ᠨᠢᠭᠡ ᠵᠢᠯ ᠤᠨ ᠲᠤᠷᠰᠢ᠂ ᠪᠢᠳᠡ ᠡᠷᠴᠢᠮ ᠢᠶᠠᠨ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠴᠢᠩᠭ᠎ᠠ ᠠᠳᠬᠤᠨ ᠱᠠᠯᠠᠪᠳᠠᠨ ᠭᠦᠢᠴᠡᠳᠬᠡᠵᠦ᠂ ︽ᠵᠢᠷᠭᠤᠭᠠᠨ | ᠢᠨᠵᠧᠨᠧᠷᠢᠩ︾ ᠢ ᠠᠬᠢᠭᠤᠯᠵᠤ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠪᠠ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠤᠭᠰᠠᠨ ᠦᠷ᠎ᠡ ᠪᠦᠲᠦᠮᠵᠢ | ᠢᠯᠡᠳᠲᠡ ᠪᠠᠶᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠪᠢᠴᠢᠭ ᠮᠠᠲ᠋ᠧᠷᠢᠶᠠᠯ ᠢ ᠲᠦᠷᠭᠡᠳᠬᠡᠨ ᠬᠡᠷᠡᠭᠵᠢᠭᠦᠯᠵᠦ᠂ 86 ᠴᠢᠬᠤᠯᠠ ᠶᠡᠭᠡ ᠲᠦᠷᠦᠯ | ᠵᠦᠢᠯ ᠤᠨ 74 ᠶᠢ ᠨᠢ ᠠᠵᠢᠯ ᠡᠬᠢᠯᠡᠭᠦᠯᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠴᠥᠮ ᠪᠦᠲᠦᠮᠵᠢᠳᠠᠢ ᠨᠠᠶᠢᠳᠠᠪᠤᠷᠢᠵᠢᠭᠤᠯᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ︽ᠬᠠᠪᠤᠷ ᠪᠣᠯᠣᠮᠠᠭᠴᠠ ᠠᠵᠢᠯ ᠡᠬᠢᠯᠡᠭᠦᠯᠬᠦ︾ ᠶᠢ ᠪᠡᠶᠡᠯᠡᠭᠦᠯᠵᠦ᠂ ᠰᠠᠯᠬᠢᠨ | ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠮᠠᠰᠢᠨ ᠴᠣᠭᠴᠠᠯᠠᠪᠤᠷᠢ ᠶᠢ 2727 ᠲᠦᠮᠡᠨ ᠺᠢᠯᠣᠸᠠᠲ ᠪᠦᠲᠦᠭᠡᠨ ᠪᠠᠶᠢᠭᠤᠯᠵᠤ᠂ 238 ᠲᠦᠮᠡᠨ ᠮᠦ ᠡᠯᠡᠰᠦ ᠶᠢ | ᠵᠠᠰᠠᠵᠤ᠂ ᠬᠥᠪᠴᠢ ᠶᠢᠨ ᠡᠯᠡᠰᠦ ᠶᠢᠨ ︽ᠭᠡᠷᠡᠯᠴᠢ ᠴᠡᠨᠡᠭ ᠤᠨ ᠣᠷᠲᠦ ᠴᠠᠭᠠᠨ ᠬᠡᠷᠡᠮ︾ ᠠᠩᠬ᠎ᠠ ᠬᠡᠪᠴᠢᠶᠡᠵᠢᠵᠦ᠂ ᠪᠣᠷᠣᠬᠤᠲᠠ ᠠᠴᠠ ᠪᠠᠶᠠᠨᠲᠤᠬᠤᠢ ᠬᠦᠷᠬᠦ | ᠡᠯᠡᠰᠦ ᠶᠢ ᠵᠠᠰᠠᠬᠤ ᠵᠠᠰᠠᠮᠠᠯ ᠵᠠᠮ ᠪᠦᠬᠦ ᠤᠯᠤᠰ ᠤᠨ ᠬᠠᠮᠤᠭ ᠤᠨ ᠰᠠᠶᠢᠬᠠᠨ ᠬᠥᠳᠡᠭᠡ ᠳᠤᠰᠬᠤᠨ ᠤ ᠵᠠᠮ ᠢᠶᠠᠷ ᠦᠨᠡᠯᠡᠭᠳᠡᠵᠦ᠂ ︽ᠬᠥᠳᠡᠯᠮᠦᠷᠢᠯᠡᠬᠦ ᠪᠠᠷ | ᠲᠡᠳᠬᠦᠮᠵᠢ ᠶᠢ ᠣᠷᠣᠯᠠᠭᠤᠯᠬᠤ︾ ᠪᠠᠷ ᠤᠯᠠᠨ ᠲᠦᠮᠡᠨ ᠢ ᠳᠠᠶᠢᠴᠢᠯᠠᠨ 8.5 ᠳ᠋ᠦᠩᠰᠢᠭᠤᠷ ᠲᠥᠭᠦᠷᠢᠭ ᠤᠨ ᠣᠷᠣᠯᠭ᠎ᠠ ᠨᠡᠮᠡᠭᠳᠡᠭᠦᠯᠦᠨ᠂ ᠴᠥᠯᠡᠷᠬᠡᠭᠵᠢᠯ ᠢ | ᠰᠡᠷᠭᠡᠶᠢᠯᠡᠨ ᠵᠠᠰᠠᠬᠤ᠂ ᠰᠢᠨ᠎ᠡ ᠡᠨᠧᠷᠬᠢ ᠶᠢ ᠬᠥᠭᠵᠢᠭᠦᠯᠬᠦ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠯ᠎ᠠ ᠪᠠᠷ ᠴᠥᠮ ᠠᠰᠢᠭ ᠬᠦᠷᠲᠡᠬᠦ ᠶᠢ ᠪᠡᠶᠡᠯᠡᠭᠦᠯᠪᠡ᠃ | ᠳᠤᠯᠠᠭᠠᠯᠠᠭ᠎ᠠ ᠶᠢᠨ ᠢᠨᠵᠧᠨᠧᠷᠢᠩ ᠤᠨ ᠣᠨ ᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠂ 200 ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠵᠤ᠂ ᠢᠯᠴᠢ | ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ ᠲᠦᠮᠡᠨ ᠺᠢᠯᠤᠮᠧᠲᠷ ᠰᠢᠬᠠᠮ ᠥᠭᠡᠷᠡᠴᠢᠯᠡᠨ ᠰᠢᠨᠡᠳᠬᠡᠵᠦ᠂ ᠪᠦᠬᠦ ᠣᠷᠣᠨ ᠤ ᠰᠦᠯᠵᠢᠶ᠎ᠡ ᠪᠠᠷ ᠬᠢᠨᠠᠨ ᠰᠢᠨᠵᠢᠭᠰᠡᠨ | ᠥᠷᠥᠭᠡᠨ ᠤ ᠳᠤᠯᠠᠭᠠᠨ ᠤ ᠪᠠᠷᠢᠮᠵᠢᠶ᠎ᠠ ᠳᠤ ᠬᠦᠷᠦᠭᠰᠡᠨ ᠨᠤᠷᠮ᠎ᠠ 99% ᠠᠴᠠ ᠳᠡᠭᠡᠭᠰᠢ ᠳᠤ ᠬᠦᠷᠴᠦ᠂ 19.3 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠪᠠᠷ | ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠨ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ᠢ ᠨᠡᠶᠢᠲᠡᠯᠡᠨ᠂ ᠭᠤᠣᠯᠳᠠᠯᠭ᠎ᠠ | ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠦᠨᠡᠨᠴᠢ ᠢᠲᠡᠭᠡᠮᠵᠢ ᠶᠢᠨ ᠵᠠᠭᠠᠯᠳᠤᠯᠭ᠎ᠠ ᠶᠢᠨ | ᠴᠣᠩᠬᠤᠪᠴᠢ ᠭᠠᠷᠭᠠᠵᠤ᠂ ᠡᠯ᠎ᠡ ᠲᠦᠷᠦᠯ ᠤᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠴᠡᠭᠴᠡᠯᠡᠨ ᠵᠠᠰᠠᠵᠤ᠂ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠳᠠᠩᠰᠠᠨ ᠳᠠᠬᠢ ᠵᠣᠭᠤᠰ ᠢ ᠨᠢ ᠢᠯᠭᠠᠷᠠᠭᠤᠯᠤᠨ᠂ 71.4 ᠳ᠋ᠦᠩᠰᠢᠭᠤᠷ ᠲᠥᠭᠦᠷᠢᠭ ᠤᠨ ᠬᠤᠬᠢᠷᠠᠯ ᠢ ᠡᠭᠡᠭᠦᠯᠵᠦ ᠠᠪᠴᠢᠷᠠᠪᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯ ᠠᠩᠬ᠎ᠠ ᠡᠬᠢᠯᠡᠮᠡᠭᠴᠡ ᠲᠥᠯᠥᠪᠵᠢᠵᠦ᠂ 5 ᠴᠡᠭ ᠪᠠᠶᠢᠷᠢᠯᠠᠯ ᠤᠨ 36 ᠵᠦᠢᠯ ᠤᠨ ᠭᠤᠣᠯᠳᠠᠯᠭ᠎ᠠ | ᠪᠣᠯᠬᠤ ᠡᠭᠦᠷᠭᠡ ᠶᠢ ᠪᠦᠬᠦ ᠲᠠᠯ᠎ᠠ ᠪᠠᠷ ᠠᠬᠢᠭᠤᠯᠤᠨ᠂ ᠰᠦ ᠰᠠᠭᠠᠯᠢ ᠶᠢᠨ ᠦᠢᠯᠡᠰ᠂ ᠬᠤᠪᠣᠷ ᠰᠢᠷᠣᠢ᠂ ᠣᠰᠣᠳᠦ᠋ᠷᠦᠭᠴᠢ᠂ ᠨᠥᠭᠡᠴᠡ ᠡᠨᠧᠷᠬᠢ ᠵᠡᠷᠭᠡ ᠬᠦᠷᠢᠶ᠎ᠡ | ᠴᠠᠷᠠᠭᠠᠨ ᠳᠤ ᠨᠢᠭᠡ ᠪᠦᠯᠦᠭ ᠠᠵᠢᠯ ᠲᠦᠷᠦᠯ ᠤᠨ ᠬᠤᠭᠤᠰᠤᠨ ᠣᠷᠣᠨ ᠵᠠᠢ ᠶᠢ ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠲᠠᠢ ᠪᠣᠯᠵᠤ᠂ ᠠᠭᠠᠷ ᠰᠠᠨᠰᠠᠷ ᠤᠨ | ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠬᠢᠭᠡᠳ ᠴᠢᠳᠠᠮᠵᠢ ᠰᠠᠶᠢᠲᠠᠢ ᠬᠡᠷᠡᠯᠳᠦ ᠰᠠᠷᠠᠯᠵᠢ ᠶᠢ | ᠠᠵᠤ ᠦᠢᠯᠡᠰᠵᠢᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ ᠬᠤᠸᠠᠢ ᠷᠧᠦ ᠶᠢᠨ ᠤᠯᠤᠰ ᠤᠨ ᠲᠤᠷᠰᠢᠯᠲᠠ ᠶᠢᠨ ᠲᠠᠰᠤᠭ ᠯᠤᠭ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠤ᠂ ᠳᠠᠯᠠᠨ ᠬᠠᠷ᠎ᠠ ᠠᠭᠤᠯᠠ᠂ ᠣᠷᠳᠣᠰ ᠲᠤᠷᠰᠢᠯᠲᠠ ᠶᠢᠨ ᠲᠠᠰᠤᠭ ᠫᠠᠶᠢᠰᠠ ᠡᠯᠭᠦᠨ ᠠᠵᠢᠯᠯᠠᠵᠤ᠂ | ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠪᠠ | ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠳ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ 13 ᠲᠦᠷᠦᠯ ᠵᠦᠢᠯ ᠢ ᠳᠠᠭᠠᠭᠠᠨ ᠠᠪᠴᠤ | ᠵᠠᠯᠭᠠᠭᠤᠯᠪᠠ︔ ︽ᠮᠧᠩ ᠺᠧ ᠵᠢᠦᠢ︾ ᠲᠠᠪᠴᠠᠩ ᠤᠨ ᠦᠷ᠎ᠡ ᠪᠦᠲᠦᠮᠵᠢ ᠲᠣᠳᠣᠷᠠᠵᠤ᠂ ᠨᠡᠶᠢᠲᠡ 2412 ᠬᠤᠪᠢ ᠠᠷᠠᠯᠵᠢᠶᠠᠯᠠᠨ ᠤᠯᠠᠷᠢᠭᠤᠯᠵᠤ᠂ 8.7% ᠪᠠᠷ | ᠨᠡᠮᠡᠭᠳᠡᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠭᠰᠠᠨ ᠲᠤᠭ᠎ᠠ 33.6% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ | ᠳᠤᠮᠳᠠ ᠵᠢᠵᠢᠭ ᠠᠵᠤ ᠠᠬᠤᠶᠢᠯᠠᠯ 853 ᠡᠷᠦᠬᠡ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 97 ᠡᠷᠦᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ 20 ᠡᠷᠦᠬᠡ ᠪᠣᠳᠠᠲᠠᠢ ᠨᠡᠮᠡᠭᠳᠡᠵᠦ᠂ ᠳ᠋ᠣᠺᠲ᠋ᠣᠷ ᠮᠠᠰᠲ᠋ᠧᠷ ᠤᠨ ᠡᠷᠳᠡᠮ ᠤᠨ ᠴᠣᠯᠠ ᠣᠯᠭᠤᠬᠤ ᠴᠡᠭ 45 ᠰᠢᠨ᠎ᠡ ᠪᠠᠷ ᠨᠡᠮᠡᠭᠳᠡᠨ᠂ | 11 ᠰᠢᠨᠵᠢᠯᠡᠭᠡᠨ ᠤ ᠰᠠᠯᠠᠭᠠᠨ ᠤ ᠳ᠋ᠣᠺᠲ᠋ᠣᠷ ᠤᠨ ᠴᠡᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ 2 ᠲᠦᠷᠦᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠮᠠᠨ ᠤ ᠣᠷᠣᠨ ᠤ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ | ᠪᠦᠬᠦ ᠤᠯᠤᠰ ᠤᠨ ᠨᠡᠷᠡᠰ ᠤᠨ ᠵᠢᠭᠰᠠᠭᠠᠯᠲᠠ ᠳᠤ 4 ᠨᠡᠷᠡᠰ ᠳᠡᠭᠡᠭᠰᠢᠯᠡᠪᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ | ᠠᠬᠢᠭᠤᠯᠵᠤ᠂ ᠶᠡᠷᠦᠩᠬᠡᠢ ᠲᠥᠰᠥᠯ ᠢ ᠨᠠᠶᠢᠷᠠᠭᠤᠯᠤᠨ ᠳᠠᠭᠤᠰᠬᠠᠵᠤ᠂ ᠤᠯᠤᠰ ᠤᠨ ᠱᠠᠲᠤ ᠳᠠᠪᠬᠤᠷᠭ᠎ᠠ ᠳᠠᠬᠢ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢ 223 ᠬᠠᠭᠤᠯᠪᠤᠷᠢᠯᠠᠨ ᠳᠡᠯᠭᠡᠷᠡᠭᠦᠯᠵᠦ᠂ ᠪᠡᠯᠡ ᠣᠷᠣᠭᠤᠯᠤᠯᠳᠠ᠂ ᠠᠷᠠᠯᠵᠢᠶ᠎ᠠ᠂ ᠮᠥᠩᠭᠦᠨ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ | ᠥᠭᠡᠷᠡᠴᠢᠯᠡᠯᠲᠡ ᠶᠢ ᠲᠤᠷᠰᠢᠨ ᠥᠷᠨᠢᠭᠦᠯᠪᠡ᠃ | ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠥᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠪᠦᠲᠦᠮᠵᠢᠳᠠᠢ ᠬᠥᠭᠵᠢᠭᠡᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠭᠰᠠᠨ | 276 ᠵᠦᠢᠯ ᠤᠨ ᠥᠭᠡᠷᠡᠴᠢᠯᠡᠯᠲᠡ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠴᠢᠩᠭ᠎ᠠ ᠬᠦᠴᠦᠲᠡᠢ | ᠠᠬᠢᠭᠤᠯᠵᠤ᠂ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ᠂ ᠲᠡᠭ ᠰᠠᠭᠤᠷᠢᠨ ᠲᠥᠰᠥᠪ᠂ ᠳᠣᠣᠷ᠎ᠠ ᠠᠭᠠᠷ ᠤᠨ ᠠᠵᠤ ᠠᠬᠤᠢ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠵᠡᠷᠭᠡ ᠨᠢᠭᠡ ᠪᠦᠯᠦᠭ ᠥᠭᠡᠷᠡᠴᠢᠯᠡᠯᠲᠡ ᠶᠢᠨ ᠲᠥᠰᠥᠯ ᠢ ᠨᠡᠶᠢᠲᠡᠯᠡᠪᠡ᠃ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ | ᠰᠢᠯᠢᠳᠡᠭᠵᠢᠭᠦᠯᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠪᠦᠯᠦᠭ ᠵᠥᠷᠢᠴᠡᠯᠳᠦ ᠠᠰᠠᠭᠤᠳᠠᠯ ᠢ ᠰᠢᠢᠳᠪᠦᠷᠢᠯᠡᠨ᠂ | ᠬᠡᠰᠡᠭ ᠡᠭᠦᠷᠭᠡ ᠴᠢᠳᠠᠪᠤᠷᠢ ᠶᠢᠨ ᠲᠣᠭᠲᠠᠴᠠ ᠶᠢ ᠰᠢᠯᠤᠭᠤᠳᠬᠠᠪᠠ᠃ ︽ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ | ᠲᠠᠷᠢᠶᠠᠯᠠᠩ ᠤᠨ ᠣᠰᠣᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠦᠨ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.8 | ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠪᠡ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠣᠯᠭᠤᠬᠤ ᠲᠣᠭᠲᠠᠴᠠ ᠶᠢ ᠲᠡᠭᠦᠯᠳᠡᠷᠵᠢᠭᠦᠯᠦᠨ᠂ 17 ᠬᠤᠰᠢᠭᠤ ᠰᠢᠶᠠᠨ ᠳᠤ ᠲᠤᠷᠰᠢᠯᠲᠠ ᠶᠢᠨ | ᠴᠡᠭ ᠥᠷᠨᠢᠭᠦᠯᠵᠦ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠵᠢᠭᠠᠯᠲᠠ ᠲᠤᠭ᠎ᠠ 23.9% ᠪᠠᠶᠢᠭᠰᠠᠨ ᠠᠴᠠ ᠪᠠᠨ | ᠪᠠᠭᠤᠷᠠᠭᠠᠳ 10% ᠬᠦᠷᠬᠦ ᠦᠭᠡᠢ ᠪᠣᠯᠪᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ ᠶᠢᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠠᠬᠢᠭᠤᠯᠵᠤ᠂ | ᠰᠦᠯᠵᠢᠶ᠎ᠡ ᠪᠠᠷ ᠪᠠᠷᠠᠭ᠎ᠠ ᠲᠡᠭᠡᠭᠡᠪᠦᠷᠢ ᠶᠢ ᠬᠢᠨᠠᠨ ᠬᠠᠮᠢᠶᠠᠷᠬᠤ ᠦᠢᠯᠡᠴᠢᠯᠡᠭᠡ ᠶᠢ ᠴᠢᠩᠭᠠᠳᠬᠠᠨ᠂ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ᠂ | ᠠᠷᠠᠯᠵᠢᠶᠠᠯᠠᠭᠰᠠᠨ ᠲᠤᠭ᠎ᠠ ᠲᠣᠰ ᠪᠦᠷᠢ 3.5 ᠳᠠᠬᠢᠨ ᠪᠠ 2.5 ᠳᠠᠬᠢᠨ ᠨᠡᠮᠡᠭᠳᠡᠵᠦ᠂ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠰᠢᠤᠳᠠᠨ ᠤ ᠶᠠᠪᠤᠳᠠᠯ ᠤᠨ | ᠳᠠᠭᠠᠭᠤᠯᠤᠭᠴᠢ ᠠᠵᠤ ᠠᠬᠤᠶᠢᠯᠠᠯ ᠢ 91 ᠪᠤᠶᠢᠵᠢᠭᠤᠯᠵᠤ᠂ 4747 ᠺᠢᠯᠤᠮᠧᠲᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠳᠤ | ᠲᠣᠬᠢᠷᠠᠭᠤᠯᠤᠯᠲᠠ ᠬᠢᠵᠦ᠂ ᠴᠠᠭ ᠤᠨ ᠬᠤᠷᠳᠤᠴᠠ ᠶᠢ 120 ᠺᠢᠯᠤᠮᠧᠲᠷ ᠢᠶᠠᠷ ᠬᠢᠵᠠᠭᠠᠷᠯᠠᠬᠤ ᠵᠠᠮ ᠤᠨ ᠬᠡᠰᠡᠭ ᠤᠨ ᠡᠵᠡᠯᠡᠬᠦ ᠬᠠᠷᠢᠴᠠᠯ 18% ᠪᠠᠶᠢᠭᠰᠠᠨ ᠠᠴᠠ | ᠨᠡᠮᠡᠭᠳᠡᠭᠡᠳ 71% ᠪᠣᠯᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠥᠷᠭᠦᠯᠵᠢᠯᠡᠨ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠰᠠᠨᠠᠯ ᠢ ᠨᠡᠶᠢᠲᠡᠯᠡᠨ᠂ ᠠᠵᠤ ᠠᠬᠤᠶᠢᠯᠠᠯ ᠳᠤ ᠭᠠᠶᠢᠯᠢ ᠬᠥᠩᠭᠡᠯᠡᠨ ᠰᠦᠢᠳᠬᠡᠯ ᠪᠠᠭᠤᠷᠠᠭᠤᠯᠤᠭᠰᠠᠨ ᠵᠢᠴᠢ ᠭᠠᠶᠢᠯᠢ ᠪᠤᠴᠠᠭᠠᠭᠰᠠᠨ ᠨᠢ 300 ᠳ᠋ᠦᠩᠰᠢᠭᠤᠷ | ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠭᠤᠳ ᠬᠦᠷᠭᠡᠬᠦ ᠪᠡᠯᠡ ᠮᠥᠩᠭᠦ 13.7 ᠳ᠋ᠦᠩᠰᠢᠭᠤᠷ | ᠲᠥᠭᠦᠷᠢᠭ ᠲᠤ ᠬᠦᠷᠴᠦ᠂ ᠲᠦᠭᠡᠮᠡᠯ ᠬᠠᠷᠠᠭᠠᠯᠵᠠᠯ ᠤᠨ ᠬᠡᠯᠪᠡᠷᠢᠲᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 14% ᠪᠠᠷ | ᠨᠡᠮᠡᠭᠳᠡᠨ᠂ ︽ᠥᠨᠳᠥᠷ ᠪᠦᠲᠦᠮᠵᠢᠳᠠᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠠᠵᠢᠯ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ 13 | ᠵᠦᠢᠯᠡᠰ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠰᠠ 10 ᠵᠦᠢᠯᠡᠰ ᠢ ᠨᠡᠶᠢᠲᠡᠯᠡᠨ᠂ ᠭᠤᠭᠴᠤᠭ᠎ᠠ ᠴᠠᠭ ᠮᠠᠲ᠋ᠧᠷᠢᠶᠠᠯ ᠢ ᠴᠥᠮ 70% ᠠᠴᠠ ᠳᠡᠭᠡᠭᠰᠢ ᠪᠠᠭᠠᠰᠬᠠᠨ | ᠬᠠᠰᠤᠵᠤ᠂ ᠠᠷᠠᠳ ᠠᠴᠠ ᠡᠵᠡᠩᠨᠡᠭᠰᠡᠨ ᠡᠵᠡᠩᠨᠡᠯᠲᠡ ᠶᠢᠨ ᠭᠤᠣᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠨ᠂ 6.4% ᠪᠠᠷ ᠨᠡᠮᠡᠭᠳᠡᠵᠦ᠂ ᠶᠢᠩ ᠰᠧ | ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠨᠢ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠢᠶᠠᠷ ᠰᠲ᠋ᠣᠺ ᠤᠨ ᠵᠠᠬ᠎ᠠ ᠳᠤ | ᠭᠠᠷᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠪᠦᠰᠡᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ | ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠬᠥᠯᠥᠰᠦ ᠣᠯᠭᠤᠮᠵᠢ ᠬᠢᠭᠡᠳ ᠦᠷ᠎ᠡ ᠠᠰᠢᠭ ᠢ ᠪᠠᠲᠤᠯᠠᠭᠠᠲᠤ ᠴᠢᠨᠠᠷᠲᠠᠢ ᠪᠠᠷ ᠬᠤᠯᠪᠣᠭᠳᠠᠭᠤᠯᠬᠤ | ᠲᠣᠭᠲᠠᠴᠠ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ | ᠪᠦᠬᠦ ᠤᠯᠤᠰ ᠤᠨ 500 ᠬᠦᠴᠦᠷᠬᠡᠭ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ 11 ᠨᠡᠷᠡᠰ ᠳᠠᠪᠰᠢᠵᠤ᠂ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ ᠶᠢᠨ ᠨᠡᠮᠡᠭᠳᠡᠯ ᠤᠨ ᠬᠤᠷᠳᠤᠴᠠ ᠠᠵᠢᠯ ᠲᠦᠷᠦᠯ ᠤᠨ ᠳᠤᠮᠳᠠᠴᠢ ᠬᠢᠷᠢ ᠲᠦᠪᠰᠢᠨ ᠠᠴᠠ | 33 ᠵᠠᠭᠤᠨ ᠤ ᠬᠤᠪᠢ ᠶᠢᠨ ᠴᠡᠭ ᠥᠨᠳᠥᠷ ᠪᠠᠶᠢᠵᠤ᠂ ᠡᠨᠧᠷᠬᠢ ᠶᠢᠨ ᠪᠦᠯᠦᠭᠯᠡᠯ᠂ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠺᠣᠮᠫᠠᠨᠢ ᠶᠢᠨ ᠠᠰᠢᠭ | ᠣᠯᠵᠠᠪᠤᠷᠢ ᠲᠤᠰ ᠪᠦᠷᠢ 1 ᠳᠠᠬᠢᠨ ᠪᠠ 15 ᠳᠠᠬᠢᠨ ᠨᠡᠮᠡᠭᠳᠡᠨ᠂ ᠵᠠᠮ ᠬᠠᠷᠢᠯᠴᠠᠭᠠᠨ ᠤ ᠪᠦᠯᠦᠭᠯᠡᠯ᠂ ᠰᠣᠶᠣᠯ ᠵᠢᠭᠤᠯᠴᠢᠯᠠᠯ ᠤᠨ ᠪᠦᠯᠦᠭᠯᠡᠯ ᠤᠨ ᠡᠵᠡᠩᠨᠡᠯᠲᠡ ᠶᠢᠨ | ᠣᠷᠣᠯᠭ᠎ᠠ ᠲᠣᠰ ᠪᠦᠷᠢ 1.1 ᠳᠠᠬᠢᠨ ᠪᠠ 4.3 ᠳᠠᠬᠢᠨ ᠨᠡᠮᠡᠭᠳᠡᠪᠡ᠃ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ | ᠴᠤᠪᠤᠷᠠᠯ ᠤᠨ ᠬᠤᠭᠤᠴᠠᠭᠠᠲᠤ ᠦᠢᠯᠡᠳᠦᠯ ᠢ ᠰᠢᠯᠢᠳᠡᠭᠵᠢᠭᠦᠯᠬᠦ᠂ ᠪᠡᠯᠡ ᠮᠥᠩᠭᠦᠨ ᠤ ᠬᠠᠮᠢᠶᠠᠷᠤᠯᠲᠠ ᠶᠢᠨ ᠡᠷᠬᠡ ᠮᠡᠳᠡᠯ ᠢ ᠠᠭᠤᠵᠢᠭᠤ ᠲᠠᠯᠪᠢᠬᠤ ᠵᠡᠷᠭᠡ ᠨᠢᠭᠡ | ᠪᠦᠯᠦᠭ ᠥᠭᠡᠷᠡᠴᠢᠯᠡᠯᠲᠡ ᠶᠢᠨ ᠵᠦᠢᠯᠡᠰ ᠢ ᠨᠡᠶᠢᠲᠡᠯᠡᠪᠡ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠨᠢ ᠥᠭᠡᠷᠡᠴᠢᠯᠡᠯᠲᠡ ᠪᠣᠯᠬᠤ ᠶᠢ ᠪᠠᠷᠢᠮᠲᠠᠯᠠᠨ᠂ ᠲᠣᠭᠤᠷᠢᠨ | ᠪᠠᠶᠢᠴᠠᠭᠠᠯᠲᠠ᠂ ᠬᠢᠨᠠᠨ ᠪᠣᠳᠣᠯᠲᠠ᠂ ᠲᠤᠭ᠎ᠠ ᠪᠦᠷᠢᠳᠬᠡᠯ ᠵᠡᠷᠭᠡ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠬᠢᠨᠠᠮᠠᠭᠠᠢ ᠴᠡᠭᠴᠡᠯᠡᠨ ᠵᠠᠰᠠᠵᠤ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠵᠠᠰᠠᠯᠲᠠ ᠶᠢ ᠪᠠᠶᠢᠩᠭᠤᠰᠢᠭᠤᠯᠤᠨ | ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠡᠮ ᠡᠮᠨᠡᠯᠭᠡ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ | ᠵᠡᠷᠭᠡ ᠬᠦᠷᠢᠶ᠎ᠡ ᠴᠠᠷᠠᠭᠠᠨ ᠳᠠᠬᠢ ᠲᠣᠪᠤᠶᠢᠮ᠎ᠠ ᠠᠰᠠᠭᠤᠳᠠᠯ ᠤᠳ ᠢ ᠭᠦᠨᠵᠡᠭᠡᠢ ᠴᠡᠭᠴᠡᠯᠡᠨ ᠵᠠᠰᠠᠪᠠ᠃ | | |