ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠡᠦᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠵᠠᠷᠤᠳᠠᠯ ᠢ ᠢᠳᠡᠪᠬᠢᠲᠡᠢ ᠪᠠᠭᠤᠯᠭᠠᠨ ᠥᠭᠪᠡ
ᠨᠡᠶᠢᠲᠡᠯᠡᠭᠰᠡᠨ ᠴᠠᠭ᠄
2025/1/3
      ᠬᠡᠦᠬᠡᠳ ᠤᠨ ᠴᠡᠴᠡᠷᠯᠢᠭ ᠨᠢ ᠬᠡᠦᠬᠡᠳ ᠤᠨ ᠠᠩᠬᠠᠨ ᠤ ᠵᠢᠵᠢᠭ ᠨᠡᠶᠢᠭᠡᠮ ᠪᠣᠯᠤᠭᠰᠠᠨ ᠤ ᠬᠤᠪᠢ ᠳᠤ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠳᠠᠪᠬᠤᠷ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠡᠨᠡ ᠬᠦ ᠶᠠᠪᠤᠴᠠ ᠳᠤ ᠠᠰᠠᠷᠠᠨ ᠬᠥᠮᠥᠵᠢᠭᠦᠯᠬᠦ ᠵᠠᠷᠤᠳᠠᠯ ᠢ ᠵᠣᠬᠢᠰᠲᠠᠢ ᠬᠤᠷᠢᠶᠠᠬᠤ ᠪᠠ ᠬᠡᠷᠡᠭᠯᠡᠬᠦ ᠨᠢ ᠬᠡᠦᠬᠡᠳ ᠤᠨ ᠴᠡᠴᠡᠷᠯᠢᠭ ᠤᠨ ᠬᠡᠪ ᠤᠨ ᠡᠷᠭᠢᠯᠲᠡ ᠶᠢ ᠪᠠᠲᠤᠯᠠᠬᠤ ᠪᠠᠷ ᠪᠠᠷᠠᠬᠤ ᠦᠭᠡᠢ᠂ ᠨᠠᠩ ᠴᠤ ᠬᠡᠦᠬᠡᠳ ᠤᠨ ᠦᠰᠦᠨ ᠪᠣᠶᠢᠵᠢᠬᠤ ᠣᠷᠴᠢᠨ ᠲᠣᠭᠤᠷᠢᠨ ᠪᠠ ᠰᠤᠷᠭᠠᠨ ᠬᠥᠮᠦᠵᠢᠯ ᠤᠨ ᠶᠠᠰᠤ ᠴᠢᠨᠠᠷ ᠢ ᠰᠢᠭᠤᠳ ᠨᠥᠯᠥᠭᠡᠯᠡᠳᠡᠭ᠃      2024 ᠣᠨ ᠤ 1-12 ᠰᠠᠷ᠎ᠠ ᠳᠤ ᠮᠠᠨ ᠤ ᠬᠤᠰᠢᠭᠤᠨ ᠤ ᠨᠢᠭᠡᠳᠦᠭᠡᠷ ᠬᠡᠦᠬᠡᠳ ᠤᠨ ᠴᠡᠴᠡᠷᠯᠢᠭ ᠪᠠ ᠬᠤᠶᠠᠳᠤᠭᠠᠷ ᠬᠡᠦᠬᠡᠳ ᠤᠨ ᠴᠡᠴᠡᠷᠯᠢᠭ ᠠᠴᠠ ᠡᠳ᠋ ᠤᠨ ᠵᠠᠰᠠᠭ ᠤᠨ ᠲᠣᠪᠴᠢᠶ᠎ᠠ ᠶᠢᠨ ᠭᠠᠶᠢᠯᠢ ᠶᠢᠨ ᠪᠤᠰᠤ ᠣᠷᠣᠯᠭ᠎ᠠ ᠶᠢᠨ ᠠᠰᠠᠷᠠᠨ ᠬᠥᠮᠥᠵᠢᠭᠦᠯᠬᠦ ᠵᠠᠷᠤᠳᠠᠯ 206.81 ᠲᠦᠮᠡᠨ ᠲᠥᠭᠦᠷᠢᠭ ᠲᠤᠰᠢᠶᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠳᠦᠭᠡᠷ ᠬᠡᠦᠬᠡᠳ ᠤᠨ ᠴᠡᠴᠡᠷᠯᠢᠭ ᠪᠠ ᠬᠤᠶᠠᠳᠤᠭᠠᠷ ᠬᠡᠦᠬᠡᠳ ᠤᠨ ᠴᠡᠴᠡᠷᠯᠢᠭ ᠲᠤ ᠴᠠᠭ ᠲᠤᠬᠠᠢ ᠳᠤᠨᠢ 206.81 ᠲᠦᠮᠡᠨ ᠲᠥᠭᠦᠷᠢᠭ ᠤᠨ ᠠᠰᠠᠷᠠᠨ ᠬᠥᠮᠥᠵᠢᠭᠦᠯᠬᠦ ᠵᠠᠷᠤᠳᠠᠯ ᠥᠭᠴᠦ᠂ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠪᠠ ᠠᠰᠠᠷᠠᠨ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠲᠥᠬᠦᠭᠡᠷᠦᠮᠵᠢ ᠶᠢ ᠬᠠᠮᠠᠭᠠᠯᠠᠬᠤ ᠪᠠ ᠰᠠᠶᠢᠵᠢᠷᠠᠭᠤᠯᠬᠤ᠂ ᠪᠠᠭᠰᠢ ᠶᠢᠨ ᠪᠣᠯᠪᠠᠰᠤᠷᠠᠯ ᠪᠠ ᠬᠥᠭᠵᠢᠯᠲᠡ᠂ ᠭᠡᠷ ᠤᠨ ᠠᠬᠠᠮᠠᠳ ᠪᠠ ᠬᠡᠦᠬᠡᠳ ᠤᠨ ᠴᠡᠴᠡᠷᠯᠢᠭ ᠤᠨ ᠬᠤᠷᠰᠢᠯᠴᠠᠭ᠎ᠠ ᠵᠡᠷᠭᠡ ᠠᠵᠢᠯ ᠳᠤ ᠬᠡᠷᠡᠭᠯᠡᠪᠡ᠃ ᠡᠨᠡ ᠨᠢ ᠬᠡᠦᠬᠡᠳ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠭᠰᠠᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ