ᠭᠤᠷᠪᠠᠨ ᠵᠢᠯ ᠳᠤ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠭᠤᠷᠪᠠᠨ | ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭᠠᠨ ᠤ ᠲᠥᠰᠥᠯ ︵2024 — 2026︶︾ ᠢ ᠦᠷᠭᠦᠯᠵᠢᠯᠡᠨ | ᠨᠡᠶᠢᠲᠡᠯᠡᠵᠦ᠂ 5 ᠲᠤᠰᠬᠠᠢ ᠵᠦᠢᠯ ᠤᠨ ᠠᠵᠢᠯᠯᠠᠭ᠎ᠠ ᠶᠢᠨ 19 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ︽ᠭᠤᠣᠯᠲᠤ ᠪᠣᠷᠣ ᠶᠢ ᠦᠨᠳᠦᠰᠦᠯᠡᠭᠦᠯᠬᠦ︾ | ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠥᠬᠦ ᠣᠷᠣᠨ ᠤ ᠠᠩᠬᠠᠨ ᠤ ᠪᠦᠯᠦᠭ ︽ᠰᠢᠭᠤᠳ | ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠶᠢᠴᠢᠯᠠᠬᠤ︾ ᠰᠠᠭᠤᠷᠢᠨ ᠭᠠᠵᠠᠷ ᠵᠡᠷᠭᠡ ᠨᠢᠭᠡ ᠪᠦᠯᠦᠭ ᠣᠨᠴᠠᠯᠢᠭᠲᠤ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ | ᠬᠥᠬᠡᠬᠤᠲᠠ ᠳᠠᠬᠢ 24 ᠶᠡᠭᠡ ᠳᠡᠭᠡᠳᠦ ᠰᠤᠷᠭᠠᠭᠤᠯᠢ᠂ 3 ᠬᠦᠷᠢᠶᠡᠯᠡᠩ ᠲᠣᠭᠤᠷᠢᠭ᠂ 1400 ᠠᠵᠤ ᠠᠬᠤᠶᠢᠯᠠᠯ ᠯᠤᠭ᠎ᠠ ᠠᠵᠢᠯ ᠣᠯᠭᠤᠯᠲᠠ ᠶᠢᠨ ᠬᠠᠩᠭᠠᠯᠭ᠎ᠠ | ᠬᠡᠷᠡᠭᠴᠡᠭᠡ ᠶᠢᠨ ᠬᠠᠷᠢᠯᠴᠠᠬᠤ ᠠᠷᠭ᠎ᠠ ᠵᠠᠮ ᠢ ᠨᠡᠭᠡᠭᠡᠪᠡ᠃ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ | ᠰᠤᠷᠭᠠᠭᠤᠯᠢ ᠶᠢᠨ ᠬᠦᠷᠢᠶᠡᠨ ᠳᠤ ᠬᠦᠷᠭᠡᠬᠦ︾ ᠵᠡᠷᠭᠡ ᠰᠢᠷᠢᠰ ᠠᠵᠢᠯᠯᠠᠭ᠎ᠠ ᠶᠢ 49 ᠲᠠᠯᠠᠪᠤᠷ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠠᠵᠢᠯᠲᠠᠨ ᠡᠯᠰᠡᠬᠦ ᠡᠯ᠎ᠡ ᠲᠥᠷᠥᠯ ᠤᠨ ᠠᠵᠢᠯᠯᠠᠭ᠎ᠠ ᠶᠢ 141 ᠲᠠᠯᠠᠪᠤᠷ ᠡᠷᠭᠢᠯᠡᠵᠦ᠂ ᠨᠡᠶᠢᠲᠡ 20.54 ᠲᠦᠮᠡᠨ ᠠᠵᠢᠯ ᠤᠨ ᠪᠠᠶᠢᠷᠢ ᠤᠳᠠᠭ᠎ᠠ ᠬᠠᠩᠭᠠᠵᠤ᠂ 5.69 | ᠲᠦᠮᠡᠨ ᠬᠥᠮᠦᠨ ᠯᠦᠭᠡ ᠠᠵᠢᠯ ᠣᠯᠭᠤᠬᠤ ᠰᠠᠨᠠᠮᠵᠢ ᠶᠢ ᠲᠣᠬᠢᠷᠠᠯᠴᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ | | |