ᠹᠷᠣᠨᠲ ᠪᠣᠯᠤᠨ᠎ᠠ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ 6.8% ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠵᠤ ᠴᠢᠳᠠᠭᠰᠠᠨ ᠨᠢ ᠦᠢᠯᠡᠳᠬᠦ ᠦᠢᠯᠡᠰ ᠤᠨ ᠭᠠᠪᠢᠶ᠎ᠠ ᠵᠢᠳᠬᠦᠯ ᠠᠴᠠ | ᠰᠠᠯᠵᠤ ᠪᠣᠯᠤᠰᠢ ᠥᠬᠡᠶ ᠶᠤᠮ᠃ 2024 ᠣᠨ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠦᠷᠦᠭᠦᠦ | ᠵᠢᠯ ᠤᠨ ᠬᠢ ᠠᠴᠠ ᠪᠠᠨ 9.3% ᠪᠠᠷ ᠨᠡᠮᠡᠭᠳᠡᠵᠦ᠂ ᠡᠨᠡ ᠵᠢᠯ ᠠᠴᠠ ᠨᠠᠭᠠᠰᠢ ᠪᠦᠬᠦ᠋ᠢᠯᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ | ᠬᠤᠷᠳᠤᠴᠠ ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ 3.3 ᠵᠠᠭᠤᠨ ᠤ ᠬᠤᠪᠢ ᠶᠢᠨ ᠴᠡᠭ | ᠳᠠᠶᠢᠴᠢᠯᠠᠪᠠ᠃ ᠡᠭᠦᠨ ᠳᠤ᠂ ᠲᠦᠭᠦᠬᠡᠶ ᠮᠠᠲ᠋ᠧᠷᠢᠶᠠᠯ ᠦᠢᠯᠡᠳᠬᠦ ᠦᠢᠯᠡᠰ ᠲᠦᠷᠦᠭᠦᠦ ᠵᠢᠯ ᠤᠨ ᠬᠢ ᠠᠴᠠ 8.4% ᠪᠠᠷ ᠨᠡᠮᠡᠭᠳᠡᠵᠦ᠂ ᠦᠢᠯᠡᠳᠬᠦ ᠦᠢᠯᠡᠰ ᠲᠠᠬᠢ | ᠡᠵᠡᠯᠡᠬᠦ ᠬᠤᠪᠢ ᠶᠢᠨ ᠵᠢᠩ 70.3% ᠳᠤ ᠬᠦᠷᠴᠦ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ | ᠨᠣᠷᠮ᠎ᠠ ᠨᠢ 67.9% ᠳᠤ ᠬᠦᠷᠴᠡᠶ᠃ | ᠭᠤᠷᠪᠠ ᠳᠤ᠂ ︽ᠰᠢᠯᠢᠳᠡᠭ︾ ᠣᠷᠴᠢᠨ ᠨᠥᠬᠦᠴᠡᠯ ᠢ ᠤᠯᠠᠮ ᠨᠢᠭᠡ ᠠᠯᠬᠤᠮ ᠲᠠᠰ ᠳᠡᠪᠰᠢᠭᠦᠯᠪᠡ᠃ | 2024 ᠣᠨ ᠳᠤ᠂ ᠪᠥᠬᠦ ᠣᠷᠣᠨ ᠳᠠᠶᠠᠭᠠᠷ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠣᠶ ᠪᠣᠯᠭᠠᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ | ᠬᠦᠷᠲᠡᠮᠵᠢ ᠶᠢᠨ ᠲᠥᠷᠥᠭᠳᠡᠯ ᠢᠶᠠᠷ ᠤᠳᠤᠷᠢᠳᠤᠮᠵᠢ ᠪᠣᠯᠭᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | 2024 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠤᠭ᠎ᠠ 4 ᠮᠢᠩᠭᠠᠨ ᠡᠷᠦᠬᠡ ᠶᠢ ᠳᠠᠪᠠᠵᠤ᠂ 4098 ᠡᠷᠦᠬᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 529 ᠡᠷᠦᠬᠡ ᠰᠢᠨ᠎ᠡ ᠪᠠᠷ ᠨᠡᠮᠡᠭᠳᠡᠪᠡ᠃ | ᠢᠯᠠᠩᠭᠤᠶ᠎ᠠ ᠠᠵᠤ ᠠᠬᠤᠶᠢᠯᠠᠯ ᠳᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠤᠤᠷ᠎ᠠ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠠᠮᠢᠵᠢᠷᠠᠯ ᠤᠨ ᠬᠦᠴᠦᠨ ᠦᠷᠭᠦᠯᠵᠢᠯᠡᠨ ᠪᠠᠳᠠᠷᠠᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠦᠷᠦᠭᠦᠦ ᠵᠢᠯ ᠤᠨ ᠬᠢ ᠠᠴᠠ 7.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠬᠦᠯᠢ | ᠴᠣᠭᠴᠠ ᠶᠢᠨ ᠬᠢᠷᠢ ᠲᠦᠪᠰᠢᠨ ᠠᠴᠠ 0.9 ᠵᠠᠭᠤᠨ ᠤ ᠬᠤᠪᠢ ᠶᠢᠨ ᠴᠡᠭ ᠲᠦᠷᠭᠡᠨ ᠪᠣᠯᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠨᠡᠮᠡᠭᠳᠡᠯ ᠢ 3.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ |