ᠲᠥᠯᠥᠭᠡᠯᠡᠭᠴᠢᠳ ᠠ᠋︕ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠵᠠᠰᠠᠭ ᠤᠨ ᠣᠷᠳᠣᠨ ᠤ ᠠᠵᠢᠯ ᠳᠤ ᠰᠢᠨ᠎ᠡ ᠠᠬᠢᠯᠲᠠ ᠲᠠᠪᠰᠢᠯᠲᠠ ᠲᠠᠢ | ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠲᠡᠷᠢᠭᠦᠨ ᠴᠢᠬᠤᠯᠠ ᠨᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠠᠪᠤᠳᠠᠯ | ᠪᠣᠯᠣᠨ᠎ᠠ᠂ ᠢᠮᠠᠭᠲᠠ ᠨᠠᠮ ᠳᠤ ᠪᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠡᠷᠢᠯᠬᠢᠯᠡᠨ᠎ᠡ᠂ ᠰᠢᠨ᠎ᠡ ᠵᠠᠮ ᠢ ᠨᠡᠭᠡᠭᠡᠨ ᠳᠤᠮᠳᠠ ᠲᠦᠪᠰᠢᠨ ᠳᠤ ᠳᠠᠪᠰᠢᠬᠤ | ᠬᠠᠷᠠᠯᠲᠠ ᠪᠠᠨ ᠣᠨᠢᠯᠠᠵᠤ᠂ ᠡᠷᠴᠢ ᠵᠣᠷᠢᠭ ᠢᠶᠠᠨ ᠬᠥᠪᠴᠢᠯᠡᠨ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ ᠲᠡᠮᠡᠴᠡᠵᠦ᠂ ᠮᠠᠨ ᠤ ᠣᠷᠣᠨ ᠤ ᠬᠢᠯᠪᠠᠷ ᠪᠤᠰᠤ ᠪᠠᠷ | ᠴᠢᠷᠮᠠᠶᠢᠨ ᠣᠯᠣᠭᠰᠠᠨ ᠰᠠᠶᠢᠨ ᠪᠠᠶᠢᠳᠠᠯ ᠬᠠᠨᠳᠤᠰᠢ ᠪᠠᠨ ᠪᠠᠲᠤᠯᠠᠨ᠎ᠠ᠃ ᠴᠢᠩ ᠦᠨᠡᠨ ᠰᠡᠳᠬᠢᠯ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠨ᠎ᠡ᠂ ᠦᠨᠳᠦᠰᠦᠨ | ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠪᠠᠶᠢᠳᠠᠯ ᠢ ᠪᠣᠳᠠᠲᠠᠢ ᠣᠶᠢᠯᠠᠭᠠᠨ᠂ ᠠᠰᠠᠭᠤᠳᠠᠯ ᠢ ᠲᠣᠳᠣᠷᠬᠠᠢ ᠣᠶᠢᠯᠠᠭᠠᠵᠤ᠂ ᠪᠣᠳᠠᠲᠠᠢ ᠪᠥᠭᠡᠳ ᠴᠢᠩᠭ᠎ᠠ | ᠠᠷᠭ᠎ᠠ ᠬᠡᠮᠵᠢᠶ᠎ᠡ ᠠᠪᠴᠤ ᠪᠠᠶᠢᠭᠠᠳ ᠣᠯᠠᠨ ᠲᠦᠮᠡᠨ ᠤ ᠵᠣᠪᠠᠨᠢᠵᠤ ᠪᠠᠶᠢᠭ᠎ᠠ ᠶᠠᠪᠤᠳᠠᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠶᠠᠪᠤᠳᠠᠯ᠂ ᠦᠨᠳᠦᠰᠦᠨ | ᠱᠠᠲᠤᠨ ᠤ ᠬᠦᠴᠢᠷᠳᠡᠵᠦ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠨ᠎ᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠪᠠᠷᠠᠬᠤ ᠦᠭᠡᠢ ᠪᠠᠰᠠ ᠴᠢᠩᠭ᠎ᠠ ᠠᠳᠬᠤᠨ | ᠲᠦᠷᠭᠡᠨ ᠭᠦᠢᠴᠡᠳᠬᠡᠨ᠎ᠡ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠢ ᠣᠭᠲᠤ ᠬᠢᠬᠦ ᠦᠭᠡᠢ᠂ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠳᠠᠯ ᠳᠣᠣᠷ᠎ᠠ ᠵᠠᠰᠠᠭ | ᠶᠠᠪᠤᠭᠤᠯᠬᠤ ᠴᠤᠪᠤᠷᠠᠯ ᠢᠶᠠᠨ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠷᠯᠥᠭᠡ ᠦᠳᠡᠰᠢ ᠦᠭᠡᠢ ᠴᠢᠷᠮᠠᠶᠢᠵᠤ | ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠡᠷᠭᠡ ᠡᠯ᠎ᠡ | ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠲᠥᠪ ᠤᠨ ᠲᠣᠭᠤᠷᠢᠨ ᠪᠠᠶᠢᠴᠠᠭᠠᠯᠲᠠ᠂ ᠬᠠᠷᠢᠭᠤᠴᠠᠯᠭ᠎ᠠ ᠶᠢᠨ ᠬᠢᠨᠠᠨ ᠪᠣᠳᠣᠯᠲᠠ | ᠵᠢᠴᠢ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ | ᠠᠳᠬᠤᠨ᠎ᠠ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠣᠯ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠶᠢᠨ ᠡᠷᠬᠡᠪᠰᠢ ᠪᠠᠲᠤ ᠰᠠᠬᠢᠬᠤ ᠬᠤᠷᠢᠭ᠎ᠠ | ᠱᠤᠭᠤᠮ ᠪᠣᠯᠣᠨ᠎ᠠ᠂ ᠨᠠᠮ ᠤᠨ ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠳᠦᠷᠢᠮ ᠢ ᠴᠢᠩᠭ᠎ᠠ ᠰᠠᠬᠢᠨ᠂ ᠵᠥᠪ ᠣᠨᠣᠪᠴᠢᠲᠠᠢ ᠡᠷᠬᠡ ᠶᠢᠨ ᠦᠵᠡᠯᠲᠡ᠂ | ᠵᠠᠰᠠᠭ ᠤᠨ ᠪᠦᠳᠣᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠪᠠᠨ ᠪᠠᠲᠤ ᠪᠣᠯᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ ᠶᠢᠨ ᠳᠠᠭᠠᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠤ ᠢᠲᠡᠭᠡᠯ ᠢ | ᠶᠠᠭᠠᠬᠢᠭᠰᠠᠨ ᠴᠦ ᠬᠥᠰᠡᠷᠳᠡᠭᠦᠯᠬᠦ ᠦᠭᠡᠢ᠂ ᠵᠣᠬᠢᠶᠠᠨ ᠪᠠᠶᠢᠭᠤᠯᠤᠯᠲᠠ ᠶᠢᠨ ᠬᠥᠮᠦᠵᠢᠯ ᠪᠠ ᠬᠦᠨᠳᠦ ᠨᠠᠶᠢᠳᠠᠯᠭ᠎ᠠ ᠶᠢ ᠶᠠᠭᠠᠬᠢᠭᠰᠠᠨ ᠴᠦ ᠬᠥᠰᠡᠷᠳᠡᠭᠦᠯᠵᠦ ᠪᠤᠯᠬᠤ ᠦᠭᠡᠢ᠃ | | ᠲᠥᠯᠥᠭᠡᠯᠡᠭᠴᠢᠳ ᠠ᠋︕ ᠥᠪᠥᠷ ᠮᠣᠩᠭᠤᠯ ᠪᠣᠯ ᠡᠷᠲᠡᠨ ᠠᠴᠠ ᠪᠠᠨ ᠠᠪᠤᠭᠠᠳ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ | ᠪᠣᠯᠣᠨ᠎ᠠ᠂ ᠠᠳᠡ ᠠᠮᠢᠳᠤᠷᠠᠵᠤ ᠪᠠᠶᠢᠭ᠎ᠠ ᠬᠥᠮᠥᠰ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠬᠠᠶᠢᠷᠠᠯᠠᠵᠤ᠂ ᠠᠮᠢ ᠨᠠᠰᠤ ᠪᠠᠨ | ᠨᠠᠨᠳᠢᠩᠨᠠᠬᠤ ᠰᠢᠭ᠋ ᠢᠶᠠᠷ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠳᠠᠭ ᠶᠤᠮ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ︾ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ | ᠬᠥᠮᠦᠵᠢᠯ ᠢ ᠪᠠᠶᠢᠩᠭᠤᠰᠢᠭᠤᠯᠤᠨ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡᠨ ᠤ ᠪᠣᠳᠠᠲᠤ ᠶᠠᠪᠤᠳᠠᠯ ᠪᠠ ᠶᠣᠰᠣ ᠤᠴᠢᠷ︾ ᠢ ᠬᠥᠮᠥᠰ ᠤᠨ ᠰᠡᠳᠬᠢᠯ ᠳᠤ | ᠨᠡᠩ ᠭᠦᠨ ᠬᠠᠳᠠᠩᠰᠢᠭᠤᠯᠬᠤ ᠬᠡᠷᠡᠭᠲᠡᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠭᠠᠨ ᠵᠢᠯᠣᠭᠤᠳᠤᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠦᠨᠡᠨ | ᠪᠣᠳᠠᠲᠠᠢ ᠰᠢᠷᠭᠠᠭᠤ ᠠᠵᠢᠯᠯᠠᠳᠠᠭ ᠯᠠ ᠶᠤᠮ ᠪᠣᠯ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠳᠡᠭ ᠯᠠ ᠶᠤᠮ ᠪᠣᠯ᠂ ᠯᠠᠪᠲᠠᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠡᠨᠡ ᠬᠦ ᠲᠤᠭ ᠤᠨ | ᠥᠩᠭᠡ ᠭᠢᠯᠪᠠᠭ᠎ᠠ ᠶᠢ ᠤᠯᠠᠮ ᠭᠢᠯᠠᠯᠵᠠᠭᠤᠯᠤᠨ ᠰᠠᠴᠤᠷᠠᠭᠤᠯᠤᠨ᠎ᠠ ᠭᠡᠳᠡᠭ ᠲᠤ ᠪᠠᠲᠤ ᠢᠲᠡᠭᠡᠯ ᠪᠠᠶᠢᠨ᠎ᠠ︕ | ᠲᠥᠯᠥᠭᠡᠯᠡᠭᠴᠢᠳ ᠠ᠋︕ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠣᠯ ᠡᠷᠡᠮᠡᠬᠡᠶᠢᠯᠡᠨ ᠲᠡᠮᠡᠦᠯᠵᠦ ᠪᠠᠶᠢᠭᠠᠳ ᠡᠷᠴᠢᠯᠡᠳᠡᠭ ᠶᠤᠮ᠂ ᠭᠤᠷᠪᠠᠨ ᠤᠮᠠᠷᠠᠲᠤ ᠶᠢᠨ | ᠵᠣᠷᠢᠭ ᠰᠠᠨᠠᠭ᠎ᠠ ᠶᠢ ᠪᠣᠯ ᠭᠠᠪᠰᠢᠭᠠᠶᠢᠯᠠᠨ ᠲᠡᠮᠡᠴᠡᠵᠦ ᠪᠠᠶᠢᠭᠠᠳ ᠬᠥᠪᠴᠢᠯᠡᠳᠡᠭ ᠶᠤᠮ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠣᠯ ᠰᠢᠭᠤᠷᠬᠠᠶᠢᠯᠠᠨ | ᠠᠵᠢᠯᠯᠠᠵᠤ ᠪᠠᠶᠢᠭᠠᠳ ᠪᠠᠶᠢᠭᠤᠯᠳᠠᠭ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠶᠡᠭᠡ | ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠬᠦ | ᠴᠢᠷᠮᠠᠶᠢᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠵᠡᠭᠡᠶ᠎ᠡ︕ | ᠳᠠᠭᠠᠯᠳᠤᠭᠤᠯᠤᠯ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ᠵᠢᠷᠭᠤᠭᠠᠨ ᠠᠵᠢᠯᠯᠠᠭᠠᠨ᠄ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭᠠᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ᠂ | ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ᠂ ᠤᠰᠤ ᠠᠷᠪᠢᠯᠠᠬᠤ ᠠᠵᠢᠯᠯᠠᠭᠠᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ᠃ | ᠠᠷᠪᠠᠨ ᠶᠡᠭᠡ ᠠᠵᠤ ᠦᠢᠯᠡᠰ ᠤᠨ ᠪᠦᠯᠦᠭᠵᠢᠯ᠄ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ᠂ | ᠠᠮᠢᠳᠤ ᠪᠣᠳᠠᠰ ᠤᠨ ᠦᠢᠯᠡᠳᠬᠦ ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠳ᠋ᠢᠭᠢᠲ ᠠᠵᠤ ᠠᠬᠤᠢ᠂ ᠵᠣᠬᠢᠶᠠᠮᠠᠯ ᠣᠶᠤᠨ᠂ ᠳᠣᠣᠷ᠎ᠠ ᠠᠭᠠᠷ ᠤᠨ | ᠠᠵᠤ ᠠᠬᠤᠢ ᠶᠢᠨ ᠠᠵᠤ ᠦᠢᠯᠡᠰ ᠤᠨ ᠪᠦᠯᠦᠭᠵᠢᠯ᠃ ᠰᠦ ᠰᠠᠭᠠᠯᠢ ᠤᠯᠠᠭᠠᠨ ᠢᠳᠡᠭᠡ ᠲᠥᠮᠥᠰᠥ ᠨᠣᠣᠯᠣᠭᠤᠷ ᠵᠡᠷᠭᠡ ᠭᠤᠣᠯᠳᠠᠯᠭ᠎ᠠ ᠪᠤᠯᠬᠤ 7 ᠠᠵᠤ | ᠦᠢᠯᠡᠰ ᠤᠨ ᠬᠡᠯᠬᠢᠶ᠎ᠡ᠄ ᠰᠦ ᠰᠠᠭᠠᠯᠢ ᠶᠢᠨ ᠦᠢᠯᠡᠰ᠂ ᠦᠬᠡᠷ ᠤᠨ ᠮᠢᠬ᠎ᠠ᠂ ᠬᠤᠨᠢᠨ ᠤ ᠮᠢᠬ᠎ᠠ᠂ ᠲᠥᠮᠥᠰᠥ᠂ ᠢᠮᠠᠭᠠᠨ ᠨᠣᠣᠯᠣᠭᠤᠷ᠂ ᠡᠷᠳᠡᠨᠢ ᠰᠢᠰᠢ᠂ | ᠡᠪᠡᠰᠦᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ᠃ | ᠵᠢᠭᠤᠯᠴᠢᠯᠠᠯ ᠤᠨ ︽ᠳᠥᠷᠪᠡᠨ ᠭᠠᠵᠠᠷ︾᠄ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷᠡᠯᠡᠨ ᠪᠠᠭᠤᠳᠠᠯᠯᠠᠵᠤ | ᠵᠢᠭᠤᠯᠴᠢᠯᠠᠬᠤ ᠰᠠᠶᠢᠬᠠᠨ ᠭᠠᠵᠠᠷ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ᠂ ᠡᠷᠡᠭᠦᠯᠵᠢᠯᠡᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ | ᠭᠠᠵᠠᠷ᠃ | ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠠᠵᠤ ᠦᠢᠯᠡᠰ ᠤᠨ ᠬᠠᠮᠲᠤᠷᠠᠯᠴᠠᠭ᠎ᠠ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠃ | ᠳᠥᠷᠪᠡᠨ ᠵᠦᠢᠯ ᠤᠨ ᠠᠵᠢᠯᠯᠠᠭᠠᠨ᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠣᠨᠴᠠᠯᠢᠭᠲᠤ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭᠠᠨ᠂ ᠠᠵᠤ | ᠦᠢᠯᠡᠰ ᠤᠨ ᠪᠦᠯᠦᠭᠵᠢᠯ ᠢ ᠴᠣᠭᠴᠠᠯᠠᠬᠤ ᠠᠵᠢᠯᠯᠠᠭᠠᠨ᠂ ᠬᠡᠷᠡᠭᠯᠡᠭᠡ ᠶᠢᠨ ᠬᠠᠪᠰᠤᠷᠤᠨ ᠲᠡᠳᠬᠦᠵᠦ ᠣᠷᠣᠯᠭ᠎ᠠ ᠨᠡᠮᠡᠭᠳᠡᠭᠦᠯᠬᠦ ᠠᠵᠢᠯᠯᠠᠭᠠᠨ᠂ ᠬᠥᠳᠡᠯᠮᠦᠷᠢ ᠬᠦᠴᠦᠨ ᠤ | ᠬᠠᠮᠵᠢᠯᠴᠠᠭᠠᠨ ᠤ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ᠃ | ᠲᠦᠷᠪᠡᠨ ᠨᠢᠭᠡ ᠪᠦᠯᠦᠭ᠄ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠲᠠᠮ ᠬᠦᠦ ᠮᠥᠩᠭᠦ ᠥᠭᠬᠦ᠂ ᠨᠢᠭᠡ ᠪᠦᠯᠦᠭ ᠥᠷᠢ ᠥᠭᠴᠡᠭᠡ ᠶᠢ | ᠠᠷᠢᠯᠭᠠᠬᠤ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠵᠡᠷᠭᠡ ᠲᠡᠰ ᠠᠴᠠ ᠪᠤᠴᠠᠭᠠᠨ ᠭᠠᠷᠭᠠᠬᠤ᠂ ᠨᠢᠭᠡ ᠪᠦᠯᠦᠭ ᠬᠦᠴᠢᠷᠳᠡᠯ ᠢ ᠨᠢ ᠲᠠᠶᠢᠯᠬᠤ ᠠᠷᠭ᠎ᠠ ᠬᠡᠮᠵᠢᠶ᠎ᠡ | ᠠᠪᠴᠤ᠂ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠨᠢ ᠬᠠᠪᠰᠤᠷᠤᠨ᠎ᠠ᠃\ |