ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2025/1/3
      ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠪᠠ ᠨᠡᠶᠢᠭᠡᠮ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠲᠠᠢ ᠵᠣᠬᠢᠴᠠᠭᠰᠠᠨ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠨ ᠲᠤᠰᠢᠶᠠᠬᠤ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠠᠶᠢᠭᠤᠯᠬᠤ ᠶᠢᠨ ᠲᠥᠯᠥᠭᠡ᠂ ᠣᠳᠣᠬᠠᠨ ᠳᠤ᠂ ᠪᠥᠬᠦ ᠬᠤᠰᠢᠭᠤᠨ ᠤ ᠡᠯ᠎ᠡ ᠲᠥᠰᠥᠪ ᠤᠨ ᠨᠢᠭᠡᠴᠡ ᠪᠦᠬᠦᠨ ᠢᠶᠠᠷ ᠢᠶᠠᠨ ᠭᠠᠶᠢᠯᠢ ᠶᠢᠨ ᠪᠤᠰᠤ ᠡᠯᠧᠺᠲ᠋ᠣᠷᠣᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠭᠠᠶᠢᠯᠢ ᠶᠢᠨ ᠪᠤᠰᠤ ᠣᠷᠣᠯᠭ᠎ᠠ ᠪᠠ ᠠᠷᠠᠳ ᠤᠨ ᠪᠠᠩᠬᠢ ᠶᠢᠨ ᠬᠥᠮᠥᠷᠭᠡ ᠳᠤ ᠲᠤᠰᠢᠶᠠᠵᠤ ᠢᠯᠭᠠᠷᠠᠭᠤᠯᠤᠨ ᠪᠤᠳᠤᠬᠤ ᠲᠤᠬᠠᠶᠢᠯᠠᠭᠰᠠᠨ ᠠᠵᠢᠯ ᠢ ᠪᠡᠶᠡᠯᠡᠭᠦᠯᠦᠭᠡᠳ ᠡᠯᠧᠺᠲ᠋ᠣᠷᠣᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ᠃      2024 ᠣᠨ ᠤ 1 — 12 ᠳ᠋ᠤᠭᠠᠷ ᠰᠠᠷ᠎ᠠ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠶᠢᠨ ᠪᠤᠰᠤ ᠡᠯᠧᠺᠲᠷᠣᠨ ᠫᠢᠶᠣᠣ ᠪᠠᠷᠢᠮᠲᠠ ᠶᠢ 531 719 ᠬᠤᠪᠢ ᠲᠠᠷᠬᠠᠭᠠᠪᠠ᠃ ᠡᠭᠦᠨ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠡᠩ ᠤᠨ ᠵᠣᠭᠤᠰ ᠲᠤᠰᠢᠶᠠᠬᠤ ᠪᠢᠴᠢᠭ ︵ᠡᠯᠧᠺᠲᠷᠣᠨ︶ 72656 ᠬᠤᠪᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠡᠯᠡᠭᠯᠡᠨ ᠬᠦᠷᠭᠡᠬᠦ ᠶᠢ ᠭᠥᠯᠢᠶᠡᠨ ᠠᠪᠤᠭᠰᠠᠨ ᠨᠢᠭᠡᠳᠦᠯᠲᠡᠢ ᠫᠢᠶᠣᠣ ᠪᠠᠷᠢᠮᠲᠠ ︵ᠡᠯᠧᠺᠲᠷᠣᠨ︶ 2092 ᠬᠤᠪᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡ ᠶᠢᠨ ᠠᠰᠠᠷᠠᠮᠵᠢ ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠪᠡᠯᠡ ᠮᠥᠩᠭᠦᠨ ᠤ ᠶᠠᠪᠤᠯᠴᠠᠭ᠎ᠠ ᠶᠢ ᠳ᠋ᠦᠩᠨᠡᠨ ᠪᠤᠳᠤᠬᠤ ᠫᠢᠶᠣᠣ ᠪᠠᠷᠢᠮᠲᠠ ︵ᠡᠯᠧᠺᠲᠷᠣᠨ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠦᠯᠬᠦᠮ ᠤᠨ ᠬᠤᠷᠠᠯ ᠤᠨ ᠰᠦᠢᠳᠬᠡᠯ ᠤᠨ ᠫᠢᠶᠣᠣ ᠪᠠᠷᠢᠮᠲᠠ ︵ᠡᠯᠧᠺᠲᠷᠣᠨ︶ 1 920 ᠬᠤᠪᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠡᠭᠦᠳᠡᠨ ᠡᠮᠨᠡᠯᠭᠡ ᠶᠢᠨ ᠫᠢᠶᠣᠣ ᠪᠠᠷᠢᠮᠲᠠ ︵ᠡᠯᠧᠺᠲᠷᠣᠨ︶ 25050 ᠬᠤᠪᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠨᠡᠯᠭᠡ ᠳᠤ ᠰᠠᠭᠤᠭᠰᠠᠨ ᠡᠮᠨᠡᠯᠭᠡ ᠶᠢᠨ ᠫᠢᠶᠣᠣ ᠪᠠᠷᠢᠮᠲᠠ ︵ᠡᠯᠧᠺᠲᠷᠣᠨ︶ 200000 ᠬᠤᠪᠢ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠪᠡᠯᠡ ᠮᠥᠩᠭᠦ ᠶᠢᠨ ᠫᠢᠶᠣᠣ ᠪᠠᠷᠢᠮᠲᠠ ︵ᠡᠯᠧᠺᠲᠷᠣᠨ︶ 500 ᠬᠤᠪᠢ︔ ᠡᠨᠡ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠤᠷᠤᠭᠰᠢᠲᠠᠢ ᠨᠠᠶᠢᠳᠠᠪᠤᠷᠢᠵᠢᠭᠳᠠᠭᠰᠠᠨ ᠢ ᠬᠠᠷᠠᠭᠤᠯᠵᠤ ᠪᠠᠶᠢᠨ᠎ᠠ᠃ ᠡᠯ᠎ᠡ ᠲᠦᠷᠦᠯ ᠤᠨ ᠭᠠᠶᠢᠯᠢ ᠶᠢᠨ ᠪᠤᠰᠤ ᠫᠢᠶᠣᠣ ᠪᠠᠷᠢᠮᠲᠠ ᠶᠢ ︽ᠴᠠᠭᠠᠰᠤ ᠬᠡᠷᠡᠭᠯᠡᠬᠦ ᠦᠭᠡᠢ ᠪᠣᠯᠭᠠᠬᠤ︾ ᠴᠠᠭ ᠦᠶ᠎ᠡ ᠳᠤ ᠣᠷᠣᠭᠤᠯᠪᠠ᠃ ᠡᠨᠡ ᠨᠢ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ᠂ ᠠᠵᠢᠯ ᠤᠨ ᠦᠷ᠎ᠡ ᠪᠦᠲᠦᠮᠵᠢ ᠶᠢ ᠴᠦ ᠳᠡᠭᠡᠭᠰᠢᠯᠡᠭᠦᠯᠵᠦ᠂ ᠵᠣᠭᠤᠰ ᠲᠤᠰᠢᠶᠠᠬᠤ ᠬᠥᠮᠥᠨ ᠤ ᠴᠠᠭ ᠢ ᠠᠷᠪᠢᠯᠠᠭᠰᠠᠨ ᠪᠠᠶᠢᠨ᠎ᠠ᠃      ᠬᠤᠶᠢᠰᠢᠳᠠ ᠶᠢᠨ ᠠᠵᠢᠯ ᠤᠨ ᠳᠤᠮᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠦᠷᠭᠦᠯᠵᠢᠯᠡᠨ ᠠᠷᠠᠳ ᠤᠨ ᠰᠡᠳᠬᠢᠯ ᠢᠶᠠᠷ ᠥᠪᠡᠷ ᠤᠨ ᠰᠡᠳᠬᠢᠯ ᠢᠶᠠᠨ ᠪᠣᠯᠭᠠᠵᠤ᠂ ᠡᠯᠧᠺᠲᠷᠣᠨ ᠫᠢᠶᠣᠣ ᠪᠠᠷᠢᠮᠲᠠ ᠶᠢᠨ ᠥᠭᠡᠷᠡᠴᠢᠯᠡᠯᠲᠡ ᠶᠢᠨ ᠬᠡᠪᠴᠢᠶ᠎ᠡ ᠶᠢ ᠥᠷᠭᠡᠳᠬᠡᠨ᠂ ᠵᠣᠭᠤᠰ ᠲᠤᠰᠢᠶᠠᠭᠴᠢ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠵᠣᠭᠤᠰ ᠲᠤᠰᠢᠶᠠᠭᠴᠢ ᠶᠢᠨ ᠰᠦᠢᠳᠬᠡᠯ ᠲᠤᠰᠢᠶᠠᠬᠤ ᠥᠩᠭᠡᠷᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ