ᠡᠪᠦᠯ ᠤᠨ ᠠᠮᠠᠷᠠᠯᠲᠠ ᠪᠤᠯᠤᠯ᠎ᠠ᠃ ᠨᠢᠬᠡ ᠬᠤᠭᠤᠴᠠᠭ᠎ᠠ ᠶᠠᠭᠠᠷᠠᠯᠳᠠᠢ ᠶᠠᠳᠠᠷᠠᠯᠳᠠᠢ ᠰᠤᠷᠤᠯᠴᠠᠭᠰᠠᠨ ᠬᠡᠤᠬᠡᠳ ᠪᠠᠭᠠᠴᠤᠳ ᠠᠮᠠᠷᠠᠯᠲᠠ ᠲᠠᠯᠪᠢᠮᠠᠭᠴᠠ ᠰᠤᠷᠭᠠᠭᠤᠯᠢ | ᠪᠠ ᠪᠠᠭᠰᠢ ᠶᠢᠨ ᠬᠠᠮᠢᠶᠠᠷᠤᠯᠲᠠ ᠠᠴᠠ ᠰᠠᠯᠵᠤ᠂ ᠴᠠᠭ ᠢᠶᠠᠨ ᠪᠦᠷᠢᠮᠦᠰᠦᠨ ᠥᠪᠡᠷ ᠢᠶᠠᠨ ᠡᠵᠡᠨ ᠮᠡᠳᠡᠳᠡᠭ ᠠᠴᠠ ᠵᠠᠷᠢᠮ ᠦᠶ᠎ᠠ ᠳᠤ ᠬᠡᠪ ᠤᠨ ᠠᠮᠢᠳᠤᠷᠠᠯ ᠤᠨ ᠵᠢᠮ᠎ᠡ | ᠶᠣᠰᠤ ᠪᠠᠨ ᠠᠯᠳᠠᠬᠤ ᠦᠵᠡᠭᠳᠡᠯ ᠭᠠᠷᠳᠠᠭ᠃ ᠵᠢᠱᠢᠶᠡᠯᠡᠪᠡᠯ ᠤᠷᠤᠢ ᠳᠤᠭᠳᠠᠭᠰᠠᠨ ᠴᠠᠭ ᠲᠠᠭᠠᠨ ᠤᠨᠳᠠᠵᠤ ᠠᠮᠠᠷᠠᠬᠤ ᠦᠬᠡᠢ᠂ ᠦᠷᠯᠦᠬᠡ ᠤᠨᠲᠠᠭᠠᠳ ᠪᠣᠰᠬᠤ ᠳᠤᠷ᠎ᠠ | ᠦᠭᠡᠢ᠂ ᠬᠤᠭᠤᠯᠠ ᠤᠮᠳᠠ ᠪᠠᠨ ᠴᠠᠭ ᠲᠠᠭᠠᠨ ᠢᠳᠡᠬᠦ ᠦᠭᠡᠢ᠂ ᠺᠣᠮᠫᠢᠦ᠋ᠲᠤᠷ ᠤᠨ ᠳᠤᠭᠯᠠᠭᠠᠮ ᠳᠤ ᠰᠢᠨᠤᠬᠤ ᠬᠡᠬᠦ ᠮᠡᠳᠤ ᠶᠢᠨ ᠤᠯᠠᠨ ᠵᠦᠢᠯ ᠤᠨ ᠮᠠᠭᠤ | ᠳᠠᠳᠬᠠᠯ ᠲᠠᠢ ᠪᠤᠯᠵᠤ ᠮᠡᠳᠡᠨ᠎ᠡ᠃ ᠡᠶᠢᠮᠦ ᠠᠴᠠ ᠭᠡᠷ ᠤᠨ ᠠᠬᠠᠮᠠᠳ ᠪᠤᠯᠤᠭᠰᠠᠳ ᠬᠡᠦᠬᠡᠳ ᠤᠨ ᠰᠤᠷᠤᠯᠴᠠᠯᠭ᠎ᠠ ᠠᠴᠠ ᠭᠠᠳᠠᠨ᠎ᠠ ᠠᠮᠠᠷᠠᠯᠳᠠ ᠪᠠᠨ ᠬᠡᠷᠬᠢᠨ ᠤᠳᠬ᠎ᠠ | ᠠᠭᠤᠯᠭ᠎ᠠ ᠲᠠᠢ᠂ ᠠᠮᠤᠷ ᠲᠦᠪᠰᠢᠨ ᠦᠩᠬᠡᠷᠡᠬᠦᠯᠬᠦ ᠳᠤᠬᠠᠢ ᠬᠡᠳᠦᠨ ᠳᠠᠯ᠎ᠠ ᠶᠢ ᠠᠩᠬᠠᠷᠪᠠᠯ ᠵᠤᠬᠢᠨ᠎ᠠ᠃ | ᠡᠩ ᠳᠡᠷᠢᠬᠦᠨ ᠳᠤ᠂ ᠠᠮᠠᠷᠠᠵᠤ ᠰᠤᠷᠤᠯᠴᠠᠬᠤ ᠴᠠᠭ ᠢ ᠵᠣᠬᠢᠰᠲᠠᠢ ᠲᠣᠬᠢᠷᠠᠭᠤᠯᠬᠤ ᠬᠡᠷᠡᠭᠳᠡᠢ᠃ ᠠᠮᠠᠷᠠᠯᠲᠠ ᠪᠤᠯᠤᠮᠠᠭᠴᠠ ᠰᠤᠷᠤᠭᠴᠢᠳ ᠤᠨ ᠴᠠᠭ ᠤᠨ ᠳᠤᠬᠠᠢ | ᠬᠠᠮᠢᠶᠠᠷᠤᠯᠲᠠ ᠰᠤᠯᠠᠷᠠᠳᠠᠭ᠃ ᠡᠶᠢᠮᠦ ᠠᠴᠠ ᠰᠤᠷᠭᠠᠭᠤᠯᠢ ᠪᠤᠶᠤ ᠠᠩᠬᠢ ᠶᠢᠨ ᠡᠷᠬᠢᠯᠡᠭᠴᠢ ᠠᠴᠠ ᠰᠤᠷᠤᠭᠴᠢᠳ ᠢᠶᠠᠷ ᠠᠮᠠᠷᠠᠯᠲᠠ ᠶᠢᠨ ᠬᠤᠭᠤᠴᠠᠭᠠᠨ ᠤ ᠠᠮᠠᠷᠠᠵᠤ | ᠰᠤᠷᠤᠯᠴᠠᠬᠤ ᠲᠦᠯᠦᠪᠯᠡᠭᠡ ᠳᠤᠭᠳᠠᠭᠠᠯᠭᠠᠵᠤ᠂ ᠲᠡᠳᠡᠨ ᠤ ᠤᠨᠲᠠᠵᠤ ᠠᠮᠠᠷᠠᠬᠤ᠂ ᠰᠤᠷᠤᠯᠴᠠᠬᠤ᠂ ᠨᠠᠭᠠᠳᠬᠤ᠂ ᠠᠵᠢᠯ ᠬᠦᠳᠡᠯᠮᠦᠷᠢ ᠳᠤ ᠤᠷᠤᠯᠴᠠᠬᠤ᠂ ᠡᠯ᠎ᠠ | ᠵᠦᠢᠯ ᠤᠨ ᠠᠵᠢᠯᠯᠠᠭ᠎ᠠ ᠳᠤ ᠤᠷᠤᠯᠴᠠᠬᠤ ᠴᠠᠭ ᠢ ᠵᠣᠬᠢᠰᠲᠠᠢ ᠳ᠋ᠤᠬᠢᠷᠠᠭᠤᠯᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ | ᠬᠤᠶᠠᠷ ᠲᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠤᠮᠲᠤᠭᠠᠶᠢᠯᠠᠵᠤ ᠪᠣᠯᠬᠤ ᠦᠭᠡᠢ᠃ ᠡᠪᠦᠯ ᠤᠨ ᠤᠯᠠᠷᠢᠯ ᠳᠤ ᠠᠭᠤᠷ ᠠᠮᠢᠰᠬᠤᠯ ᠬᠦᠢᠲᠡᠨ ᠪᠣᠯᠬᠤᠷ | ᠪᠠᠭᠠᠴᠤᠳ ᠬᠡᠦᠬᠡᠳ ᠭᠠᠳᠠᠨ᠎ᠠ ᠭᠠᠷᠴᠤ ᠨᠠᠭᠠᠳᠬᠤ ᠳᠤᠷ᠎ᠠ ᠦᠭᠡᠢ ᠪᠠᠶᠢᠳᠠᠭ᠃ ᠡᠨᠡ ᠨᠢ ᠪᠠᠭᠠᠴᠤᠳ ᠬᠡᠦᠬᠡᠳ ᠤᠨ ᠪᠡᠶ᠎ᠡ ᠴᠣᠭᠴᠠ ᠶᠢᠨ ᠡᠷᠡᠭᠦᠯ ᠮᠡᠨᠳᠦ ᠳᠤ ᠠᠰᠢᠭ | ᠦᠭᠡᠢ᠃ ᠡᠶᠢᠮᠦ ᠠᠴᠠ ᠭᠡᠷ ᠤᠨ ᠠᠬᠠᠮᠠᠳ ᠪᠣᠯᠤᠭᠰᠠᠳ ᠬᠡᠦᠬᠡᠳ ᠢᠶᠠᠨ ᠡᠳᠦᠷ ᠪᠦᠷᠢ ᠭᠠᠳᠠᠨ᠎ᠠ ᠭᠠᠷᠭᠠᠵᠤ ᠲᠠᠮᠢᠷ ᠤᠨ ᠬᠦᠳᠡᠯᠬᠡᠬᠡᠨ ᠬᠢᠯᠬᠡᠬᠦ ᠨᠢ ᠮᠠᠰᠢ ᠴᠢᠬᠤᠯᠠ᠃ | ᠬᠡᠦᠬᠡᠳ ᠤᠳ ᠳᠡᠭᠡᠰᠦ ᠦᠰᠦᠷᠬᠦ᠂ ᠪᠦᠮᠪᠦᠭᠡ ᠨᠠᠭᠠᠳᠬᠤ᠂ ᠬᠦᠶᠦᠵᠦ ᠪᠤᠯᠪᠠᠰᠤᠷᠠᠬᠤ ᠵᠡᠷᠭᠡ ᠤᠯᠠᠨ ᠲᠦᠷᠦᠯ ᠤᠨ ᠳᠠᠮᠢᠷ ᠤᠨ ᠬᠦᠳᠡᠯᠭᠡᠭᠡᠨ ᠳᠤ ᠤᠷᠤᠯᠴᠠᠵᠤ | ᠪᠤᠯᠤᠨ᠎ᠠ᠃ ᠠᠮᠠᠷᠠᠯᠲᠠ ᠪᠠᠷ ᠨᠠᠰᠤ ᠬᠤᠷᠠᠭᠴᠤᠤᠯ ᠨᠠᠶᠢᠵᠠ ᠨᠦᠬᠦᠳ ᠲᠠᠢ ᠪᠠᠨ ᠬᠠᠮᠳᠤ ᠳᠤᠭᠯᠠᠵᠤ ᠨᠦᠬᠦᠷᠯᠡᠯ ᠢᠶᠠᠨ ᠪᠠᠳᠤᠳᠬᠠᠵᠤ ᠪᠤᠯᠤᠨ᠎ᠠ᠃ ᠪᠠᠭ᠎ᠠ ᠠᠴᠠ ᠪᠠᠨ | ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠳᠠᠳᠬᠠᠯ ᠢ ᠬᠥᠮᠥᠵᠢᠭᠦᠯᠬᠦ ᠨᠢ ᠬᠡᠦᠬᠡᠳ ᠤᠨ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ | ᠂ ᠪᠠᠰᠠ ᠲᠡᠰᠪᠦᠷᠢ ᠳᠡᠪᠴᠢᠶᠡᠷᠢ ᠶᠢ ᠨᠢ ᠳᠠᠪᠳᠠᠨ ᠪᠤᠯᠪᠠᠰᠤᠷᠠᠭᠤᠯᠵᠤ᠂ ᠨᠡᠩ ᠰᠠᠶᠢᠨ ᠴᠤᠭ ᠰᠦᠯᠳᠡ ᠲᠠᠢ ᠪᠤᠯᠭᠠᠵᠤ ᠴᠢᠳᠠᠨ᠎ᠠ᠃ | ᠭᠤᠷᠪᠠ ᠳᠤ᠂ ᠪᠣᠯᠪᠠᠰᠤᠨ ᠶᠣᠰᠤᠷᠬᠠᠭ ᠰᠤᠷᠳᠠᠯ ᠢ ᠤᠯᠠᠮᠵᠢᠯᠠᠵᠤ ᠰᠤᠷᠭᠠᠬᠤ ᠰᠠᠶᠢᠬᠠᠨ ᠵᠠᠪᠰᠢᠶᠠᠨ ᠪᠤᠯᠤᠨ᠎ᠠ᠃ ᠡᠪᠦᠯ ᠤᠨ ᠠᠮᠠᠷᠠᠯᠳᠠ ᠳᠤ ᠰᠢᠨ᠎ᠡ ᠵᠢᠯ ᠴᠠᠭᠠᠨ | ᠰᠠᠷ᠎ᠠ ᠳ᠋ᠤᠬᠢᠶᠠᠵᠤ᠂ ᠰᠠᠷ᠎ᠠ ᠰᠢᠨ᠎ᠡ ᠪᠠᠷ ᠰᠠᠲᠤᠨ ᠲᠦᠷᠦᠯ᠂ ᠨᠠᠶᠢᠵᠠ ᠨᠦᠬᠦᠳ ᠤᠨ ᠬᠢᠨ ᠢᠶᠠᠷ ᠢᠶᠠᠨ ᠠᠶᠢᠯᠴᠢᠯᠠᠨ ᠵᠤᠯᠭᠠᠬᠤ ᠪᠤᠯ ᠮᠠᠨᠠᠶᠢᠬᠢᠨ ᠤ ᠤᠯᠠᠮᠵᠢᠯᠠᠯᠲᠤ | ᠰᠠᠶᠢᠬᠠᠨ ᠵᠠᠩ ᠳᠠᠳᠬᠠᠯ ᠶᠤᠮ᠃ ᠢᠩᠬᠢᠵᠦ ᠠᠬᠠᠮᠠᠳ ᠳᠤᠮᠤᠭᠠᠳᠠᠨ ᠤᠯᠠᠨ ᠬᠦᠮᠦᠨ ᠲᠠᠢ ᠠᠭᠤᠯᠵᠠᠵᠤ ᠤᠴᠠᠷᠠᠬᠤ ᠳᠤᠮᠳᠠ ᠬᠡᠦᠬᠡᠳ ᠲᠡᠭᠡᠨ ᠬᠦᠮᠦᠰ ᠲᠠᠢ ᠬᠡᠷᠬᠢᠨ | ᠪᠤᠯᠪᠠᠰᠤᠨ ᠶᠤᠰᠤᠷᠬᠠᠭ ᠢᠶᠠᠷ ᠬᠠᠷᠢᠯᠴᠠᠬᠤ ᠵᠢᠴᠢ ᠰᠢᠨ᠎ᠠ ᠵᠢᠯ ᠴᠠᠭᠠᠨ ᠰᠠᠷ᠎ᠠ ᠳᠤ ᠬᠤᠯᠪᠤᠭᠳᠠᠭᠰᠠᠨ ᠤᠯᠠᠨ ᠰᠠᠶᠢᠬᠠᠨ ᠰᠢᠯᠢᠳᠡᠭ ᠤᠯᠠᠮᠵᠢᠯᠠᠯᠳᠤ ᠰᠤᠶᠤᠯ ᠪᠠ ᠵᠠᠩ | ᠳᠠᠳᠬᠠᠯ ᠢ ᠬᠡᠦᠬᠡᠳ ᠲᠡᠭᠡᠨ ᠵᠢᠭᠠᠵᠤ ᠰᠤᠷᠭᠠᠵᠤ ᠪᠤᠯᠤᠨ᠎ᠠ᠃ | ᠳᠥᠷᠪᠡ ᠳᠤ᠂ ᠳᠤᠷ᠎ᠠ ᠰᠤᠨᠢᠷᠬᠠᠯ ᠲᠠᠢ ᠵᠦᠢᠯ ᠢᠶᠠᠨ ᠤᠷᠤᠯᠳᠤᠬᠤ ᠶᠢ ᠵᠤᠷᠢᠭᠵᠢᠭᠤᠯᠵᠤ ᠪᠤᠯᠤᠨ᠎ᠠ᠃ ᠶᠡᠷᠦ ᠶᠢᠨ ᠦᠶ᠎ᠠ ᠳᠤ ᠰᠤᠷᠤᠭᠴᠢᠳ ᠤᠨ ᠬᠢᠴᠢᠶᠡᠯ | ᠰᠤᠷᠤᠯᠭ᠎ᠠ ᠮᠠᠰᠢ ᠶᠠᠭᠠᠷᠠᠤ ᠲᠤᠯᠠ ᠵᠠᠷᠢᠮ ᠵᠦᠢᠯᠡᠰ ᠢ ᠬᠢᠵᠦ ᠤᠷᠤᠯᠳᠤᠬᠤ ᠬᠦᠰᠡᠯ ᠪᠠᠶᠢᠭᠰᠠᠨ ᠴᠤ ᠵᠠᠪ ᠴᠢᠯᠦᠬᠡ ᠤᠯᠳᠠᠬᠤ ᠦᠬᠡᠢ ᠪᠠᠶᠢᠳᠠᠭ᠃ ᠲᠡᠬᠡᠬᠦ ᠪᠠᠷ | ᠠᠮᠠᠷᠠᠯᠳᠠ ᠶᠢᠨ ᠰᠡᠯᠡᠬᠦᠤ ᠴᠠᠭ ᠢᠶᠠᠷ ᠦᠢᠯᠡᠳᠦᠯᠬᠡ ᠶᠢᠨ ᠠᠵᠢᠯᠯᠠᠭ᠎ᠠ ᠪᠠ ᠬᠡᠷ ᠤᠨ ᠬᠦᠳᠡᠯᠮᠦᠷᠢ ᠳᠤ ᠢᠯᠡᠬᠦᠬᠡᠨ ᠤᠷᠤᠯᠴᠠᠭᠤᠯᠤᠨ ᠪᠡᠶ᠎ᠠ ᠪᠠᠨ ᠳᠠᠭᠠᠭᠠᠬᠤ ᠪᠤᠶᠤ | ᠬᠠᠷᠢᠭᠤᠴᠠᠯᠭᠠᠳᠤ ᠰᠡᠳᠬᠢᠯᠬᠡ ᠶᠢ ᠨᠢ ᠬᠦᠮᠦᠵᠢᠬᠦᠯᠬᠦ ᠶᠢᠨ ᠳᠠᠭᠠᠤ ᠦᠪᠡᠷ ᠤᠨ ᠳᠤᠷ᠎ᠠ ᠰᠤᠨᠢᠷᠬᠠᠯ ᠲᠠᠢ ᠨᠤᠮ ᠪᠢᠴᠢᠭ ᠢ ᠨᠢ ᠢᠯᠡᠬᠦᠬᠡᠨ ᠤᠩᠰᠢᠭᠤᠯᠵᠤ᠂ ᠮᠡᠳᠡᠯᠬᠡ | ᠬᠤᠷᠠᠮᠳᠤᠭᠤᠯᠤᠨ᠂ ᠤᠶᠤᠨ ᠢᠶᠠᠨ ᠨᠡᠬᠡᠬᠡᠭᠳᠡᠬᠦᠯᠵᠦ᠂ ᠦᠪᠡᠷ ᠤᠨ ᠭᠡᠬᠦ ᠦᠵᠡᠯᠳᠡ ᠲᠠᠨᠢᠯᠳᠠ ᠲᠠᠢ ᠪᠤᠯᠬᠤ ᠶᠢ ᠪᠤᠯᠪᠠᠰᠤᠷᠠᠭᠤᠯᠵᠤ ᠪᠤᠯᠤᠨ᠎ᠠ᠃ ᠡᠭᠦᠨ ᠳᠤ ᠡᠳᠦᠷ | ᠪᠦᠷᠢ ᠠᠳᠠᠭ ᠲᠠᠭᠠᠨ ᠭᠤᠴᠢᠨ ᠮᠢᠨᠦ᠋ᠲ ᠨᠤᠮ ᠤᠩᠰᠢᠬᠤ ᠶᠢ ᠪᠠᠷᠢᠮᠳᠠᠯᠠᠪᠠᠯ ᠰᠠᠶᠢᠨ᠃ ᠢᠩᠬᠢᠪᠡᠯ ᠬᠡᠤᠬᠡᠳ ᠢ ᠡᠯᠧᠺᠲᠷᠤᠨ ᠲᠣᠭᠯᠠᠭᠠᠮ ᠪᠤᠶᠤ ᠭᠠᠷ ᠤᠳᠠᠰᠤᠨ ᠤ | ᠰᠢᠨᠤᠬᠠᠶᠢᠷᠠᠯ ᠠᠴᠠ ᠵᠠᠶᠢᠳᠠᠭᠤᠯᠵᠤ᠂ ᠠᠮᠢᠳᠤᠷᠠᠯ ᠢ ᠨᠢ ᠨᠡᠩ ᠤᠳᠬ᠎ᠠ ᠠᠭᠤᠯᠭ᠎ᠠ ᠲᠠᠢ ᠪᠤᠯᠭᠠᠵᠤ ᠴᠢᠳᠠᠨ᠎ᠠ᠃ | ᠬᠠᠮᠤᠭ ᠤᠨ ᠡᠴᠦᠰ ᠲᠤ᠂ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠤᠨ ᠠᠮᠤᠷ ᠲᠦᠪᠰᠢᠨ ᠪᠤᠯ ᠲᠡᠷᠢᠬᠦᠨ ᠴᠢᠬᠤᠯᠠ ᠪᠠᠶᠢᠳᠠᠭ᠃ ᠠᠮᠠᠷᠠᠯᠲᠠ | ᠲᠠᠯᠪᠢᠪᠠᠯ ᠮᠠᠰᠢ ᠣᠯᠠᠨ ᠰᠤᠷᠤᠭᠴᠢᠳ ᠭᠠᠳᠠᠨ᠎ᠠ ᠭᠠᠵᠠᠷ ᠢᠶᠠᠷ ᠵᠢᠭᠤᠯᠴᠢᠯᠠᠬᠤ ᠪᠣᠶᠤ ᠤᠯᠠᠨ ᠵᠦᠢᠯ ᠤᠨ ᠠᠵᠢᠯᠯᠠᠭ᠎ᠠ ᠳᠤ ᠤᠷᠤᠯᠴᠠᠳᠠᠭ᠃ ᠡᠨᠡ ᠦᠶ᠎ᠡ ᠳᠤ ᠬᠤᠪᠢ | ᠪᠡᠶ᠎ᠡ ᠶᠢᠨ ᠠᠮᠤᠷ ᠲᠦᠪᠰᠢᠨ ᠬᠠᠮᠤᠭ ᠤᠨ ᠴᠢᠬᠤᠯᠠ ᠪᠠᠶᠢᠳᠠᠭ᠃ ᠰᠢᠨ᠎ᠡ ᠵᠢᠯ ᠴᠠᠭᠠᠨ ᠰᠠᠷ᠎ᠠ ᠪᠠᠷ ᠫᠣᠣᠵᠢᠩ ᠲᠠᠯᠪᠢᠬᠤ ᠨᠢ ᠬᠡᠦᠬᠡᠳ ᠤᠨ ᠬᠠᠮᠤᠭ ᠤᠨ ᠳᠤᠷ᠎ᠠ ᠲᠠᠢ | ᠨᠢᠭᠡ ᠵᠦᠢᠯ ᠤᠨ ᠳᠤᠭᠯᠠᠭᠠᠮ ᠪᠤᠯᠤᠨ᠎ᠠ᠃ ᠨᠠᠰᠤ ᠪᠠᠭ᠎ᠠ ᠬᠡᠦᠬᠡᠳ ᠫᠤᠤᠵᠢᠩ ᠳᠠᠯᠪᠢᠬᠤ ᠳᠤ ᠲᠤᠮᠤᠴᠤᠤᠯ ᠪᠡᠷ᠎ᠠ ᠪᠤᠯᠬᠤ ᠬᠡᠷᠡᠭᠳᠡᠢ᠃ ᠡᠨᠡ ᠮᠡᠳᠦ ᠪᠠᠷ ᠭᠡᠷ ᠤᠨ | ᠠᠬᠠᠮᠠᠳ ᠪᠣᠯᠤᠭᠰᠠᠳ ᠬᠡᠦᠬᠡᠳ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠳᠤ ᠦᠷᠬᠦᠯᠵᠢ ᠰᠠᠨᠠᠭ᠎ᠠ ᠲᠠᠯᠪᠢᠵᠤ᠂ ᠴᠢᠩᠭ᠎ᠠ ᠬᠢᠮᠠᠭᠠᠳᠠᠵᠤ | ᠰᠡᠷᠡᠮᠵᠢᠯᠡᠭᠦᠯᠵᠦ ᠪᠠᠶᠢᠪᠠᠯ ᠵᠣᠬᠢᠨ᠎ᠠ᠃ |