| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 62 ᠳ᠋ᠤᠭᠠᠷ ᠲᠣᠭᠠᠲᠤ | | | ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠦᠷᠭᠡᠬᠡᠨ | ᠳᠡᠭᠡᠭᠰᠢᠯᠡᠭᠦᠯᠵᠦ᠂ ᠳ᠋ᠢᠭᠢᠲ ᠮᠡᠷᠭᠡᠵᠢᠯ ᠤᠨ ᠰᠢᠨ᠎ᠡ ᠶᠢ ᠡᠭᠦᠳᠦᠭᠰᠡᠨ ᠬᠡᠷᠡᠭᠯᠡᠯᠲᠡ ᠪᠠᠷ ᠳᠠᠮᠵᠢᠨ ᠲᠤᠬᠠᠶᠢᠯᠠᠭᠰᠠᠨ ᠠᠵᠢᠯ ᠤᠨ ᠴᠤᠪᠤᠷᠠᠯ ᠪᠠ ᠠᠵᠢᠯ ᠤᠨ ᠬᠡᠪ | ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠡᠭᠦᠳᠦᠯᠲᠡ ᠭᠠᠷᠭᠠᠬᠤ ᠶᠢ ᠬᠥᠲᠥᠯᠥᠨ ᠳᠠᠭᠠᠭᠤᠯᠵᠤ᠂ ᠪᠥᠬᠦ ᠣᠷᠣᠨ ᠤ ᠳ᠋ᠢᠬᠢᠲᠴᠢᠯᠡᠭᠰᠡᠨ᠂ ᠣᠶᠤᠨᠴᠢᠯᠠᠭᠰᠠᠨ ᠭᠠᠯ | ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠠᠵᠢᠯ ᠳᠤ ᠬᠦᠴᠦᠨ ᠴᠢᠳᠠᠮᠵᠢ ᠡᠷᠴᠢᠮᠯᠡᠨ᠂ | ᠬᠠᠮᠲᠤ ᠪᠠᠷ ᠵᠥᠪᠳᠡᠯᠴᠡᠬᠦ᠂ ᠬᠠᠮᠲᠤ ᠪᠠᠷ ᠪᠠᠶᠢᠭᠤᠯᠬᠤ᠂ ᠬᠠᠮᠲᠤ ᠳᠤ ᠪᠠᠨ ᠭᠦᠷᠲᠡᠬᠦ ᠪᠠ ᠡᠷᠴᠢᠮᠵᠢᠭᠦᠯᠦᠨ ᠪᠦᠲᠦᠭᠡᠨ ᠪᠠᠶᠢᠭᠤᠯᠬᠤ ᠵᠠᠷᠴᠢᠮ ᠶᠣᠰᠣᠭᠠᠷ᠂ 3 ᠵᠢᠯ ᠤᠨ | ᠴᠠᠭ ᠬᠤᠭᠤᠴᠠᠭ᠎ᠠ ᠶᠢ ᠠᠰᠢᠭᠯᠠᠨ ᠪᠦᠬᠦ ᠣᠷᠣᠨ ᠤ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠦᠷᠢᠶ᠎ᠡ ᠴᠠᠷᠠᠭᠠᠨ ᠳᠠᠬᠢ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ | ᠣᠶᠤᠨ ᠵᠡᠷᠭᠡ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠠᠪᠴᠠᠩ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠠᠪᠴᠠᠩ ᠤᠨ ᠳ᠋ᠠᠶᠢᠲ᠋ᠠ ᠶᠢ ᠬᠤᠷᠠᠮᠳᠤᠭᠤᠯᠬᠤ ᠪᠠ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢᠶᠠᠷ ᠳᠠᠮᠵᠢᠭᠤᠯᠤᠨ ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢᠨ ᠡᠬᠢ ᠪᠠᠶᠠᠯᠢᠭ ᠢ | ᠬᠤᠷᠠᠮᠳᠤᠭᠤᠯᠵᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠢ ᠪᠦᠳᠦᠮᠵᠢᠳᠡᠢ ᠡᠮᠬᠢᠯᠡᠨ ᠨᠡᠶᠢᠯᠡᠭᠦᠯᠵᠦ᠂ ᠭᠠᠯ | ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠣᠶᠤᠨᠲᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠤᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ | ᠲᠦᠪᠰᠢᠨ ᠢ ᠬᠠᠮᠠᠭᠠᠯᠠᠬᠤ ᠲᠤᠰᠬᠠᠢ ᠰᠡᠳᠦᠪᠲᠦ ᠳ᠋ᠠᠶᠢᠲ᠋ᠠ ᠬᠥᠮᠥᠷᠭᠡ ᠶᠢ ᠴᠣᠭᠴᠠᠯᠠᠨ ᠪᠠᠶᠢᠭᠤᠯᠵᠤ᠂ ᠳ᠋ᠠᠶᠢᠲ᠋ᠠ ᠪᠠᠷ ᠵᠠᠰᠠᠬᠤ᠂ ᠬᠤᠯᠪᠣᠯᠳᠤᠭᠤᠯᠤᠨ ᠠᠭᠤᠰᠤᠯᠴᠠᠭᠤᠯᠬᠤ | ᠪᠠ ᠭᠤᠣᠯᠯᠠᠬᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠨᠠᠷᠢᠯᠢᠭᠵᠢᠭᠤᠯᠬᠤ ᠪᠠᠨ ᠠᠬᠢᠭᠤᠯᠵᠤ᠂ ᠭᠠᠯ ᠲᠦᠢᠮᠡᠷ ᠰᠡᠷᠭᠡᠶᠢᠯᠡᠬᠦ᠂ ᠭᠠᠯ ᠲᠦᠢᠮᠡᠷ ᠤᠨᠲᠠᠷᠠᠭᠠᠬᠤ ᠪᠦᠷᠢᠨ | ᠵᠠᠩᠭᠢ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠬᠤᠷᠠᠮᠳᠤᠭᠤᠯᠬᠤ ᠪᠠ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ | ᠲᠦᠪᠰᠢᠨ ᠢ ᠬᠠᠮᠠᠭᠠᠯᠠᠬᠤ ᠵᠠᠰᠠᠯᠲᠠ ᠶᠢᠨ ᠬᠡᠪ ᠵᠠᠭᠪᠤᠷ ᠤᠨ ᠲᠠᠯ᠎ᠠ ᠪᠠᠷ ︽ᠬᠡᠷᠡᠭ ᠤᠴᠢᠷ ᠡᠭᠦᠰᠬᠦ ᠠᠴᠠ ᠡᠮᠦᠨ᠎ᠡ ᠰᠡᠷᠭᠡᠶᠢᠯᠡᠬᠦ︾ ᠲᠡᠶᠢᠰᠢ ᠬᠡᠯᠪᠡᠷᠢ ᠪᠠᠨ | ᠬᠤᠪᠢᠷᠠᠭᠠᠬᠤ ᠶᠢ ᠠᠬᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠤᠳᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠣᠶᠤᠨᠴᠢ ᠲᠠᠪᠴᠠᠩ ᠢ ᠪᠦᠲᠦᠭᠡᠨ ᠪᠠᠶᠢᠭᠤᠯᠤᠨ᠎ᠠ | 1. ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠭᠠᠯ ᠲᠦᠢᠮᠡᠷ᠂ ᠨᠢᠭᠡᠴᠢ᠂ ᠪᠠᠷᠢᠯᠭ᠎ᠠ᠂ | ᠭᠠᠵᠠᠷ ᠵᠦᠢ ᠶᠢᠨ ᠮᠡᠳᠡᠭᠡ ᠵᠠᠩᠭᠢ᠂ ᠬᠢᠨᠠᠯᠲᠠ ᠲᠠᠯᠪᠢᠵᠤ ᠪᠠᠶᠢᠴᠠᠭᠠᠬᠤ᠂ ᠨᠢᠭᠡᠴᠢ ᠠᠴᠠ ᠲᠣᠭᠤᠷᠢᠨ ᠪᠠᠶᠢᠴᠠᠭᠠᠬᠤ᠂ ᠬᠡᠮ ᠰᠣᠭᠤᠭ ᠵᠢᠴᠢ ᠴᠡᠭᠴᠡᠯᠡᠨ ᠰᠠᠶᠢᠵᠢᠷᠠᠭᠤᠯᠬᠤ᠂ | ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠶᠢ ᠪᠠᠭᠲᠠᠭᠠᠭᠰᠠᠨ ᠳᠣᠲᠣᠷ ᠭᠠᠳᠠᠷ ᠲᠠᠯ᠎ᠠ ᠶᠢᠨ ᠤᠯᠠᠨ ᠡᠬᠢᠲᠦ | ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠬᠤᠷᠠᠮᠳᠤᠭᠤᠯᠤᠨ᠂ ᠮᠠᠰᠢᠨ ᠢᠶᠠᠷ ᠰᠣᠷᠣᠯᠴᠠᠭᠤᠯᠬᠤ ᠵᠢᠴᠢ ᠵᠣᠬᠢᠶᠠᠮᠠᠯ ᠤᠶᠤᠨ ᠤ ᠮᠡᠷᠭᠡᠵᠢᠯ ᠢ ᠠᠰᠢᠭᠯᠠᠵᠤ ᠪᠠᠶᠢᠭᠠᠳ | ᠨᠢᠭᠡᠴᠢ ᠶᠢᠨ ᠪᠠᠷᠢᠯᠭ᠎ᠠ ᠶᠢᠨ ᠭᠠᠯ ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠵᠢᠴᠢ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠭᠠᠯ | ᠲᠦᠢᠮᠡᠷ ᠤᠨ ᠲᠦᠭᠰᠢᠭᠦᠷᠢ ᠶᠢ ᠦᠨᠡᠯᠡᠨ ᠵᠢᠱᠢᠬᠦ ᠵᠠᠭᠪᠤᠷ ᠲᠤ ᠰᠤᠷᠭᠠᠭᠤᠯᠢᠯᠠᠯ ᠬᠢᠵᠦ᠂ ᠲᠦᠭᠰᠢᠭᠦᠷᠢ ᠶᠢ ᠬᠥᠳᠡᠯᠦᠩᠭᠦᠢ ᠦᠨᠡᠯᠡᠨ ᠵᠢᠱᠢᠬᠦ᠂ ᠤᠨᠤᠪᠴᠢᠳᠠᠢ | ᠰᠡᠷᠡᠮᠵᠢᠯᠡᠬᠦᠯᠬᠦ ᠠᠵᠢᠯ ᠢ ᠥᠷᠨᠢᠭᠦᠯᠦᠨ᠂ ︽ᠬᠤᠶᠠᠷ ᠢ ᠲᠠᠰᠢᠷᠠᠮ ᠢᠶᠠᠷ ᠰᠤᠭᠤᠴᠢᠵᠤ ᠨᠢᠭᠡ ᠶᠢ ᠢᠯᠡ ᠪᠣᠯᠭᠠᠬᠤ︾ ᠰᠢᠰᠲ᠋ᠧᠮ ᠲᠠᠢ ᠵᠣᠯᠭᠠᠭᠤᠯᠵᠤ᠂ ᠨᠡᠶᠢᠭᠡᠮ ᠤᠨ | ᠨᠢᠭᠡᠴᠢ ᠶᠢ ᠰᠤᠭᠤᠴᠢᠨ ᠪᠠᠶᠢᠴᠠᠭᠠᠬᠤ ᠬᠠᠷᠢᠴᠠᠯ ᠪᠠ ᠪᠠᠶᠢᠴᠠᠭᠠᠬᠤ ᠤᠳᠠᠭ᠎ᠠ ᠳᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠠᠯ ᠲᠦᠢᠮᠡᠷ ᠢ ᠰᠡᠷᠭᠡᠶᠢᠯᠡᠨ | ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠭᠠᠯ ᠲᠦᠢᠮᠡᠷ ᠤᠨ ᠲᠦᠭᠰᠢᠭᠦᠷᠢ ᠶᠡᠬᠡᠲᠡᠢ ᠲᠠᠯᠠᠪᠤᠷ ᠭᠠᠵᠠᠷ ᠲᠤ | ᠠᠩᠬᠠᠷᠤᠯ ᠲᠥᠪᠯᠡᠷᠡᠭᠦᠯᠵᠦ᠂ ᠮᠡᠳᠡᠭᠡ ᠵᠠᠩᠭᠢ ᠨᠡᠶᠢᠲᠡᠯᠡᠬᠦ ᠪᠠᠷᠢᠮᠵᠢᠶᠠᠵᠢᠭᠤᠯᠤᠭᠰᠠᠨ ᠵᠠᠯᠭᠠᠭᠠᠰᠤ ᠬᠠᠩᠭᠠᠨ᠂ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠦᠨᠳᠦᠰᠦᠨ | ᠱᠠᠲᠤᠨ ᠤ ᠵᠠᠰᠠᠭ ᠤᠨ ᠣᠷᠳᠣᠨ ᠤ ᠬᠠᠨᠳᠤᠯᠭᠠᠲᠤ ᠴᠢᠨᠠᠷᠲᠠᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ 2026 ᠣᠨ ᠤ | ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ | ᠰᠢᠰᠲ᠋ᠧᠮ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠬᠤᠲᠠ ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ | ᠣᠷᠳᠣᠰ ᠬᠤᠲᠠ᠂ ᠪᠠᠶᠠᠨᠨᠠᠭᠤᠷ ᠬᠤᠲᠠ︶ ᠨᠤᠭᠤᠳ ᠲᠤ ᠭᠠᠯ ᠲᠦᠢᠮᠡᠷ ᠤᠨ ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠤᠨ ᠬᠠᠮᠢᠶ᠎ᠠ ᠪᠦᠬᠦᠢ | ᠳ᠋ᠠᠶᠢᠲ᠋ᠠ ᠶᠢ ᠵᠠᠯᠭᠠᠨ ᠣᠷᠣᠭᠤᠯᠬᠤ ᠶᠢᠨ ᠬᠠᠮᠲᠤ ᠳᠡᠯᠭᠡᠷᠡᠭᠦᠯᠦᠨ ᠬᠡᠷᠡᠭᠯᠡᠬᠦ ᠠᠵᠢᠯ ᠢ ᠥᠷᠨᠢᠭᠦᠯᠦᠨ᠎ᠡ︔ 2027 ᠣᠨ ᠤ ᠰᠡᠭᠦᠯᠴᠢ ᠠᠴᠠ ᠡᠮᠦᠨ᠎ᠡ ᠪᠤᠰᠤᠳ | ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ᠃ | 2. ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ | ᠪᠦᠲᠦᠭᠡᠨ ᠪᠠᠶᠢᠭᠤᠯᠤᠨ᠎ᠠ᠃ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠮᠤᠷ ᠲᠦᠪᠰᠢᠨ ᠢ ᠬᠠᠮᠠᠭᠠᠯᠠᠬᠤ ᠡᠵᠡ ᠮᠡᠳᠡᠭᠰᠡᠨ | ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ᠂ ᠡᠳᠦᠷ ᠲᠤᠲᠤᠮ ᠤᠨ ᠪᠣᠯᠪᠠᠰᠤᠷᠠᠯ ᠰᠣᠷᠢᠯᠲᠠ᠂ ᠭᠠᠯ ᠲᠦᠢᠮᠡᠷ ᠤᠨ ᠬᠡᠷᠡᠭ ᠤᠨ ᠵᠢᠱᠢᠶ᠎ᠡ ᠶᠢ | ᠬᠠᠨᠳᠤᠯᠭ᠎ᠠ ᠲᠠᠢ ᠪᠠᠷ ᠳᠠᠮᠵᠢᠭᠤᠯᠤᠨ ᠬᠦᠷᠭᠡᠬᠦ ᠵᠡᠷᠭᠡ ᠦᠢᠯᠡᠳᠦᠯ ᠴᠢᠳᠠᠮᠵᠢ ᠶᠢ ᠨᠢ ᠳᠡᠮᠵᠢᠵᠦ᠂ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠬᠠᠮᠢᠶᠠᠷᠤᠯᠲᠠ ᠶᠢᠨ ᠠᠵᠢᠯᠲᠠᠨ ᠳᠤ ᠦᠨᠡᠨ ᠨᠡᠷ᠎ᠡ ᠶᠢᠨ ᠳᠦᠷᠢᠮ ᠢᠶᠠᠷ ᠬᠠᠮᠢᠶᠠᠷᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠶᠢᠨ ᠠᠭᠤᠯᠭ᠎ᠠ ᠶᠢ ᠪᠠᠷᠢᠮᠵᠢᠶᠠᠵᠢᠭᠤᠯᠤᠨ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠢᠭᠡᠴᠢ ᠶᠢᠨ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠵᠢᠷᠤᠮᠵᠢᠭᠤᠯᠬᠤ ᠪᠠ ᠨᠠᠷᠢᠯᠢᠭᠵᠢᠭᠤᠯᠬᠤ ᠬᠢᠷᠢ ᠲᠦᠪᠰᠢᠨ ᠢ ᠨᠢ ᠳᠡᠭᠡᠭᠰᠢᠯᠡᠭᠦᠯᠬᠦ ᠶᠢᠨ ᠬᠠᠮᠲᠤ᠂ ᠨᠡᠶᠢᠭᠡᠮ ᠤᠨ | ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠢ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠰᠢᠰᠲ᠋ᠧᠮ ᠯᠦᠭᠡ ᠵᠣᠯᠭᠠᠭᠤᠯᠬᠤ ᠶᠢ ᠪᠡᠶᠡᠯᠡᠭᠦᠯᠵᠦ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢᠨ ᠣᠷᠭᠠᠨᠢᠭ | ᠨᠢᠭᠡᠳᠦᠯ ᠢ ᠪᠦᠷᠢᠯᠳᠦᠭᠦᠯᠦᠨ᠂ ᠨᠡᠶᠢᠭᠡᠮ ᠤᠨ ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠩ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠬᠢᠨ ᠨᠡᠶᠢᠭᠡᠮ ᠤᠨ | ᠨᠢᠭᠡᠴᠢ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠡᠵᠡ ᠮᠡᠳᠡᠭᠰᠡᠨ ᠬᠠᠮᠢᠶᠠᠷᠤᠯᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠪᠣᠯᠬᠤ ᠨᠢᠭᠡᠴᠢ ᠳᠤ ᠳᠡᠯᠭᠡᠷᠡᠭᠦᠯᠦᠨ | ᠬᠡᠷᠡᠭᠯᠡᠵᠦ᠂ 2027 ᠣᠨ ᠤ ᠰᠡᠭᠦᠯᠴᠢ ᠠᠴᠠ ᠡᠮᠦᠨ᠎ᠡ ᠪᠥᠬᠦ ᠣᠷᠣᠨ ᠤ 10 ᠲᠦᠮᠡ ᠭᠠᠷᠤᠢ ᠨᠡᠶᠢᠭᠡᠮ ᠤᠨ ᠨᠢᠭᠡᠴᠢ ᠶᠢ ᠰᠢᠰᠲ᠋ᠧᠮ ᠳᠤ ᠵᠠᠯᠭᠠᠨ ᠣᠷᠣᠭᠤᠯᠬᠤ ᠪᠠᠷ | ᠬᠦᠴᠦᠯᠡᠨ ᠴᠢᠷᠮᠠᠶᠢᠨ᠎ᠠ᠃ | 3. ᠬᠤᠲᠠ ᠬᠥᠳᠡᠭᠡ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ ᠲᠠᠪᠴᠠᠩ ᠢ | ᠪᠦᠲᠦᠭᠡᠨ ᠪᠠᠶᠢᠭᠤᠯᠤᠨ᠎ᠠ᠃ 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ | ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ | ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ ᠣᠷᠣᠭᠤᠯᠬᠤ ᠪᠠᠷᠢᠮᠵᠢᠶ᠎ᠠ ᠪᠠᠨ ᠵᠢᠷᠤᠮᠵᠢᠭᠤᠯᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ | ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠠᠭᠤᠰᠤᠯᠴᠠᠭᠤᠯᠤᠨ ᠬᠠᠮᠲᠤ ᠳᠤ ᠪᠠᠨ ᠭᠥᠷᠳᠡᠬᠦ᠂ ᠬᠤᠣᠰ ᠴᠢᠭᠯᠡᠯ ᠢᠶᠠᠷ ᠬᠦᠴᠦᠨ ᠴᠢᠳᠠᠮᠵᠢ ᠡᠷᠴᠢᠮᠯᠡᠬᠦ ᠶᠢ ᠠᠬᠢᠭᠤᠯᠤᠨ | ᠪᠡᠶᠡᠯᠡᠭᠦᠯᠵᠦ᠂ ᠬᠤᠲᠠ ᠶᠢᠨ ᠭᠠᠯ ᠲᠦᠢᠮᠡᠷ ᠢ ᠰᠡᠷᠭᠡᠶᠢᠯᠡᠨ ᠡᠵᠡᠮᠳᠡᠬᠦ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ ᠥᠨᠳᠥᠷ ᠳᠠᠪᠬᠤᠷᠭᠠᠲᠤ ᠣᠯᠠᠨ ᠨᠡᠶᠢᠲᠡ ᠶᠢᠨ ᠪᠠᠷᠢᠯᠭ᠎ᠠ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠰᠤᠷᠭᠠᠭᠤᠯᠢ ᠵᠡᠷᠭᠡ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠤᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠪᠡᠯᠡᠳᠬᠡᠮᠵᠢ ᠶᠢᠨ ᠮᠡᠳᠡᠭᠡ ᠵᠠᠩᠭᠢ ᠶᠢ ᠤᠷᠢᠳ ᠢᠶᠠᠷ ᠵᠠᠯᠭᠠᠨ ᠣᠷᠣᠭᠤᠯᠵᠤ᠂ ᠡᠵᠡᠮᠳᠡᠯ ᠤᠨ ᠲᠠᠰᠤᠭ ᠤᠨ ᠵᠢᠵᠢᠭᠦᠷᠯᠡᠬᠦ ᠲᠣᠭᠲᠠᠭᠠᠯ ᠢ ᠢᠵᠢ ᠪᠦᠷᠢᠳᠦᠭᠦᠯᠵᠦ | ᠰᠢᠯᠢᠳᠡᠭᠵᠢᠭᠦᠯᠦᠨ ᠲᠣᠭᠲᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠶᠢᠭᠡᠮ ᠤᠨ ᠨᠢᠭᠡᠴᠢ ᠶᠢᠨ ᠪᠠᠷᠢᠯᠭ᠎ᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ | ᠪᠡᠯᠡᠳᠬᠡᠮᠵᠢ ᠶᠢᠨ ᠪᠣᠳᠠᠰᠯᠢᠭ ᠬᠤᠯᠪᠣᠭᠠᠲᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ︔ ᠬᠤᠲᠠ ᠪᠠᠯᠭᠠᠰᠤᠨ ᠤ ᠭᠤᠣᠨᠢ ᠭᠠᠭᠴᠠᠭᠠᠷ | ᠰᠠᠭᠤᠭ᠎ᠠ ᠨᠠᠰᠤᠲᠠᠶᠢᠴᠤᠳ ᠲᠤ ᠢᠨᠲ᠋ᠧᠷ ᠰᠦᠯᠵᠢᠶᠡᠨ ᠳᠤ ᠬᠤᠯᠪᠣᠭᠰᠠᠨ ᠬᠡᠯᠪᠡᠷᠢ ᠪᠦᠬᠦᠢ ᠣᠲᠤᠭ᠎ᠠ ᠮᠡᠳᠡᠷᠡᠵᠦ ᠭᠠᠯ ᠲᠦᠢᠮᠡᠷ ᠤᠨ ᠲᠦᠭᠰᠢᠭᠦᠷᠢ ᠮᠡᠳᠡᠭᠡᠯᠡᠬᠦ | ᠲᠤᠰᠠᠭᠠᠷ ᠮᠠᠰᠢᠨ ᠤᠭᠰᠠᠷᠠᠨ ᠥᠭᠴᠦ᠂ ᠬᠤᠲᠠ ᠪᠠᠯᠭᠠᠰᠤ ᠵᠢᠴᠢ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠨ ᠰᠠᠭᠤᠴᠠ ᠳᠤ ᠣᠲᠤᠭ᠎ᠠ | ᠮᠡᠳᠡᠷᠡᠬᠦ ᠲᠤᠰᠠᠭᠠᠷ ᠮᠠᠶ᠋ᠢᠭ ᠤᠨ ᠣᠶᠤᠨᠴᠢ ᠬᠠᠶᠢᠭᠤᠷ ᠪᠤᠶᠤ ᠠᠯᠤᠰ ᠠᠴᠠ ᠬᠢᠨᠠᠨ ᠡᠵᠡᠮᠳᠡᠵᠦ ᠪᠣᠯᠬᠤ ᠰᠡᠭᠦᠳᠡᠷᠯᠡᠬᠦ ᠮᠠᠰᠢᠨ ᠤᠭᠰᠠᠷᠠᠵᠤ ᠥᠭᠬᠦ ᠶᠢ ᠠᠬᠢᠭᠤᠯᠤᠨ᠎ᠠ᠃ | 2026 ᠣᠨ ᠤ ᠰᠡᠭᠦᠯᠴᠢ ᠠᠴᠠ ᠡᠮᠦᠨ᠎ᠡ᠂ ᠭᠤᠣᠯᠳᠠᠯᠭ᠎ᠠ ᠪᠣᠯᠬᠤ ᠬᠤᠲᠠ ︵ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ | ᠪᠠᠶᠠᠨᠨᠠᠭᠤᠷ ᠬᠤᠲᠠ︶ ᠨᠤᠭᠤᠳ ᠲᠤ ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠳ᠋ᠠᠶᠢᠲ᠋ᠠ ᠶᠢ ᠵᠠᠯᠭᠠᠨ | ᠣᠷᠣᠭᠤᠯᠬᠤ ᠠᠵᠢᠯ ᠢᠶᠠᠨ ᠪᠡᠶᠡᠯᠡᠭᠦᠯᠦᠨ᠎ᠡ︔ 2027 ᠣᠨ ᠤ ᠰᠡᠭᠦᠯᠴᠢ ᠠᠴᠠ ᠡᠮᠦᠨ᠎ᠡ ᠪᠤᠰᠤᠳ ᠠᠶᠢᠮᠠᠭ ᠬᠤᠲᠠ ᠨᠤᠭᠤᠳ ᠲᠤ ᠵᠠᠯᠭᠠᠵᠤ ᠣᠷᠣᠭᠤᠯᠬᠤ | ᠠᠵᠢᠯ ᠢᠶᠠᠨ ᠪᠡᠶᠡᠯᠡᠭᠦᠯᠦᠨ᠎ᠡ᠃ | ︵ᠬᠤᠶᠠᠷ︶ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠲᠡᠰ ᠳᠡᠪᠰᠢᠭᠦᠯᠦᠨ | ᠥᠭᠡᠷᠡᠴᠢᠯᠡᠨ ᠰᠢᠨᠡᠳᠬᠡᠨ᠎ᠡ | 1. ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠳ᠋ᠢᠬᠢᠲ ᠢᠬᠢᠷ᠎ᠡ ᠲᠦᠰᠦᠬᠡᠳᠦᠯᠭᠡ᠂ ᠰᠢᠯᠵᠢᠭᠡ ᠢᠨᠲ᠋ᠧᠷ ᠰᠦᠯᠵᠢᠶ᠎ᠡ ᠵᠡᠷᠭᠡ ᠮᠡᠷᠭᠡᠵᠢᠯ ᠢ ᠭᠦᠢᠴᠡᠳ ᠬᠡᠷᠡᠭᠯᠡᠨ᠂ | ᠣᠲᠣ ᠶᠢᠨ ᠪᠠᠶᠢᠭ᠎ᠠ ᠲᠠᠪᠴᠠᠩ ᠢᠶᠠᠨ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠪᠥᠬᠦ ᠣᠷᠣᠨ ᠤ ᠣᠳᠣᠬᠢᠴᠢᠯᠠᠭᠰᠠᠨ 119 ᠵᠢᠯᠤᠭᠤᠳᠬᠤ ᠲᠥᠪ ᠢ | ᠴᠣᠭᠴᠠᠯᠠᠨ ᠪᠠᠶᠢᠭᠤᠯᠵᠤ᠂ ᠴᠠᠭᠳᠠᠭᠠᠨ ᠤ ᠪᠠᠶᠢᠳᠠᠯ ᠢ ᠲᠤᠬᠠᠢ ᠶᠢᠨ ᠴᠠᠭ ᠲᠤ ᠨᠢ ᠰᠦᠯᠵᠢᠶᠡᠵᠢᠭᠦᠯᠦᠨ ᠬᠤᠷᠠᠮᠳᠤᠭᠤᠯᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠲᠠᠯ᠎ᠠ ᠳᠤ ᠨᠢᠭᠡ ᠪᠠᠷ ᠨᠢᠭᠡᠳᠬᠡᠭᠰᠡᠨ ᠵᠢᠷᠤᠭ ᠲᠠᠢ ᠪᠠᠶᠢᠯᠭᠠᠬᠤ ᠵᠡᠷᠭᠡ ᠦᠢᠯᠡᠳᠦᠯ ᠴᠢᠳᠠᠮᠵᠢ ᠶᠢ ᠪᠡᠶᠡᠯᠡᠭᠦᠯᠦᠨ᠎ᠡ᠃ ᠣᠲᠣ ᠶᠢᠨ ᠪᠠᠶᠢᠭ᠎ᠠ ᠭᠠᠯ ᠲᠦᠢᠮᠡᠷ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠪᠣᠶᠢᠳᠠ ᠪᠥᠭᠯᠡᠭᠦᠦ ᠭᠠᠵᠠᠷ ᠣᠷᠣᠨ ᠳᠤ ᠬᠦᠷᠲᠡᠯ᠎ᠡ ᠤᠷᠲᠤᠳᠬᠠᠨ᠎ᠠ᠃ | ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠪᠠᠶᠢᠷᠢ ᠲᠣᠭᠲᠠᠭᠠᠯᠲᠠ᠂ PDT ᠶᠠᠷᠢᠯᠴᠠᠭᠤᠷ᠂ ᠵᠢᠯᠣᠭᠤᠴᠢ ᠦᠭᠡᠢ | ᠨᠢᠰᠬᠡᠯ ᠵᠢᠴᠢ ᠭᠠᠭᠴᠠ ᠴᠡᠷᠢᠭ ᠤᠨ ᠸᠢᠳᠢᠤ᠋ ᠵᠡᠷᠭᠡ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠭᠠᠯ ᠲᠦᠢᠮᠡᠷ ᠤᠨᠲᠠᠷᠠᠭᠠᠵᠤ ᠠᠪᠤᠷᠠᠨ | ᠲᠤᠰᠠᠯᠠᠬᠤ ᠪᠦᠷᠢᠨ ᠵᠠᠩᠭᠢ ᠶᠢᠨ ᠳ᠋ᠠᠶᠢᠲ᠋ᠠ ᠶᠢ ᠲᠤᠬᠠᠢ ᠶᠢᠨ ᠴᠠᠭ ᠲᠤ ᠨᠢ ᠬᠤᠷᠠᠮᠳᠤᠭᠤᠯᠤᠨ᠂ ᠨᠢᠭᠡᠳᠦᠯᠲᠡᠢ ᠠᠰᠢᠭᠯᠠᠬᠤ ᠶᠢ ᠪᠡᠶᠡᠯᠡᠭᠦᠯᠦᠨ᠎ᠡ︔ ᠰᠡᠷᠡᠮᠵᠢ ᠶᠢᠨ | ᠳᠣᠬᠢᠶ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠢ ᠵᠢᠷᠤᠮᠵᠢᠭᠤᠯᠤᠨ ᠲᠤᠯᠭᠠᠭᠤᠷᠢᠯᠠᠬᠤ ᠪᠠᠭᠠᠵᠢ ᠶᠢ ᠰᠤᠳᠤᠯᠤᠨ ᠨᠡᠭᠡᠭᠡᠵᠦ᠂ ᠣᠶᠤᠨᠴᠢᠯᠠᠭᠰᠠᠨ᠂ ᠪᠣᠰᠤᠭ᠎ᠠ | ᠴᠣᠭᠴᠠᠵᠢᠭᠰᠠᠨ ᠲᠣᠬᠢᠷᠠᠭᠤᠯᠤᠯᠲᠠ ᠬᠢᠵᠦ ᠭᠦᠢᠴᠡᠳᠬᠡᠨ ᠳᠠᠭᠠᠬᠤ ᠬᠢᠭᠡᠳ ᠵᠢᠯᠤᠭᠤᠳᠴᠤ ᠦᠢᠯᠡᠴᠢᠯᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ 2026 ᠣᠨ ᠤ | ᠰᠡᠭᠦᠯᠴᠢ ᠠᠴᠠ ᠡᠮᠦᠨ᠎ᠡ ᠥᠭᠡᠷᠡᠴᠢᠯᠡᠨ ᠰᠢᠨᠡᠳᠬᠡᠵᠦ ᠳᠠᠭᠤᠰᠬᠠᠨ᠎ᠠ᠃ | 2. ᠳᠣᠬᠢᠭᠤᠷ ᠲᠤᠯᠤᠭ᠎ᠠ ᠳᠠᠭᠠᠭᠤᠯᠢ ᠣᠳᠣᠨ ᠤ ᠵᠠᠮᠴᠢᠯᠠᠭᠤᠷ᠂ ᠠᠯᠤᠰ ᠠᠴᠠ ᠸᠢᠳᠢᠤ᠋ ᠪᠠᠷ ᠬᠢᠨᠠᠨ ᠡᠵᠡᠮᠳᠡᠬᠦ᠂ ᠣᠶᠤᠨᠴᠢ ᠪᠠᠷ ᠬᠢᠨᠠᠨ ᠰᠢᠨᠵᠢᠵᠦ ᠲᠦᠭᠰᠢᠭᠦᠷᠢ | ᠮᠡᠳᠡᠭᠡᠯᠡᠬᠦ ᠵᠡᠷᠭᠡ ᠮᠡᠷᠭᠡᠵᠢᠯ ᠲᠠᠢ ᠤᠶᠠᠯᠳᠤᠭᠤᠯᠤᠨ᠂ ᠣᠶᠤᠨᠴᠢ ᠵᠢᠯᠣᠭᠤᠳᠤᠨ ᠲᠣᠬᠢᠷᠠᠭᠤᠯᠬᠤ ᠲᠠᠪᠴᠠᠩ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ | ᠠᠬᠢᠭᠤᠯᠤᠨ᠎ᠠ᠃ ᠬᠤᠲᠠ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠣᠳᠠᠰᠯᠢᠭ ᠬᠤᠯᠪᠣᠭᠠᠲᠤ ᠰᠦᠯᠵᠢᠶᠡᠨ ᠤ ᠲᠠᠪᠴᠠᠩ ᠤᠨ ᠡᠷᠲᠡᠨ ᠤ ᠬᠤᠭᠤᠴᠠᠭᠠᠨ ᠤ ᠭᠠᠯ | ᠲᠦᠢᠮᠡᠷ ᠢ ᠰᠡᠷᠡᠮᠵᠢᠯᠡᠭᠦᠯᠬᠦ ᠵᠢᠴᠢ ᠰᠢᠰᠲ᠋ᠧᠮ ᠤᠨ ᠪᠠᠶᠢᠷᠢ ᠲᠣᠭᠲᠠᠭᠠᠬᠤ ᠦᠢᠯᠡᠳᠦᠯ ᠴᠢᠳᠠᠮᠵᠢ ᠶᠢ ᠭᠦᠢᠴᠡᠳ ᠪᠠᠳᠠᠷᠠᠭᠤᠯᠵᠤ᠂ ᠣᠶᠤᠨᠴᠢ ᠪᠠᠷ ᠰᠡᠷᠡᠮᠵᠢᠯᠡᠭᠦᠯᠦᠨ | ᠲᠦᠭᠰᠢᠭᠦᠷᠢ ᠮᠡᠳᠡᠭᠦᠯᠬᠦ ᠪᠠ ᠠᠦ᠋ᠲ᠋ᠣ᠋ ᠪᠠᠷ ᠭᠠᠮᠰᠢᠭᠳᠠᠭᠰᠠᠨ ᠭᠠᠵᠠᠷ ᠲᠤ ᠵᠠᠮᠴᠢᠯᠠᠬᠤ ᠵᠢᠴᠢ ᠡᠷᠬᠢᠨ ᠲᠣᠭᠤᠷᠢᠨ ᠤ ᠬᠥᠷᠰᠢ ᠵᠡᠷᠭᠡᠯᠡᠳᠡᠭᠡ ᠭᠠᠯ ᠲᠦᠢᠮᠡᠷ ᠰᠡᠷᠭᠡᠶᠢᠯᠡᠨ | ᠤᠨᠲᠠᠷᠠᠭᠠᠵᠤ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ ᠭᠠᠮᠰᠢᠭᠳᠠᠭᠰᠠᠨ ᠲᠤᠬᠠᠢ ᠶᠢᠨ ᠲᠠᠯᠠᠪᠤᠷ ᠲᠤ ᠲᠡᠷᠡ ᠳᠠᠷᠤᠢ ᠳᠤ ᠨᠢ ᠬᠦᠷᠴᠦ | ᠰᠢᠢᠳᠪᠦᠷᠢᠯᠡᠭᠦᠯᠬᠦ ᠶᠢ ᠪᠡᠶᠡᠯᠡᠭᠦᠯᠦᠨ᠎ᠡ᠃ ᠭᠠᠮᠰᠢᠭ ᠤᠨ ᠪᠠᠶᠢᠳᠠᠯ ᠤᠨ ᠶᠡᠭᠡ ᠪᠠᠭ᠎ᠠ᠂ ᠠᠳᠡᠯ ᠤᠨ ᠲᠥᠷᠥᠯ ᠢᠯᠭᠠᠯ ᠲᠠᠢ ᠤᠶᠠᠯᠳᠤᠭᠤᠯᠤᠨ ᠵᠣᠬᠢᠬᠤ ᠬᠦᠷᠢᠶ᠎ᠡ | ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠠᠦ᠋ᠲ᠋ᠣ᠋ ᠰᠢᠯᠵᠢᠭᠦᠯᠦᠨ ᠲᠣᠮᠢᠯᠠᠵᠤ᠂ ᠭᠠᠯ ᠲᠦᠢᠮᠡᠷ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠪᠡᠯᠡᠳᠬᠡᠯ | ᠲᠥᠰᠥᠯ ᠢ ᠰᠢᠯᠢᠳᠡᠭᠵᠢᠭᠦᠯᠦᠨ᠂ ᠬᠠᠷᠢᠶ᠎ᠠ ᠭᠠᠵᠠᠷ ᠤᠨ ᠭᠠᠮᠰᠢᠭ ᠤᠨ ᠪᠠᠶᠢᠳᠠᠯ ᠢ ᠰᠢᠢᠳᠪᠦᠷᠢᠯᠡᠬᠦ ᠪᠠ ᠠᠵᠢᠯ ᠢ ᠵᠢᠯᠤᠭᠤᠳᠬᠤ ᠲᠠᠯ᠎ᠠ ᠪᠠᠷ ᠣᠨᠣᠪᠴᠢᠲᠠᠶ ᠬᠠᠮᠢᠶᠠᠷᠤᠨ | ᠡᠵᠡᠮᠳᠡᠬᠦ ᠪᠠᠨ ᠳᠣᠪᠤᠶᠢᠯᠭᠠᠨ᠎ᠠ᠃ 2026 ᠣᠨ ᠤ ᠰᠡᠭᠦᠯᠴᠢ ᠠᠴᠠ ᠡᠮᠦᠨ᠎ᠡ ᠵᠠᠯᠭᠠᠵᠤ ᠤᠷᠤᠭᠤᠯᠬᠤ ᠠᠵᠢᠯ ᠢᠶᠠᠨ ᠪᠡᠶᠡᠯᠡᠭᠦᠯᠦᠨ᠎ᠡ᠃ | ︵ᠭᠤᠷᠪᠠ︶ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠪᠦᠲᠦᠭᠡᠨ ᠪᠠᠶᠢᠭᠤᠯᠤᠨ᠎ᠠ | 1. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠵᠠᠷᠴᠢᠮ ᠳᠡᠭᠡᠷ᠎ᠡ ᠪᠠᠨ ᠨᠢᠭᠡᠳᠦᠯᠲᠡᠢ | ᠪᠦᠲᠦᠭᠡᠨ ᠪᠠᠶᠢᠭᠤᠯᠬᠤ᠂ ᠳᠡᠰ ᠬᠤᠪᠢᠶᠠᠨ ᠬᠡᠷᠡᠭᠯᠡᠬᠦ ᠶᠣᠰᠣᠭᠠᠷ ᠴᠣᠭᠴᠠᠯᠠᠨ ᠲᠥᠯᠥᠪᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ | ᠡᠬᠢ ᠪᠠᠶᠠᠯᠢᠭ ᠬᠠᠩᠭᠠᠯᠲᠠᠲᠠᠢ ᠪᠠᠶᠢᠳᠠᠯ ᠳᠣᠣᠷ᠎ᠠ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠢ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠡᠭᠡᠷ᠎ᠡ ᠲᠥᠪᠯᠡᠷᠡᠭᠦᠯᠦᠨ ᠪᠠᠶᠢᠷᠢᠯᠠᠭᠤᠯᠬᠤ ᠶᠢ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠢ᠃ | 2. ᠥᠪᠡᠷᠲᠡᠭᠡᠨ ᠵᠠᠰᠠᠬᠤ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ ᠲᠠᠪᠴᠠᠩ ᠨᠢ ᠪᠥᠬᠦ ᠣᠷᠣᠨ ᠤ ᠭᠠᠯ ᠲᠦᠢᠮᠡᠷ | ᠰᠡᠷᠭᠡᠶᠢᠯᠡᠨ ᠤᠨᠲᠠᠷᠠᠭᠠᠬᠤ ᠳᠣᠲᠣᠭᠠᠳᠤ ᠶᠢᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ᠂ ᠳᠡᠭᠡᠭᠰᠢ ᠪᠠᠨ ᠤᠯᠤᠰ ᠤᠨ ᠭᠠᠯ ᠲᠦᠢᠮᠡᠷ | ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠯᠤᠭ᠎ᠠ ᠬᠤᠯᠪᠤᠭᠠᠯᠠᠨ᠂ ᠬᠥᠨᠳᠡᠯᠡᠨ ᠢᠶᠠᠷ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ ᠲᠣᠮᠣ ᠳ᠋ᠠᠶᠢᠲ᠋ᠠ ᠶᠢᠨ ᠲᠠᠪᠴᠠᠩ ᠯᠤᠭ᠎ᠠ ᠵᠣᠯᠭᠠᠭᠤᠯᠵᠤ᠂ | ᠬᠠᠮᠢᠶ᠎ᠠ ᠪᠦᠬᠦᠢ ᠳ᠋ᠠᠶᠢᠲ᠋ᠠ ᠶᠢ ᠬᠤᠷᠠᠮᠳᠤᠭᠤᠯᠤᠨ ᠵᠠᠰᠠᠬᠤ ᠠᠵᠢᠯ ᠢ ᠥᠷᠨᠢᠭᠦᠯᠦᠨ᠂ ᠡᠭᠦᠷᠭᠡ ᠶᠢᠨ ᠲᠣᠬᠢᠷᠠᠭᠤᠯᠤᠯᠲᠠ᠂ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ᠂ | ᠶᠠᠰᠤ ᠴᠢᠨᠠᠷ ᠤᠨ ᠬᠠᠮᠢᠶᠠᠷᠤᠯᠲᠠ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠪᠠ ᠠᠵᠢᠯᠯᠠᠭᠤᠯᠤᠨ ᠬᠠᠮᠠᠭᠠᠯᠠᠵᠤ ᠬᠢᠨᠠᠨ ᠡᠵᠡᠮᠳᠡᠬᠦ ᠵᠡᠷᠭᠡ ᠰᠠᠭᠤᠷᠢᠯᠠᠬᠤ ᠦᠢᠯᠡᠳᠦᠯ | ᠴᠢᠳᠠᠮᠵᠢ ᠶᠢ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠪᠴᠠᠩ ᠨᠢ ᠬᠤᠷᠸ᠎ᠠ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠤᠨ ᠰᠢᠨᠵᠢᠬᠦ ᠪᠠᠷ ᠭᠤᠣᠯᠳᠠᠭᠤᠯᠤᠨ᠂ | ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠳᠤ ᠲᠤᠯᠭᠠᠭᠤᠷᠢᠯᠠᠵᠤ᠂ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠤᠬᠠᠶᠢᠯᠠᠭᠰᠠᠨ | ᠠᠵᠢᠯ ᠤᠨ ᠳ᠋ᠠᠶᠢᠲ᠋ᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠᠨ ᠵᠣᠬᠢᠴᠠᠭᠤᠯᠤᠨ ᠵᠢᠷᠤᠮᠵᠢᠭᠤᠯᠬᠤ ᠶᠢᠨ ᠬᠠᠮᠲᠤ᠂ ᠠᠶᠢᠮᠠᠭ ᠬᠤᠲᠠ ᠳᠤ ᠳ᠋ᠠᠶᠢᠲ᠋ᠠ ᠶᠢᠨ | ᠦᠢᠯᠡᠴᠢᠯᠡᠭᠡ ᠬᠠᠩᠭᠠᠨ᠎ᠠ᠃ ᠠᠶᠢᠮᠠᠭ ᠬᠤᠳᠠ ᠤᠨ ᠬᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠪᠣᠳᠠᠲᠠᠢ ᠠᠵᠢᠯ ᠳᠠᠬᠢ | ᠬᠡᠷᠡᠭᠯᠡᠯᠲᠡ ᠪᠠᠷ ᠭᠤᠣᠯᠳᠠᠭᠤᠯᠵᠤ᠂ ᠦᠨᠳᠦᠰᠦᠨ ᠱᠠᠲᠤᠨ ᠤ ᠭᠠᠯ ᠲᠦᠢᠮᠡᠷ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ᠂ ᠭᠠᠯ ᠲᠦᠢᠮᠡᠷ ᠤᠨᠲᠠᠷᠠᠭᠠᠵᠤ ᠠᠪᠤᠷᠠᠨ | ᠲᠤᠰᠠᠯᠠᠬᠤ ᠵᠢᠴᠢ ᠲᠤᠨᠤᠭ ᠲᠥᠬᠦᠭᠡᠷᠦᠮᠵᠢ ᠶᠢ ᠬᠠᠮᠢᠶᠠᠷᠬᠤ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠳᠤ ᠲᠤᠯᠭᠠᠭᠤᠷᠢᠯᠠᠯ ᠬᠠᠩᠭᠠᠨ᠎ᠠ᠃ | 3. ᠭᠠᠯ ᠲᠦᠢᠮᠡᠷ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠰᠤᠳᠤᠯᠤᠨ ᠮᠠᠭᠠᠳᠯᠠᠬᠤ ᠰᠢᠰᠲ᠋ᠧᠮ ᠢ ᠪᠦᠲᠦᠭᠡᠨ ᠪᠠᠶᠢᠭᠤᠯᠤᠨ᠎ᠠ᠃ ᠶᠡᠷᠦᠩᠬᠡᠶᠢᠯᠡᠨ ᠪᠠᠶᠢᠴᠠᠭᠠᠨ | ᠯᠠᠪᠯᠠᠬᠤ᠂ ᠴᠠᠭ ᠬᠤᠭᠤᠴᠠᠭ᠎ᠠ ᠪᠠ ᠣᠷᠣᠨ ᠵᠠᠢ ᠶᠢᠨ ᠦᠵᠡᠭᠳᠡᠮᠡᠯ ᠵᠠᠳᠠᠯᠤᠯᠲᠠ ᠬᠢᠬᠦ᠂ ᠶᠡᠷᠦᠩᠬᠡᠶᠢᠯᠡᠭᠰᠡᠨ ᠦᠵᠡᠭᠳᠡᠮᠡᠯ ᠵᠠᠳᠠᠯᠤᠯᠲᠠ ︵ᠲᠣᠮᠣ ᠳᠡᠯᠭᠡᠴᠡ︶ ᠬᠢᠬᠦ ᠵᠡᠷᠭᠡ | ᠳ᠋ᠠᠶᠢᠲ᠋ᠠ ᠶᠢᠨ ᠬᠡᠷᠡᠭᠯᠡᠯᠲᠡ ᠶᠢᠨ ᠪᠠᠭᠠᠵᠢ ᠶᠢ ᠰᠤᠳᠤᠯᠤᠨ ᠨᠡᠭᠡᠭᠡᠬᠦ ᠶᠢᠨ ᠬᠠᠮᠲᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠬᠡᠪ ᠤᠨ ᠪᠤᠰᠤ ᠬᠡᠯᠪᠡᠯᠵᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠮᠡᠳᠡᠭᠦᠯᠦᠯᠲᠡ ᠶᠢᠨ ᠬᠦᠰᠦᠨᠦᠭᠲᠦ ᠳᠤ | ᠬᠥᠳᠡᠯᠦᠩᠭᠦᠢ ᠵᠠᠳᠠᠯᠤᠯᠲᠠ ᠬᠢᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠳᠠᠯ ᠬᠠᠨᠳᠤᠰᠢ ᠶᠢ ᠰᠤᠳᠤᠯᠤᠨ ᠮᠠᠭᠠᠳᠯᠠᠵᠤ ᠮᠡᠳᠡᠭᠦᠯᠬᠦ ᠵᠡᠷᠭᠡ ᠰᠢᠷᠢᠰ ᠰᠤᠳᠤᠯᠤᠨ | ᠮᠠᠭᠠᠳᠯᠠᠵᠤ ᠵᠠᠳᠠᠯᠤᠯᠲᠠ ᠬᠢᠬᠦ ᠪᠠᠭᠠᠵᠢ ᠶᠢ ᠰᠤᠳᠤᠯᠤᠨ ᠨᠡᠭᠡᠭᠡᠵᠦ᠂ ᠡᠳᠦᠷ ᠲᠤᠳᠤᠮ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠤᠳᠤᠯᠤᠨ ᠮᠠᠭᠠᠳᠯᠠᠬᠤ | ᠠᠵᠢᠯ ᠳᠤ ᠬᠠᠪᠰᠤᠷᠤᠮᠵᠢ ᠪᠣᠯᠭᠠᠨ᠎ᠠ᠃ ᠣᠷᠣᠨ ᠪᠦᠰᠡ ᠶᠢᠨ ᠠᠮᠤᠷ ᠲᠦᠪᠰᠢᠨ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠰᠤᠳᠤᠯᠤᠨ ᠪᠠᠶᠢᠭᠤᠯᠵᠤ᠂ | ᠡᠯ᠎ᠡ ᠠᠶᠢᠮᠠᠭ ᠬᠤᠲᠠ ᠶᠢᠨ ᠣᠳᠣᠬᠠᠨ ᠤ ᠣᠷᠣᠨ ᠪᠦᠰᠡ ᠶᠢᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠴᠢᠨᠠᠷ ᠤᠨ ᠪᠠᠶᠢᠳᠠᠯ ᠤᠨ ᠬᠢᠷᠢ | ᠲᠦᠪᠰᠢᠨ ᠢ ᠪᠤᠰᠤᠳᠴᠢ ᠪᠠᠷ ᠲᠤᠰᠬᠠᠨ᠎ᠠ᠃ | 2026 ᠣᠨ ᠤ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠠᠰ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠮᠣ ᠳ᠋ᠠᠶᠢᠲ᠋ᠠ ᠶᠢᠨ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠳᠥᠷᠪᠡ︶ ᠰᠢᠯᠵᠢᠭᠡ ᠦᠵᠦᠭᠦᠷ ᠤᠨ ᠭᠠᠷ ᠤᠲᠠᠰᠤᠨ ᠤ APP ᠶᠢ ᠰᠤᠳᠤᠯᠤᠨ ᠨᠡᠭᠡᠭᠡᠨ᠎ᠡ | ︽ᠮᠥᠩᠬᠡ ᠰᠤᠪᠠᠭ︾ APP ᠳᠤ ᠲᠦᠰᠢᠭᠯᠡᠨ᠂ ᠨᠡᠶᠢᠭᠡᠮ ᠨᠡᠶᠢᠲᠡ᠂ ᠠᠵᠤ ᠠᠬᠤᠶᠢᠯᠠᠯ ᠪᠠ ᠬᠢᠨᠠᠯᠲᠠ ᠬᠠᠮᠢᠶᠠᠷᠤᠯᠲᠠ ᠶᠢᠨ ᠨᠢᠭᠡᠴᠢ ᠳᠤ ᠬᠠᠨᠳᠤᠭᠤᠯᠤᠭᠰᠠᠨ | ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠦᠢᠯᠡᠳᠦᠯ ᠴᠢᠳᠠᠮᠵᠢ ᠶᠢᠨ ᠬᠡᠰᠡᠭ ᠢ ᠰᠤᠳᠤᠯᠤᠨ ᠨᠡᠭᠡᠭᠡᠵᠦ᠂ ᠲᠣᠮᠣ ᠳ᠋ᠠᠶᠢᠲ᠋ᠠ ᠶᠢᠨ ᠲᠠᠪᠴᠠᠩ ᠤᠨ | ᠳ᠋ᠠᠶᠢᠲ᠋ᠠ ᠶᠢᠨ ᠡᠬᠢ ᠪᠠᠶᠠᠯᠢᠭ ᠯᠤᠭ᠎ᠠ ᠵᠣᠯᠭᠠᠭᠤᠯᠤᠨ᠂ ᠬᠡᠮ ᠰᠣᠭᠤᠭ ᠢ ︽ᠭᠠᠷ ᠤᠨ ᠠᠶ᠎ᠠ ᠪᠠᠷ ᠰᠡᠭᠦᠳᠡᠷᠯᠡᠬᠦ︾᠂ ᠲᠠᠪᠴᠠᠩ ᠢᠶᠠᠷ ᠳᠠᠮᠵᠢᠭᠤᠯᠤᠨ ᠣᠷᠣᠭᠤᠯᠬᠤ᠂ | ᠲᠦᠭᠰᠢᠭᠦᠷᠢ ᠶᠢᠨ ᠬᠡᠮ ᠰᠣᠭᠤᠭ ᠢ ᠰᠢᠯᠵᠢᠭᠦᠯᠦᠨ ᠲᠤᠰᠢᠶᠠᠬᠤ᠂ ᠨᠢᠭᠡ ᠦᠷᠲᠡᠬᠡᠴᠢᠯᠡᠭᠰᠡᠨ ᠮᠠᠶ᠋ᠢᠭ ᠢᠶᠠᠷ ᠳ᠋ᠠᠶᠢᠲ᠋ᠠ ᠳᠤ ᠵᠠᠳᠠᠯᠤᠯᠲᠠ ᠬᠢᠬᠦ ᠵᠡᠷᠭᠡ ᠦᠢᠯᠡᠳᠦᠯ | ᠴᠢᠳᠠᠮᠵᠢ ᠶᠢ ᠪᠡᠶᠡᠯᠡᠭᠦᠯᠦᠨ᠎ᠡ᠃ ᠭᠠᠷ ᠤᠲᠠᠰᠤᠨ ᠤ APP ᠤᠨ ᠤᠬᠠᠭᠤᠯᠭ᠎ᠠ ᠪᠣᠯᠪᠠᠰᠤᠷᠠᠯ ᠤᠨ ᠬᠡᠰᠡᠭ ᠢᠶᠠᠷ ᠳᠠᠮᠵᠢᠭᠤᠯᠤᠨ᠂ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠲᠦᠢᠮᠡᠷ ᠰᠡᠷᠭᠡᠶᠢᠯᠡᠨ | ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢ ᠳᠠᠮᠵᠢᠭᠤᠯᠤᠨ ᠬᠦᠷᠭᠡᠨ᠎ᠡ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠮᠡᠷᠭᠡᠵᠢᠯ ᠤᠨ ᠬᠠᠪᠰᠤᠷᠤᠯᠭ᠎ᠠ | ᠲᠡᠳᠬᠦᠯᠭᠡ ᠭᠤᠶᠤᠴᠢᠯᠠᠬᠤ ᠪᠠ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠵᠥᠪᠰᠢᠶᠡᠷᠡᠯ ᠭᠤᠶᠤᠴᠢᠯᠠᠬᠤ ᠵᠡᠷᠭᠡ ᠵᠦᠢᠯᠡᠰ ᠢ ᠰᠦᠯᠵᠢᠶ᠎ᠡ ᠪᠠᠷ | ᠪᠡᠶᠡᠯᠡᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠶᠢ ᠬᠠᠩᠭᠠᠵᠤ ᠪᠠᠶᠢᠭᠠᠳ ᠣᠯᠠᠨ ᠲᠦᠮᠡᠨ ᠤ ᠰᠤᠷᠤᠯᠴᠠᠨ | ᠬᠡᠷᠡᠭᠯᠡᠬᠦ ᠳᠤ ᠲᠥᠬᠦᠮ ᠦᠵᠡᠭᠦᠯᠦᠨ᠎ᠡ᠃ ᠰᠢᠯᠵᠢᠭᠡ ᠦᠵᠦᠭᠦᠷ ᠤᠨ ᠣᠨᠴᠠᠯᠢᠭ ᠰᠢᠨᠵᠢ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠢ ᠪᠠᠶᠢᠷᠢᠰᠢᠭᠤᠯᠤᠯᠲᠠ ᠶᠢᠨ | ᠵᠢᠷᠤᠭ ᠲᠥᠯᠥᠪᠯᠡᠭᠡ ᠭᠠᠷᠭᠠᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠥᠮᠥᠰ ᠲᠤ ᠪᠥᠬᠦ ᠭᠠᠵᠠᠷ ᠣᠷᠣᠨ᠂ ᠣᠯᠠᠨ ᠴᠠᠭ ᠬᠤᠭᠤᠴᠠᠭ᠎ᠠ ᠪᠠ ᠣᠷᠣᠨ ᠵᠠᠢ ᠶᠢᠨ | ᠮᠡᠳᠡᠭᠡ ᠵᠠᠩᠭᠢᠴᠢᠯᠠᠭᠰᠠᠨ ᠲᠤᠯᠭᠠᠭᠤᠷᠢᠯᠠᠯ ᠬᠠᠩᠭᠠᠵᠤ᠂ ᠬᠡᠵᠢᠶ᠎ᠡ ᠬᠠᠮᠢᠭ᠎ᠠ ᠴᠤ ᠭᠡᠰᠡᠨ ᠳ᠋ᠠᠶᠢᠲ᠋ᠠ ᠢ ᠰᠤᠷᠪᠤᠯᠵᠢᠯᠠᠨ ᠦᠵᠡᠵᠦ ᠲᠡᠶᠢᠯᠬᠦ ᠶᠢ ᠪᠡᠶᠡᠯᠡᠭᠦᠯᠦᠨ᠎ᠡ᠃ 2025 | ᠣᠨ ᠤ ᠰᠡᠭᠦᠯᠴᠢ ᠠᠴᠠ ᠡᠮᠦᠨ᠎ᠡ ︽ᠲᠠᠯ᠎ᠠ ᠨᠤᠲᠤᠭ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠦᠢᠯᠡᠳᠦᠯ ᠴᠢᠳᠠᠮᠵᠢ ᠶᠢᠨ ᠬᠡᠰᠡᠭ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠨ᠎ᠡ᠃ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ | ᠪᠠᠶᠢᠭᠤᠯᠤᠯᠲᠠ ᠶᠢ ᠳ᠋ᠢᠭᠢᠲ᠋ᠠᠯ ᠵᠠᠰᠠᠭ ᠤᠨ ᠣᠷᠳᠣᠨ᠂ ᠣᠶᠤᠨᠲᠤ ᠬᠤᠲᠠ ᠶᠢᠨ ᠪᠦᠬᠦᠯᠢ ᠴᠣᠭᠴᠠᠲᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ | ᠨᠡᠶᠢᠭᠡᠮ ᠤᠨ ᠬᠥᠷᠥᠩᠭᠡ ᠶᠢᠨ ᠬᠢᠨ ᠤ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠣᠷᠣᠨ ᠨᠤᠭᠤᠳ ︽ᠲᠤᠷᠰᠢᠯᠲᠠ ᠶᠢᠨ ᠴᠡᠭ ᠢᠶᠠᠷ ᠳᠡᠯᠭᠡᠷᠡᠭᠦᠯᠦᠨ ᠬᠡᠷᠡᠭᠵᠢᠭᠦᠯᠬᠦ᠂ ᠯᠠᠪᠳᠠᠭᠤᠨ ᠪᠠᠲᠤᠲᠠᠢ | ᠠᠬᠢᠭᠤᠯᠬᠤ︾ ᠵᠠᠷᠴᠢᠮ ᠶᠣᠰᠣᠭᠠᠷ᠂ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠣᠯᠬᠤ ᠡᠭᠦᠷᠭᠡ ᠶᠢ | ᠦᠨᠳᠦᠰᠦᠯᠡᠨ᠂ ᠲᠤᠰ ᠭᠠᠵᠠᠷ ᠣᠷᠣᠨ ᠤ ᠪᠠᠨ ᠠᠵᠤ ᠠᠬᠤᠢ ᠶᠢᠨ ᠬᠥᠭᠵᠢᠯᠲᠡ ᠪᠠᠷ ᠨᠡᠯᠢᠶᠡᠳ ᠰᠠᠶᠢᠨ᠂ ᠲᠤᠷᠰᠢᠯᠲᠠ ᠶᠢᠨ ᠴᠡᠭ ᠪᠣᠯᠭᠠᠬᠤ ᠨᠥᠬᠦᠴᠡᠯ ᠢ | ᠪᠦᠷᠢᠳᠦᠭᠦᠯᠦᠭᠰᠡᠨ ᠭᠠᠵᠠᠷ ᠣᠷᠣᠨ ᠢ ᠰᠣᠩᠭᠤᠵᠤ ᠪᠠᠶᠢᠭᠠᠳ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ ᠲᠤᠷᠰᠢᠯᠲᠠ ᠶᠢᠨ ᠴᠡᠭ ᠤᠨ ᠳᠡᠯᠭᠡᠷᠡᠭᠦᠯᠬᠦ | ᠠᠵᠢᠯ ᠢ ᠥᠷᠨᠢᠭᠦᠯᠵᠦ᠂ ᠲᠤᠰ ᠭᠠᠵᠠᠷ ᠣᠷᠣᠨ ᠤ ᠪᠠᠨ ᠨᠤᠲᠤᠭ ᠪᠦᠰᠡ ᠶᠢᠨ ᠣᠨᠴᠠᠯᠢᠭ ᠲᠤ ᠨᠡᠶᠢᠴᠡᠭᠰᠡᠨ ︽ᠣᠶᠤᠨᠲᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ︾ | ᠪᠦᠲᠦᠭᠡᠨ ᠪᠠᠶᠢᠭᠤᠯᠤᠯᠲᠠ ᠶᠢᠨ ᠬᠡᠪ ᠵᠠᠭᠪᠤᠷ ᠢ ᠪᠠᠶᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠪᠣᠯᠬᠤ ᠡᠭᠦᠷᠭᠡ ᠶᠢ ᠴᠠᠭ ᠲᠤᠬᠠᠢ ᠳᠤ ᠨᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ | | 2024 ᠣᠨ ᠤ 12 ᠳ᠋ᠤᠭᠠᠷ ᠰᠠᠷ᠎ᠠ ᠶᠢᠨ 31 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ | |