ᠬᠠᠮᠳᠤ ᠳᠠᠭᠠᠨ ᠰᠢᠨᠡᠯᠡᠬᠦ ᠭᠡᠭᠴᠢ ᠰᠠᠷ᠎ᠠ ᠰᠢᠨ᠎ᠠ ᠶᠢᠨ ᠵᠢᠷᠭᠠᠯ ᠪᠤᠶᠤ
ᠨᠡᠶᠢᠲᠡᠯᠡᠭᠰᠡᠨ ᠴᠠᠭ᠄
2025/1/27
      ᠲᠣᠭᠤᠭ᠎ᠠ ᠲᠤᠭᠤᠭ᠎ᠠ ᠪᠠᠩᠰᠢ᠂ ᠦᠯᠵᠡᠶᠢᠳᠤ ᠪᠤᠭᠤᠷᠰᠤᠭ ᠠᠴᠠ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠶᠢᠨ ᠦᠨᠦᠷ ᠠᠮᠳᠠ ᠮᠡᠳᠡᠷᠡᠭᠳᠡᠵᠦ᠂ ᠰᠢᠷᠡᠭᠡ ᠰᠢᠷᠡᠭᠡ ᠨᠤᠲᠤᠭ ᠤᠨ ᠦᠨᠦᠷ ᠠᠮᠳᠠᠳᠤ ᠬᠤᠭᠤᠯᠠ ᠪᠤᠳᠠᠭᠠᠨ ᠠᠴᠠ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠶᠢᠨ ᠪᠠᠶᠠᠷ ᠪᠠᠭ᠋ᠠᠳᠤᠯ ᠬᠠᠯᠬᠢᠯᠠᠵᠤ᠂ ᠴᠠᠭᠠᠨ ᠰᠠᠷ᠎ᠠ ᠶᠢᠨ ᠦᠳᠡᠰᠢᠯᠡᠭᠡ ᠶᠢᠨ ᠲᠣᠭᠯᠠᠯᠲᠠ ᠪᠤᠯᠭᠠᠨ ᠠᠴᠠ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠶᠢᠨ ᠠᠭᠤᠷ ᠠᠮᠢᠰᠬᠤᠯ ᠪᠢᠯᠬᠠᠵᠤ᠂ ᠨᠦᠵᠢᠬᠢᠨᠡᠨ ᠲᠦᠵᠢᠬᠢᠨᠡᠬᠦ ᠫᠤᠤᠵᠢᠩ ᠤᠨ ᠲᠠᠭᠤᠨ ᠠᠴᠠ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠲᠠᠭᠤᠨ ᠴᠤᠤᠷᠢᠶᠠᠲᠤᠵᠤ᠂ ᠠᠵᠠ ᠵᠢᠷᠭᠠᠯ ᠲᠠᠢ ᠥᠯᠵᠡᠶᠢᠲᠦ ᠰᠠᠶᠢᠬᠠᠨ ᠴᠣᠩᠬᠤᠨ ᠬᠠᠶᠢᠴᠢᠯᠠᠮᠠᠯ ᠠᠴᠠ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠥᠩᠭᠡ ᠪᠤᠳᠤᠭ ᠲᠣᠳᠣᠷᠠᠨ᠎ᠠ ᠁ ᠭᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠪᠣᠯ ᠴᠠᠭᠠᠨ ᠰᠠᠷ᠎ᠠ ᠶᠢᠨ ᠥᠨᠢᠳᠡ ᠶᠢᠨ ᠭᠤᠣᠯ ᠰᠡᠳᠦᠪ ᠪᠣᠯᠬᠤ ᠪᠥᠭᠡᠳ ᠬᠠᠮᠤᠭ ᠤᠨ ᠥᠳᠬᠡᠨ ᠴᠠᠭᠠᠨ ᠰᠠᠷ᠎ᠠ ᠶᠢᠨ ᠦᠨᠦᠷ ᠠᠮᠲᠠ ᠪᠣᠯᠣᠨ᠎ᠠ᠃      ᠬᠡᠷ ᠬᠤᠳᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠭᠡᠭᠴᠢ ᠠᠵᠠ ᠵᠢᠷᠭᠠᠯ ᠶᠤᠮᠰᠠᠨ᠃ ᠳᠤᠮᠳᠠᠳᠤᠴᠤᠳ ᠶᠡᠷᠦ ᠠᠴᠠ ᠭᠡᠷ ᠬᠤᠲᠠᠯᠠᠭᠠᠷ ᠢᠶᠠᠨ ᠬᠠᠮᠳᠦ ᠳᠠᠭᠠᠨ ᠰᠢᠨᠡᠯᠡᠵᠦ᠂ ᠭᠡᠷ ᠪᠦᠯᠢ ᠶᠢᠨ ᠴᠡᠩᠭᠡᠯ ᠵᠢᠷᠭᠠᠯ ᠢ ᠬᠠᠮᠳᠤ ᠪᠠᠷ ᠡᠳ᠋ᠯᠡᠬᠦ ᠶᠢ ᠡᠷᠬᠢᠮᠯᠡᠵᠦ᠂ ᠶᠠᠮᠠᠷᠪᠠ ᠶᠠᠪᠤᠳᠠᠯ ᠭᠡᠳ ᠭᠡᠷ ᠬᠤᠲᠠᠯᠠᠭᠠᠷ ᠢᠶᠠᠨ ᠬᠠᠮᠳᠦ ᠳᠠᠭᠠᠨ ᠰᠢᠨᠡᠯᠡᠵᠦ ᠰᠡᠳᠬᠢᠯ ᠤᠨ ᠦᠭᠡ ᠪᠠᠨ ᠠᠭᠤᠵᠢᠷᠠᠳᠠᠯ᠎ᠠ ᠲᠡᠯᠭᠡᠬᠦ ᠶᠢ ᠬᠦᠷᠬᠦ ᠦᠭᠡᠢ᠃ ᠬᠡᠳᠦᠢ ᠶᠠᠭᠠᠷᠠᠤ ᠪᠠᠶᠢᠭᠰᠠᠨ ᠴᠤ᠂ ᠵᠠᠮ ᠬᠡᠳᠦᠢ ᠬᠤᠯᠠ ᠪᠠᠶᠢᠭᠰᠠᠨ ᠴᠤ᠂ ᠭᠡᠷ ᠬᠤᠲᠠᠯᠠᠭᠠᠷ ᠢᠶᠠᠨ ᠬᠠᠮᠳᠦ ᠳᠠᠭᠠᠨ ᠰᠢᠨᠡᠯᠡᠬᠦ ᠪᠣᠯ ᠬᠥᠮᠥᠨ ᠪᠣᠯᠭᠠᠨ ᠤ ᠰᠡᠳᠬᠢᠯ ᠤᠨ ᠭᠦᠨ ᠳᠠᠬᠢ ᠬᠠᠮᠤᠭ ᠤᠨ ᠪᠣᠷᠣᠭᠵᠢᠭᠤᠨ ᠬᠦᠰᠡᠯ ᠡᠷᠡᠮᠡᠯᠵᠡᠯ᠂ ᠢᠮᠠᠭᠲᠠ ᠬᠤᠪᠢᠷᠠᠰᠢ ᠦᠭᠡᠢ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠬᠡᠯᠬᠢᠶ᠎ᠠ ᠪᠣᠯᠣᠨ᠎ᠠ᠃ ᠭᠡᠷ ᠬᠤᠲᠠᠯᠠᠭᠠᠷ ᠢᠶᠠᠨ ᠴᠤᠭᠯᠠᠵᠤ᠂ ᠰᠠᠶᠢᠬᠠᠨ ᠦᠳᠡᠰᠢ ᠶᠢ ᠬᠠᠮᠲᠤ ᠪᠠᠷ ᠥᠩᠭᠡᠷᠡᠭᠦᠯᠬᠦ ᠪᠣᠯ ᠤᠯᠠᠮᠵᠢᠯᠠᠯᠲᠤ ᠵᠠᠩ ᠵᠠᠩᠰᠢᠯ ᠤᠨ ᠦᠷᠭᠦᠯᠵᠢᠯᠡᠯ ᠪᠣᠯᠬᠤ ᠪᠥᠭᠡᠳ ᠪᠠᠰᠠ ᠴᠤ ᠣᠶᠤᠨ ᠰᠠᠨᠠᠭᠠᠨ ᠤ ᠬᠥᠭᠡᠭᠡᠴᠡᠯᠳᠦᠯ ᠮᠥᠨ᠃ ᠪᠦᠬᠦ ᠭᠡᠷ ᠢᠶᠠᠷ ᠢᠶᠠᠨ ᠲᠣᠭᠤᠷᠢᠨ ᠰᠠᠭᠤᠯᠴᠠᠵᠤ᠂ ᠪᠢᠲᠡᠭᠦᠨ ᠤ ᠬᠤᠭᠤᠯᠠ ᠪᠠᠨ ᠢᠳᠡᠨ᠎ᠡ︔ ᠬᠠᠮᠲᠤ ᠪᠠᠷ ᠴᠠᠭᠠᠨ ᠰᠠᠷ᠎ᠠ ᠶᠢᠨ ᠦᠳᠡᠰᠢᠯᠡᠭᠡ ᠰᠤᠨᠢᠷᠬᠠᠵᠤ᠂ ᠬᠤᠸᠠᠷ ᠫᠤᠤᠵᠢᠩ ᠤᠨ ᠳᠠᠭᠤᠨ ᠴᠢᠬᠢᠨ᠎ᠠ ᠲᠤᠭᠤᠯᠳᠠᠨ᠎ᠠ︔ ᠬᠠᠮᠲᠤ ᠪᠠᠷ ᠵᠤᠭᠤᠬ ᠲᠡᠯᠭᠡᠨ᠂ ᠰᠡᠳᠬᠢᠯ ᠤᠨ ᠦᠭᠡ ᠪᠠᠨ ᠶᠠᠷᠢᠵᠤ᠂ ᠢᠷᠡᠭᠡᠳᠦᠢ ᠪᠠᠨ ᠪᠠᠷᠠᠯᠠᠵᠤ᠂ ᠪᠠᠶᠠᠷ ᠬᠥᠷ ᠲᠠᠢ ᠬᠠᠯᠠᠭᠤᠨ ᠰᠡᠳᠬᠢᠯᠭᠡ ᠨᠢ ᠨᠢᠭᠡ ᠵᠢᠯ ᠤᠨ ᠶᠠᠳᠠᠷᠠᠯ ᠵᠦᠳᠡᠷᠡᠯ ᠢ ᠭᠦᠢᠴᠡᠳ ᠲᠠᠶᠢᠳᠬᠤᠷᠠᠭᠤᠯᠵᠤ ᠳᠡᠶᠢᠯᠦᠨ᠎ᠡ᠃ ᠭᠡᠷ ᠬᠤᠲᠠᠯᠠᠭᠠᠷ ᠨᠠᠶᠢᠵᠠ ᠨᠦᠬᠦᠳ ᠪᠠᠶᠠᠷ ᠬᠦᠷ ᠲᠠᠢ ᠴᠤᠭᠯᠠᠵᠤ᠂ ᠪᠠᠶᠠᠷ ᠬᠦᠷ ᠢᠶᠠᠷ ᠪᠢᠯᠬᠠᠵᠤ ᠪᠠᠶᠢᠭ᠎ᠠ ᠨᠢ ᠠᠮᠢᠳᠤᠷᠠᠯ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠵᠣᠯ ᠵᠢᠷᠭᠠᠯᠲᠤ ᠬᠦᠰᠡᠯ ᠡᠷᠡᠮᠡᠯᠵᠡᠯ ᠪᠣᠯᠣᠨ᠎ᠠ︔ ᠲᠦᠭ ᠲᠦᠮᠡᠨ ᠠᠶᠢᠯ ᠡᠷᠦᠬᠡ ᠡᠨᠡ ᠬᠦ ᠴᠠᠭ ᠮᠦᠴᠡ ᠶᠢ ᠬᠠᠮᠳᠤ ᠪᠠᠷ ᠦᠡᠭᠭᠡᠷᠡᠭᠡᠵᠤ᠂ ᠲᠦᠭ ᠲᠦᠮᠡᠨ ᠠᠶᠢᠯ ᠡᠷᠦᠬᠡ ᠶᠢᠨ ᠳ᠋ᠤᠩ ᠤᠨ ᠭᠡᠷᠡᠯ ᠤᠯᠤᠰ ᠣᠷᠣᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠢᠳᠠᠯ ᠢ ᠵᠢᠷᠤᠬᠯᠠᠨ᠎ᠠ᠃      ᠭᠡᠷ ᠤᠨ ᠬᠦᠮᠦᠰ ᠲᠠᠢ ᠪᠠᠨ ᠬᠠᠮᠳᠤ ᠰᠢᠨᠡᠯᠡᠬᠦ ᠰᠠᠶᠢᠬᠠᠨ᠃ ᠵᠠᠷᠢᠮ ᠬᠥᠮᠥᠨ ᠠᠯᠤᠰ ᠬᠤᠯᠠ ᠠᠴᠠ ᠬᠥᠳᠡᠭᠡ ᠬᠡᠷ ᠲᠡᠭᠡᠨ ᠪᠤᠴᠠᠵᠤ ᠢᠷᠡᠭᠰᠡᠨ ᠨᠢ ᠵᠥᠪᠬᠡᠨ ᠭᠡᠷ ᠬᠤᠳᠠᠯᠠᠭᠠᠷ ᠢᠶᠠᠨ ᠴᠤᠬᠯᠠᠵᠦ ᠬᠠᠮᠳᠤ ᠰᠢᠨᠡᠯᠡᠬᠦ ᠶᠢᠨ ᠲᠥᠯᠥᠭᠡ ᠶᠤᠮ︔ ᠵᠠᠷᠢᠮ ᠬᠥᠮᠥᠨ ᠭᠡᠷ ᠪᠦᠯᠢ ᠶᠢᠨ ᠢᠶᠠᠨ ᠬᠠᠮᠳᠤ ᠤᠷᠤᠰᠬᠠᠯ ᠢ ᠰᠥᠷᠴᠦ᠂ ᠬᠤᠲᠠ ᠳᠤ ᠢᠷᠡᠭᠰᠡᠨ ᠨᠢ ᠪᠠᠰᠠ ᠭᠡᠷ ᠬᠤᠳᠠᠯᠠᠭᠠᠷ ᠢᠶᠠᠨ ᠬᠠᠮᠳᠤ ᠰᠢᠨᠡᠯᠡᠬᠦ ᠶᠢᠨ ᠲᠥᠯᠥᠭᠡ ᠶᠤᠮ︔ ᠵᠠᠷᠢᠮ ᠬᠥᠮᠥᠨ ᠭᠠᠷ ᠬᠤᠯᠪᠣᠯᠴᠠᠨ ᠠᠭᠤᠯᠠ ᠤᠰᠤ ᠪᠠᠷ ᠲᠣᠭᠤᠷᠢᠨ ᠵᠢᠭᠤᠯᠴᠢᠯᠠᠬᠤ ᠨᠢ ᠠᠳᠠᠯᠢᠬᠠᠨ ᠭᠡᠷ ᠬᠤᠳᠠᠯᠠᠭᠠᠷ ᠢᠶᠠᠨ ᠬᠠᠮᠳᠤ ᠰᠢᠨᠡᠯᠡᠵᠦ ᠪᠠᠶᠢᠭ᠎ᠠ ᠶᠠᠪᠤᠳᠠᠯ ᠶᠤᠮ︔ ᠵᠠᠷᠢᠮ ᠬᠥᠮᠥᠨ ᠺᠢᠨᠣ᠋ ᠶᠢᠨ ᠣᠷᠳᠣᠨ ᠳᠤ ᠪᠤᠯᠵᠤᠵᠤ ᠴᠠᠭᠠᠨ ᠰᠠᠷ᠎ᠠ ᠶᠢ ᠪᠡᠯᠭᠡᠯᠡᠬᠦ ᠹᠢᠯᠢᠮ ᠰᠣᠨᠢᠷᠬᠠᠬᠤ ᠨᠢ ᠮᠥᠨ ᠴᠦ ᠭᠡᠷ ᠬᠤᠲᠠᠯᠠᠭᠠᠷ ᠢᠶᠠᠨ ᠬᠠᠮᠳᠦ ᠳᠠᠭᠠᠨ ᠰᠢᠨᠡᠯᠡᠵᠦ ᠪᠠᠶᠢᠭ᠎ᠠ ᠶᠠᠪᠤᠳᠠᠯ ᠶᠤᠮ ᠁ ᠴᠠᠭ ᠦᠶ᠎ᠡ ᠬᠤᠪᠢᠷᠠᠵᠤ᠂ ᠰᠠᠷ᠎ᠠ ᠰᠢᠨ᠎ᠠ ᠶᠢᠨ ᠲᠤᠬᠠᠢ ᠵᠠᠩᠰᠢᠯ ᠬᠤᠪᠢᠷᠠᠵᠤ᠂ ᠭᠡᠷ ᠬᠤᠲᠠᠯᠠᠭᠠᠷ ᠢᠶᠠᠨ ᠬᠠᠮᠳᠤ ᠳᠠᠭᠠᠨ ᠰᠢᠨᠡᠯᠡᠬᠦ ᠭᠠᠵᠠᠷ ᠪᠠ ᠬᠡᠯᠪᠡᠷᠢ ᠴᠦ ᠬᠤᠪᠢᠷᠠᠵᠤ ᠪᠠᠶᠢᠨ᠎ᠠ᠂ ᠭᠡᠪᠡᠴᠦ ᠭᠡᠷ ᠬᠤᠲᠠᠯᠠᠭᠠᠷ ᠢᠶᠠᠨ ᠬᠠᠮᠳᠤ ᠳᠠᠭᠠᠨ ᠰᠢᠨᠡᠯᠡᠶ᠎ᠠ ᠭᠡᠰᠡᠨ ᠳᠣᠲᠣᠭᠠᠳᠤ ᠰᠡᠳᠬᠢᠯᠬᠡ ᠬᠤᠪᠢᠷᠠᠭ᠎ᠠ ᠦᠭᠡᠢ᠂ ᠭᠡᠷ ᠬᠤᠲᠠᠯᠠᠭᠠᠷ ᠢᠶᠠᠨ ᠬᠠᠮᠲᠤ ᠳᠠᠭᠠᠨ ᠰᠢᠨᠡᠯᠡᠬᠦ ᠬᠦᠰᠡᠯ ᠱᠠᠭᠠᠷᠳᠠᠯᠭ᠎ᠠ ᠬᠤᠪᠢᠷᠠᠭ᠎ᠠ ᠦᠭᠡᠢ᠂ ᠪᠡᠶ᠎ᠡ ᠪᠡᠶ᠎ᠡ ᠪᠠᠨ ᠬᠠᠷᠢᠯᠴᠠᠨ ᠨᠠᠨᠳᠢᠩᠨᠠᠬᠤ ᠦᠨᠡᠨ ᠰᠡᠳᠬᠢᠯ ᠬᠤᠪᠢᠷᠠᠭ᠎ᠠ ᠦᠭᠡᠢ᠃ ᠡᠳᠤᠭᠡ ︽ᠵᠢᠭᠤᠯᠴᠢᠯᠡᠨ ᠰᠢᠨᠡᠯᠡᠬᠦ ︾᠂ ︽ᠡᠮᠤᠨᠠᠳᠤ ᠤᠮᠠᠷᠠᠳᠤ ᠤᠷᠤᠨ ᠤ ᠬᠢᠨ ᠭᠠᠵᠠᠷ ᠤᠷᠤᠨ ᠰᠤᠯᠢᠵᠤ ᠰᠢᠨᠡᠯᠡᠬᠦ︾ ᠵᠡᠷᠭᠡ ᠨᠢ ᠴᠠᠭᠠᠨ ᠰᠠᠷ᠎ᠠ ᠶᠢᠨ ᠭᠡᠷ ᠬᠤᠳᠠᠯᠠᠭᠠᠷ ᠢᠶᠠᠨ ᠬᠠᠮᠳᠤ ᠳᠠᠭᠠᠨ ᠰᠢᠨᠡᠯᠡᠬᠦ ᠶᠢᠨ ᠰᠢᠨ᠎ᠡ ᠠᠷᠭ᠎ᠠ ᠬᠡᠯᠪᠡᠷᠢ ᠪᠤᠯᠵᠤ᠂ ᠳᠤᠮᠳᠠᠳᠤ ᠤᠯᠤᠰ ᠤᠨ ᠴᠠᠭᠠᠨ ᠰᠠᠷ᠎ᠠ ᠶᠢᠨ ᠵᠣᠯ ᠵᠢᠷᠭᠠᠯ ᠤᠨ ᠰᠢᠨ᠎ᠡ ᠪᠠᠶᠢᠳᠠᠯ ᠢ ᠬᠠᠷᠠᠭᠤᠯᠪᠠ᠃ ᠡᠳᠡᠭᠡᠷ ᠰᠢᠨ᠎ᠡ ᠤᠷᠤᠰᠬᠠᠯ᠂ ᠰᠢᠨ᠎ᠡ ᠬᠠᠨᠳᠤᠰᠢ ᠨᠢ ᠭᠡᠷ ᠬᠤᠳᠠᠯᠠᠭᠠᠷ ᠢᠶᠠᠨ ᠬᠠᠮᠳᠤ ᠳᠠᠭᠠᠨ ᠰᠢᠨᠡᠯᠡᠬᠦ ᠶᠢᠨ ᠪᠠᠶᠠᠷ ᠪᠠᠭ᠋ᠠᠳᠤᠯ᠂ ᠭᠡᠷ ᠬᠤᠳᠠᠯᠠᠭᠠᠷ ᠢᠶᠠᠨ ᠬᠠᠮᠳᠤ ᠳᠠᠭᠠᠨ ᠰᠢᠨᠡᠯᠡᠬᠦ ᠶᠢᠨ ᠵᠣᠯ ᠵᠢᠷᠭᠠᠯ ᠢ ᠨᠡᠩ ᠠᠮᠢᠳᠤᠯᠢᠭ ᠢᠶᠠᠷ ᠬᠠᠷᠠᠭᠤᠯᠤᠭᠰᠠᠨ ᠪᠥᠭᠡᠳ ᠳᠤᠮᠳᠠᠳᠤ ᠤᠯᠤᠰ ᠤᠨ ᠭᠡᠷ ᠪᠦᠯᠢ ᠶᠢᠨ ᠦᠶ᠎ᠡ ᠤᠯᠠᠷᠢᠨ ᠣᠷᠣᠰᠢᠨ ᠲᠣᠭᠲᠠᠨᠢᠬᠤ ᠶᠢᠨ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠨᠡᠩ ᠠᠮᠢᠳᠤᠯᠢᠭ ᠢᠶᠠᠷ ᠬᠠᠷᠠᠭᠤᠯᠤᠭᠰᠠᠨ ᠪᠠᠶᠢᠨ᠎ᠠ᠃      ᠭᠡᠷ ᠬᠤᠳᠠᠯᠠᠭᠠᠷ ᠢᠶᠠᠨ ᠬᠠᠮᠳᠤ ᠳᠠᠭᠠᠨ ᠰᠢᠨᠡᠯᠡᠵᠦ᠂ ᠤᠮᠤᠭ ᠵᠤᠷᠢᠭ ᠪᠠᠳᠠᠷᠠᠩᠭᠤᠢ ᠪᠠᠷ ᠠᠶᠠᠨ ᠳᠠᠭᠠᠨ ᠲᠠᠬᠢᠨ ᠮᠤᠷᠳᠠᠨ᠎ᠠ᠃ ᠴᠠᠭᠠᠨ ᠰᠠᠷ᠎ᠠ ᠪᠣᠯ ᠭᠡᠷ ᠬᠤᠳᠠᠯᠠᠭᠠᠷ ᠢᠶᠠᠨ ᠬᠠᠮᠳᠤ ᠳᠠᠭᠠᠨ ᠰᠢᠨᠡᠯᠡᠬᠦ ᠴᠠᠭ ᠮᠥᠴᠡ᠂ ᠮᠥᠨ ᠴᠦ ᠡᠷᠴᠢ ᠬᠦᠴᠤ ᠬᠤᠷᠠᠮᠳᠤᠭᠤᠯᠬᠤ ᠴᠠᠭ ᠲᠣᠬᠢᠶᠠᠯ ᠮᠥᠨ᠃ ᠠᠭᠤᠯᠵᠠᠨ ᠵᠤᠯᠭᠠᠬᠰᠠᠨ ᠤ ᠳᠠᠷᠠᠭ᠎ᠠ᠂ ᠪᠢᠳᠡ ᠰᠢᠨ᠎ᠡ ᠬᠠᠷᠠᠯᠲᠠ ᠪᠠᠨ ᠪᠠᠲᠤ ᠴᠡᠭᠡᠵᠢᠯᠡᠵᠦ᠂ ᠴᠢᠷᠮᠠᠶᠢᠯᠭ᠎ᠠ ᠪᠠᠨ ᠪᠣᠳᠠᠲᠤ ᠠᠵᠢᠯᠯᠠᠭ᠎ᠠ ᠪᠣᠯᠭᠠᠵᠤ᠂ ᠠᠵᠢᠯᠴᠢ ᠬᠥᠳᠡᠯᠮᠦᠷᠢᠴᠢ ᠪᠠ ᠣᠶᠤᠨ ᠤᠬᠠᠭᠠᠨ ᠢᠶᠠᠷ ᠢᠶᠠᠨ ᠥᠪᠡᠷ ᠥᠪᠡᠷ ᠤᠨ ᠠᠵᠢᠯ ᠦᠢᠯᠡᠰ ᠤᠨ ᠬᠥᠭᠡᠭᠡᠴᠡᠯᠳᠦᠯ ᠢᠶᠠᠨ ᠦᠷᠭᠦᠯᠵᠢᠯᠡᠭᠦᠯᠵᠦ᠂ ᠢᠷᠡᠭᠡᠳᠦᠢ ᠶᠢᠨ ᠠᠮᠢᠳᠤᠷᠠᠯ ᠢᠶᠠᠨ ᠨᠠᠩ ᠬᠡᠷᠡᠯ ᠰᠠᠴᠤᠷᠠᠩᠭᠤᠢ ᠪᠣᠯᠭᠠᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ