2025·ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 3
ᠨᠡᠶᠢᠲᠡᠯᠡᠭᠰᠡᠨ ᠴᠠᠭ᠄
2025/1/27
      ᠨᠢᠭᠡ ᠵᠢᠯ ᠤᠨ ᠲᠤᠷᠰᠢ᠂ ᠪᠢᠳᠡ ᠨᠢᠭᠡ ᠲᠠᠯ᠎ᠠ ᠪᠠᠷ ᠠᠵᠤ ᠠᠬᠤᠢ ᠶᠢᠨ ᠬᠥᠭᠵᠢᠯᠲᠡ ᠶᠢ ᠠᠳᠬᠤᠵᠤ᠂ ᠨᠦᠭᠦᠭᠡ ᠲᠠᠯ᠎ᠠ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ᠃ ᠵᠢᠱᠢᠯᠲᠡ ᠪᠠᠷ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠣᠯᠲᠠ 13% ᠪᠠᠷ ᠨᠡᠮᠡᠭᠳᠡᠨ᠂ ᠪᠦᠬᠦ ᠤᠯᠤᠰ ᠤᠨ 2 ᠳ᠋ᠤᠭᠠᠷ ᠪᠠᠶᠢᠷᠢ ᠪᠠᠨ ᠪᠠᠲᠤᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠲᠠ 9100 ᠳ᠋ᠦᠩᠰᠢᠭᠤᠷ ᠲᠥᠭᠦᠷᠢᠭ ᠢ ᠳᠠᠪᠠᠵᠤ᠂ ᠪᠣᠣ ᠹᠧᠩ ᠤᠨ ᠪᠦᠬᠦ ᠪᠥᠮᠪᠥᠷᠴᠡᠭ ᠲᠤ ᠳᠠᠩ ᠭᠠᠭᠴᠠ ᠦᠢᠯᠡᠳᠪᠦᠷᠢ ᠶᠢᠨ ᠬᠡᠪᠴᠢᠶᠡᠵᠢᠯ ᠢᠶᠠᠷ ᠬᠠᠮᠤᠭ ᠤᠨ ᠶᠡᠭᠡ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠪᠣᠬᠢᠷᠳᠤᠯ ᠦᠭᠡᠢ ᠣᠰᠣᠳᠦ᠋ᠷᠦᠭᠴᠢ ᠶᠢ ᠡᠪᠴᠡᠯᠳᠦᠭᠦᠯᠬᠦ᠂ ᠯᠦᠩ ᠵᠢᠢ ᠭᠡᠷᠡᠯᠴᠢ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ᠂ ᠤᠮᠠᠷᠠᠲᠤ ᠶᠢᠨ ᠬᠤᠪᠣᠷ ᠰᠢᠷᠣᠢ ᠶᠢᠨ ᠪᠦᠬᠦ ᠪᠥᠮᠪᠥᠷᠴᠡᠭ ᠲᠤ ᠬᠡᠪᠴᠢᠶᠡᠵᠢᠯ ᠢᠶᠠᠷ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠬᠠᠶᠢᠯᠤᠭᠤᠯᠤᠨ ᠪᠣᠯᠪᠠᠰᠣᠷᠠᠭᠤᠯᠵᠦ ᠬᠤᠪᠢᠶᠠᠨ ᠰᠠᠯᠭᠠᠬᠤ ᠵᠡᠷᠭᠡ ᠠᠵᠤ ᠦᠢᠯᠡᠰ ᠤᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠪᠠ︔ ᠵᠢᠨᠢᠩ ᠠᠴᠠ ᠳ᠋ᠠᠲ᠋ᠦ᠋ᠩ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠨᠡᠪᠲᠡᠷᠡᠭᠦᠯᠦᠨ ᠠᠵᠢᠯᠯᠠᠭᠤᠯᠵᠤ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠵᠡᠭᠦᠨᠰᠢ ᠪᠠᠷᠠᠭᠤᠨᠰᠢᠬᠢ ᠲᠦᠷᠭᠡᠨ ᠤ ᠵᠠᠰᠠᠮᠠᠯ ᠵᠠᠮ ᠤᠨ ᠶᠡᠭᠡ ᠨᠡᠪᠲᠡᠷᠡᠯ ᠵᠠᠮ ᠢ ᠪᠦᠬᠦ ᠱᠤᠭᠤᠮ ᠢᠶᠠᠷ ᠨᠡᠪᠲᠡᠷᠡᠭᠦᠯᠦᠨ᠂ ᠬᠦᠬᠡᠬᠤᠳᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠭᠤᠣᠯ ᠴᠣᠭᠴᠠᠲᠤ ᠪᠠᠷᠢᠯᠭ᠎ᠠ ᠦᠨᠳᠦᠰᠦᠨ ᠳᠤ ᠪᠠᠨ ᠠᠵᠢᠯ ᠳᠠᠭᠤᠰᠴᠤ᠂ ᠱᠧᠩᠯᠢ ᠠᠴᠠ ᠵᠠᠩᠪᠧᠢ ᠬᠦᠷᠬᠦ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠬᠤ ᠢᠨᠵᠧᠨᠧᠷᠢᠩ ᠢ ᠡᠬᠢᠯᠡᠭᠦᠯᠦᠨ ᠠᠵᠢᠯᠯᠠᠭᠤᠯᠵᠤ᠂ ᠡᠭᠦᠯᠡᠨ ᠳ᠋ᠠᠶᠢᠲ᠋ᠠ ᠶᠢᠨ ᠲᠥᠪ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 40% ᠠᠴᠠ ᠳᠡᠭᠡᠭᠰᠢ ᠨᠡᠮᠡᠭᠳᠡᠪᠡ᠃ ᠵᠢᠱᠢᠯᠲᠡ ᠪᠠᠷ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 4% ᠪᠠᠷ ᠨᠡᠮᠡᠭᠳᠡᠨ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠨᠢ 300 ᠭᠠᠷᠤᠢ ᠳ᠋ᠦᠩᠰᠢᠭᠤᠷ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠦ᠂ ᠲᠦᠷᠦᠭᠦᠴᠢ ᠳᠡᠯᠭᠡᠭᠦᠷ᠂ ᠬᠤᠰᠢᠭᠤᠴᠢ ᠳᠡᠯᠭᠡᠭᠦᠷ ᠢ 168 ᠰᠢᠨ᠎ᠡ ᠪᠠᠷ ᠣᠷᠣᠭᠤᠯᠤᠨ ᠠᠪᠴᠢᠷᠠᠵᠤ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾᠂ ︽ᠳᠡᠯᠭᠡᠷ ᠨᠠᠭᠠᠳᠤᠮ︾ ᠨᠢ ᠵᠢᠭᠤᠯᠴᠢᠯᠠᠯ ᠤᠨ ᠰᠢᠨ᠎ᠡ ᠬᠥᠭ ᠠᠶᠠᠰ ᠢ ᠴᠢᠪᠬᠠᠳᠠᠵᠤ᠂ ᠷᠠᠰᠢᠶᠠᠨ ᠤ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠯᠣᠣ ᠨᠢᠦ ᠸᠠᠨ ᠬᠠᠲᠣᠨ ᠭᠤᠣᠯ ᠤᠨ ᠶᠡᠭᠡ ᠬᠠᠪᠴᠢᠯ᠂ ᠮᠡᠷᠭᠡᠯ ᠭᠤᠣᠯ 5A ᠳᠡᠰ ᠤᠨ ᠦᠵᠡᠮᠵᠢ ᠶᠢᠨ ᠣᠷᠣᠨ ᠬᠢᠨᠠᠨ ᠵᠥᠪᠰᠢᠶᠡᠷᠡᠭᠳᠡᠵᠦ᠂ ᠪᠦᠬᠦ ᠣᠷᠣᠨ ᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.73 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ 4140 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠦᠨ᠂ 18.6% ᠪᠠ 23.4% ᠪᠠᠷ ᠨᠡᠮᠡᠭᠳᠡᠪᠡ᠃ ᠤᠮᠠᠷᠠᠲᠤ ᠬᠢᠯᠢ ᠶᠢᠨ ᠰᠣᠶᠣᠯ ᠢ ᠰᠤᠳᠤᠯᠵᠤ ᠵᠣᠬᠢᠶᠠᠨ ᠪᠦᠲᠦᠭᠡᠵᠦ ᠤᠯᠠᠮᠵᠢᠯᠠᠬᠤ ᠶᠢ ᠴᠢᠩᠭᠠᠳᠬᠠᠨ᠂ ᠶᠤᠸᠠᠨ ᠤ ᠳᠡᠭᠡᠳᠦ ᠨᠡᠶᠢᠰᠯᠡᠯ᠂ ᠴᠢᠨ ᠤ ᠴᠢᠬᠡ ᠵᠠᠮ ᠤᠨ ᠪᠠᠭᠤᠷᠢ᠂ ᠤᠳᠠ ᠶᠢᠨ ᠫᠧᠷᠮᠢ ᠭᠠᠯᠪᠠ ᠶᠢᠨ ᠤᠷᠭᠤᠮᠠᠯ ᠬᠤᠴᠢᠯᠭ᠎ᠠ ᠶᠢᠨ ᠴᠢᠯᠠᠭᠤᠵᠢᠮᠠᠯ ᠤᠨ ᠭᠠᠷᠤᠯᠲᠠ ᠶᠢᠨ ᠣᠷᠣᠨ ᠤ ᠬᠠᠮᠠᠭᠠᠯᠠᠯᠲᠠ ᠢᠳᠡᠪᠬᠢ ᠠᠬᠢᠯᠲᠠ ᠲᠠᠢ ᠪᠣᠯᠵᠤ᠂ ᠬᠤᠩᠱᠠᠨ ᠰᠣᠶᠣᠯ ᠤᠨ ᠬᠠᠭᠤᠴᠢᠨ ᠤ ᠰᠤᠳᠤᠯᠤᠯ ᠤᠨ ᠲᠠᠯ᠎ᠠ ᠪᠠᠷ ᠪᠠᠰᠠ ᠴᠢᠬᠤᠯᠠ ᠶᠡᠭᠡ ᠢᠯᠡᠷᠡᠭᠦᠯᠦᠯᠲᠡ ᠲᠠᠢ ᠪᠠᠶᠢᠵᠤ᠂ ᠪᠠᠳᠠᠢ ᠶᠢᠨ ᠵᠢᠷᠠᠨ ᠡᠯᠡᠰᠦ – ᠡᠯᠡᠰᠦᠨ ᠴᠣᠬᠢᠶ᠎ᠠ ᠨᠠᠭᠤᠷ ᠪᠦᠷᠢᠳᠦ ᠨᠦᠭᠦᠳ ᠢ ᠠᠮᠵᠢᠯᠲᠠ ᠲᠠᠢ ᠪᠠᠷ ᠥᠪ ᠢᠶᠠᠷ ᠭᠤᠶᠤᠴᠢᠯᠠᠪᠠ᠂ ᠲᠧᠯᠸᠢᠰ ᠵᠦᠴᠦᠭᠡ ︽ᠠᠬᠠᠮᠠᠳ ᠦᠶ᠎ᠡ ᠶᠢᠨ ᠢᠷᠠᠭᠤ ᠠᠯᠳᠠᠷ︾  ᠨᠢ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠬᠦᠷᠲᠡᠵᠦ᠂ ᠤᠯᠠᠭᠠᠨᠮᠥ᠋ᠴᠢᠷ ᠨᠢ ᠪᠡᠭᠡᠵᠢᠩ ᠱᠠᠩᠬᠠᠢ ᠭᠤᠸᠠᠩᠵᠧᠦ ᠵᠡᠷᠭᠡ 25 ᠮᠤᠵᠢ ᠬᠤᠳᠠ ᠪᠠᠷ 760 ᠭᠠᠷᠤᠢ ᠲᠠᠯᠠᠪᠤᠷ ᠲᠣᠭᠤᠷᠢᠨ ᠲᠣᠭᠯᠠᠵᠤ᠂ ︽ᠮᠣᠷᠢᠲᠤ ᠴᠡᠷᠢᠭ︾ ᠵᠡᠷᠭᠡ ᠤᠳᠬ᠎ᠠ ᠤᠷᠠᠯᠢᠭ ᠤᠨ ᠪᠦᠲᠦᠭᠡᠯ ᠤᠨ ᠦᠵᠡᠭᠦᠯᠭᠡ ᠶᠢᠨ ᠲᠤᠭᠯᠠᠯᠲᠠ ᠶᠢᠨ ᠲᠠᠯᠠᠪᠤᠷ ᠪᠣᠯᠭᠠᠨ ᠳᠤ ᠦᠵᠡᠭᠴᠢᠳ ᠳᠦᠭᠦᠷᠴᠦ᠂ ︽ᠤᠮᠠᠷᠠᠲᠤ ᠬᠢᠯᠢ ᠶᠢᠨ ᠰᠣᠶᠣᠯ ᠤᠨ ᠡᠬᠡ ᠤᠯᠤᠰ ᠲᠠᠬᠢ ᠠᠶᠠᠯᠠᠯ︾ ᠢ ᠪᠦᠬᠦ ᠤᠯᠤᠰ ᠲᠤ ᠬᠠᠩᠭᠢᠨᠠᠭᠤᠯᠪᠠ᠃ ᠠᠷᠠᠳ ᠤᠨ ᠠᠮᠢᠳᠤᠷᠠᠯ ᠤᠨ ᠦᠢᠯᠡᠰ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠵᠤ᠂ ᠵᠢᠱᠢᠯᠲᠡ ᠪᠠᠷ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠨᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠵᠤ᠂ ᠬᠤᠲᠠ ᠪᠠᠯᠭᠠᠰᠤᠨ ᠤ 20.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠨ᠂ ᠵᠢᠯ ᠤᠨ ᠡᠬᠢᠨ ᠳᠤ ᠠᠮᠠᠯᠠᠭᠰᠠᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ  ᠠᠷᠠᠳ ᠤᠨ ᠨᠠᠰᠤᠵᠢᠯ ᠤᠨ ᠮᠥᠩᠭᠦ᠂ ᠵᠡᠮᠳᠡᠭᠴᠦᠳ ᠤᠨ ᠨᠡᠮᠡᠭᠦᠷᠢ ᠵᠡᠷᠭᠡ 5 ᠵᠦᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠴᠥᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠳᠤ ᠬᠦᠷᠦᠭᠰᠡᠨ ᠪᠤᠶᠤ ᠲᠡᠭᠦᠨ ᠠᠴᠠ ᠳᠠᠪᠠᠪᠠ︔ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠰᠢᠨ᠎ᠡ ᠪᠠᠷ ᠪᠡᠯᠡᠳᠬᠡᠨ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3460 ᠡᠷᠣᠭᠡ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠪᠡ︔ ᠪᠦᠢᠲᠠ ᠪᠥᠭᠯᠡᠭᠦᠦ ᠲᠠᠷᠢᠶᠠᠯᠠᠬᠤ ᠮᠠᠯᠵᠢᠬᠤ ᠡᠷᠦᠬᠡ ᠪᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠦᠴᠦᠨ ᠤ ᠲᠣᠣᠷ ᠢ ᠤᠷᠲᠤᠳᠬᠠᠬᠤ ᠵᠢᠴᠢ ᠰᠢᠨ᠎ᠡ ᠡᠨᠧᠷᠬᠢ ᠶᠢᠨ ᠴᠠᠬᠢᠯᠭᠠᠨ ᠨᠠᠪᠲᠠᠷᠡᠭᠦᠯᠵᠦ ᠳᠡᠰ ᠳᠡᠪᠰᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠪᠡᠶᠡᠯᠡᠭᠦᠯᠪᠡ︔ ᠨᠢᠯᠬ᠎ᠠ ᠨᠢᠷᠠᠢ ᠬᠡᠦᠬᠡᠳ ᠰᠠᠭᠠᠲᠠᠭᠤᠯᠬᠤ ᠣᠷᠣ ᠶᠢ 1.8 ᠲᠦᠮᠡ᠂ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠣᠷᠣ ᠶᠢ 3.8 ᠲᠦᠮᠡ ᠰᠢᠨ᠎ᠡ ᠪᠠᠷ ᠨᠡᠮᠡᠭᠳᠡᠭᠦᠯᠵᠦ᠂ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠢ 22 ᠰᠢᠨ᠎ᠡ ᠪᠠᠷ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠠᠵᠤ ᠠᠬᠤᠶᠢᠯᠠᠯ ᠳᠤ ᠵᠠᠬᠢᠶᠠᠯᠠᠭ᠎ᠠ ᠮᠠᠶ᠋ᠢᠭ ᠢᠶᠠᠷ ᠮᠡᠷᠭᠡᠰᠢᠯᠲᠦ ᠴᠢᠳᠠᠪᠤᠷᠢᠲᠠᠨ ᠢ 3.1 ᠲᠦᠮᠡ ᠬᠥᠮᠥᠵᠢᠭᠦᠯᠵᠦ ᠥᠭᠪᠡ︔ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ᠂ ᠰᠢᠤᠸᠠᠨ ᠦ᠋ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠣᠷᠣᠨ ᠪᠦᠰᠡ ᠶᠢᠨ 2 ᠡᠮᠴᠢᠯᠡᠭᠡᠨ ᠤ ᠲᠥᠪ ᠰᠢᠨ᠎ᠡ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠨᠢᠭᠲᠠ ᠬᠡᠯᠪᠡᠷᠢ ᠪᠦᠬᠦᠢ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ 61 ᠪᠠᠶᠢᠭᠤᠯᠵᠤ᠂ ᠪᠦᠬᠦ ᠣᠷᠣᠨ ᠤ 333 ᠡᠷᠦᠬᠡ ᠡᠮᠴᠢᠯᠡᠭᠡᠨ ᠤ ᠪᠠᠶᠢᠭᠤᠯᠤᠮᠵᠢ ᠨᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠮ ᠡᠮᠨᠡᠯᠭᠡ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠨᠢ ᠣᠯᠠᠨ ᠲᠦᠮᠡᠨ ᠤ ᠡᠮᠨᠡᠭᠦᠯᠬᠦ ᠳᠠᠷᠤᠭᠠᠰᠤ ᠶᠢ 172 ᠳ᠋ᠦᠩᠰᠢᠭᠤᠷ ᠲᠥᠭᠦᠷᠢᠭ ᠬᠥᠩᠭᠡᠷᠡᠭᠦᠯᠪᠡ︔ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ ᠡᠷᠡᠭᠲᠡᠢ ᠶᠢᠨ ᠪᠦᠢᠺᠦ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠬᠤᠯᠪᠣᠭᠠᠲᠤ ᠣᠷᠣᠯᠳᠣᠭᠠᠨ᠂ ᠪᠦᠬᠦ ᠤᠯᠤᠰ ᠤᠨ ᠫᠢᠩᠫᠠᠩ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠣᠷᠣᠯᠳᠣᠭᠠᠨ ᠵᠡᠷᠭᠡ ᠴᠢᠬᠤᠯᠠ ᠶᠡᠭᠡ ᠣᠷᠣᠯᠳᠣᠭᠠᠨ ᠤ ᠶᠠᠪᠤᠳᠠᠯ ᠢ ᠠᠮᠵᠢᠯᠲᠠ ᠲᠠᠢ ᠡᠷᠬᠢᠯᠡᠨ᠂ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠣᠷᠣᠨ ᠤ ᠲᠠᠮᠢᠷᠴᠢᠨ 1 ᠠᠯᠲᠠᠨ ᠮᠧᠳᠠᠯ 1 ᠮᠥᠩᠭᠦᠨ ᠮᠧᠳᠠᠯ ᠤᠨ ᠲᠡᠦᠬᠡᠨ ᠳᠡᠭᠡᠷᠡᠬᠢ ᠬᠠᠮᠤᠭ ᠤᠨ ᠰᠠᠶᠢᠨ ᠬᠢᠷᠢ ᠪᠦᠲᠦᠮᠵᠢ ᠣᠯᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠥᠷᠭᠡᠳᠴᠦ᠂ ᠪᠡᠭᠡᠵᠢᠩ ᠤᠨ ᠠᠵᠤ ᠠᠬᠤᠶᠢᠯᠠᠯ ᠰᠠᠭᠤᠷᠢᠰᠢᠵᠤ ᠪᠡᠯᠡ ᠣᠷᠣᠭᠤᠯᠤᠭᠰᠠᠨ ᠲᠤᠭ᠎ᠠ 175 ᠳ᠋ᠦᠩᠰᠢᠭᠤᠷ ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠣᠷᠣᠨ ᠤ 7 ᠲᠦᠮᠡ ᠭᠠᠷᠤᠢ ᠬᠦᠳᠡᠯᠮᠦᠷᠢ ᠬᠦᠴᠦᠨ ᠤ ᠠᠵᠢᠯ ᠣᠯᠭᠤᠯᠲᠠ ᠶᠢ ᠳᠠᠶᠢᠴᠢᠯᠠᠨ᠂ ᠪᠡᠭᠡᠵᠢᠩ ᠤᠨ 1000 ᠭᠠᠷᠤᠢ ᠪᠠᠭᠰᠢ ᠡᠮᠴᠢ ᠲᠤᠰᠬᠠᠢ ᠮᠡᠷᠭᠡᠵᠢᠯᠲᠡᠨ ᠮᠠᠨ ᠤ ᠣᠷᠣᠨ ᠳᠤ ᠦᠢᠯᠡᠴᠢᠯᠡᠭᠡ ᠥᠷᠨᠢᠭᠦᠯᠵᠦ᠂ ᠮᠠᠨ ᠤ ᠣᠷᠣᠨ ᠤ 308 ᠳ᠋ᠦᠩᠰᠢᠭᠤᠷ ᠲᠥᠭᠦᠷᠢᠭ ᠤᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠰᠯᠡᠯ ᠳᠤ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭ᠎ᠠ ᠪᠠᠶᠢᠭᠤᠯᠤᠭᠳᠠᠨ ᠠᠵᠢᠯᠯᠠᠵᠤ ᠡᠬᠢᠯᠡᠪᠡ᠃       ᠨᠢᠭᠡ ᠵᠢᠯ ᠤᠨ ᠲᠤᠷᠰᠢ᠂ ᠪᠢᠳᠡ ᠰᠢᠨ᠎ᠡ ᠴᠠᠭ ᠦᠶ᠎ᠡ ᠶᠢᠨ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠳᠠᠭᠠᠵᠦ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠣᠷᠠᠯᠲᠠ ᠦᠭᠡᠢ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠪᠠ᠃ ᠣᠯᠠᠨ ᠠᠷᠪᠢᠨ ᠬᠦᠴᠢᠷ ᠪᠡᠷᠬᠡ ᠥᠷᠢᠰᠦᠯᠳᠦᠭᠡᠨ ᠲᠤᠯᠭᠠᠷᠠᠭᠰᠠᠨ ᠪᠠᠶᠢᠳᠠᠯ ᠳᠣᠣᠷ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠢᠮᠠᠭᠲᠠ ᠨᠠᠮ ᠤᠨ ᠬᠤᠷᠢᠶᠠᠨ ᠤ ᠳᠠᠭᠠᠭᠤᠯᠭ᠎ᠠ ᠳᠤ ᠴᠢᠩᠭ᠎ᠠ ᠲᠦᠰᠢᠭᠯᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠠᠵᠢᠯ ᠬᠢᠵᠦ ᠦᠢᠯᠡᠰ ᠴᠣᠭᠴᠠᠯᠠᠬᠤ ᠡᠷᠴᠢ ᠵᠣᠷᠢᠭ ᠢᠶᠠᠨ ᠬᠥᠪᠴᠢᠯᠡᠨ᠂ ᠪᠦᠬᠦ ᠵᠢᠯ ᠤᠨ ᠬᠠᠷᠠᠯᠲᠠ ᠶᠢ ᠴᠢᠩᠭ᠎ᠠ ᠠᠩᠬᠠᠷᠴᠤ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠷᠢᠭᠲᠠᠢ ᠤᠷᠤᠭᠰᠢᠯᠠᠨ ᠳᠠᠪᠰᠢᠪᠠ᠃ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠪᠠᠷ ᠳᠡᠪᠰᠢᠭᠦᠯᠵᠦ᠂ 12 ᠬᠤᠪᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 680 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 895 ᠬᠤᠪᠢ ᠰᠠᠨᠠᠯ ᠳᠤᠷᠠᠳᠤᠯᠭ᠎ᠠ ᠶᠢ ᠴᠠᠭ ᠲᠤ ᠪᠠᠨ ᠭᠦᠢᠴᠡᠳᠬᠡᠨ ᠬᠠᠷᠢᠭᠤ ᠥᠭᠪᠡ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠦᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠰᠤᠷᠲᠠᠯ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠵᠤ ᠵᠠᠰᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ