ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2024﹈ 16 ᠳ᠋ᠤᠭᠠᠷ ᠲᠣᠭᠠᠲᠤ | | | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭᠠᠨ ᠤ ᠲᠥᠰᠥᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ | ᠠᠵᠢᠯᠯᠠᠭᠠᠨ ᠤ ᠲᠥᠰᠥᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2024 ᠣᠨ ᠤ 5 ᠳ᠋ᠤᠭᠠᠷ ᠰᠠᠷ᠎ᠠ ᠶᠢᠨ 8 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭᠠᠨ ᠤ ᠲᠥᠰᠥᠯ | | | ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠢ ᠬᠢᠨᠠᠮᠠᠭᠠᠢ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ︽ᠣᠷᠴᠢᠨ | ᠨᠥᠬᠦᠴᠡᠯ ᠢ ᠠᠳᠬᠤᠬᠤ ᠪᠣᠯ ᠬᠥᠭᠵᠢᠯᠲᠡ ᠶᠢ ᠠᠳᠬᠤᠵᠤ ᠪᠠᠶᠢᠭ᠎ᠠ︾ ᠣᠨᠣᠯᠵᠢᠬᠤᠨ ᠢ ᠪᠠᠷᠢᠮᠲᠠᠯᠠᠵᠤ᠂ ︽ᠪᠦᠲᠦᠮᠵᠢᠲᠡᠶ ᠵᠠᠬ᠎ᠠ ᠳᠡᠯᠭᠡᠭᠦᠷ᠂ ᠵᠢᠳᠬᠦᠯ | ᠴᠢᠷᠮᠠᠶᠢᠯᠭ᠎ᠠ ᠲᠠᠢ ᠵᠠᠰᠠᠭ ᠤᠨ ᠣᠷᠳᠣᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠥᠭᠡᠷᠡᠴᠢᠯᠡᠯᠲᠡ ᠪᠠᠷ | ᠬᠥᠲᠥᠯᠥᠨ ᠳᠠᠭᠠᠭᠤᠯᠬᠤ᠂ ᠳ᠋ᠢᠵᠢᠲ᠋ᠠᠯ ᠢᠶᠠᠷ ᠬᠦᠴᠦᠨ ᠴᠢᠳᠠᠮᠵᠢ ᠶᠢ ᠡᠷᠴᠢᠮᠯᠡᠬᠦ᠂ ᠰᠢᠰᠲ᠋ᠧᠮᠵᠢᠭᠦᠯᠦᠨ ᠨᠢᠭᠡᠳᠬᠡᠬᠦ᠂ ᠬᠠᠮᠵᠢᠯᠴᠠᠨ ᠥᠨᠳᠥᠷ ᠪᠦᠲᠦᠮᠵᠢᠲᠡᠶ ᠪᠠᠶᠢᠯᠭᠠᠬᠤ | ︾ ᠵᠠᠷᠴᠢᠮ ᠢ ᠪᠠᠷᠢᠮᠲᠠᠯᠠᠨ᠂ ︽ᠬᠦᠰᠡᠭᠰᠡᠨ ᠢ ᠨᠢ ᠵᠠᠪᠠᠯ ᠬᠠᠩᠭᠠᠬᠤ᠂ ᠤᠴᠢᠷ ᠰᠢᠯᠲᠠᠭᠠᠨ ᠦᠭᠡᠢ ᠪᠣᠯ ᠦᠢᠮᠡᠭᠦᠯᠬᠦ ᠦᠭᠡᠢ︾᠂ ︽ᠥᠨᠳᠥᠷ ᠪᠦᠲᠦᠮᠵᠢᠲᠡᠶ ᠪᠠᠷ | ᠨᠢᠭᠡ ᠠᠵᠢᠯ ᠶᠠᠪᠤᠳᠠᠯ ᠢ ᠭᠦᠢᠴᠡᠳᠬᠡᠬᠦ︾ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠶᠣᠰᠣᠭᠠᠷ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮ ᠨᠡᠶᠢᠲᠡ ᠳᠤ ᠨᠠᠩ ᠰᠠᠶᠢᠲᠤᠷ ᠦᠢᠯᠡᠴᠢᠯᠡᠵᠦ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠬᠠᠷᠠᠯᠲᠠ ᠡᠭᠦᠷᠭᠡ | ︽ᠵᠢᠷᠭᠤᠭᠠᠨ ᠢᠨᠵᠧᠨᠧᠷᠢᠩ︾ ᠪᠠ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠳᠪᠦᠷᠢᠯᠡᠨ ᠡᠵᠡᠩᠨᠡᠬᠦ᠂ ᠤᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠶᠠᠪᠤᠴᠠ ᠳᠠᠬᠢ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ 160 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ 2024 ᠣᠨ ᠤ ᠰᠡᠭᠦᠯᠴᠢ ᠠᠴᠠ ᠡᠮᠦᠨ᠎ᠡ ᠱᠠᠲᠤᠴᠢ ᠴᠢᠨᠠᠷᠲᠠᠢ ᠦᠷ᠎ᠡ | ᠪᠦᠲᠦᠮᠵᠢ ᠭᠠᠷᠭᠠᠵᠤ᠂ 121 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠡᠶᠡᠯᠡᠭᠦᠯᠦᠨ᠂ 2025 ᠣᠨ ᠤ ᠰᠡᠭᠦᠯᠴᠢ ᠠᠴᠠ ᠡᠮᠦᠨ᠎ᠡ ᠭᠤᠣᠯᠳᠠᠯᠭ᠎ᠠ ᠲᠠᠢ | ᠡᠭᠦᠷᠭᠡ ᠶᠢ ᠪᠥᠬᠦᠨ ᠢ ᠪᠡᠶᠡᠯᠡᠭᠦᠯᠬᠦ ᠶᠢᠨ ᠬᠠᠮᠲᠤ ᠦᠷᠭᠦᠯᠵᠢᠯᠡᠨ ᠠᠬᠢᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ | ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠵᠢᠭᠰᠠᠨ᠂ ᠣᠯᠠᠨ ᠤᠯᠤᠰᠴᠢᠯᠠᠭᠰᠠᠨ᠂ ᠳᠥᠭᠦᠮ ᠳᠥᠲᠡᠴᠢᠯᠡᠭᠰᠡᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠴᠢᠷᠮᠠᠶᠢᠨ ᠴᠣᠭᠴᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠰᠢᠨ᠎ᠡ ᠵᠠᠮ ᠢ ᠨᠡᠭᠡᠭᠡᠨ᠂ | ᠳᠤᠮᠳᠠ ᠲᠦᠪᠰᠢᠨ ᠳᠤ ᠳᠠᠪᠰᠢᠨ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠨᠢᠭᠡ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ | ᠰᠢᠯᠢᠳᠡᠭᠵᠢᠭᠦᠯᠦᠨ᠎ᠡ᠃ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠣᠷᠣᠨ ᠤ ᠠᠯᠢᠪᠠ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠪᠦᠬᠦ ᠬᠦᠴᠦᠨ ᠵᠦᠢᠯ ᠤᠨ ᠪᠠᠷᠢᠮᠵᠢᠶᠠᠵᠢᠭᠤᠯᠤᠯᠲᠠ ᠶᠢ ᠪᠡᠶᠡᠯᠡᠭᠦᠯᠵᠦ᠂ ᠨᠢᠭᠡᠳᠦᠯᠲᠡᠢ ᠵᠢᠷᠤᠮᠵᠢᠯ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠢ ᠤᠯᠠᠷᠢᠭᠤᠯᠤᠨ ᠲᠠᠰ ᠳᠡᠪᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ | ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢᠨ 13 ᠢᠵᠢ ᠦᠢᠯᠡᠴᠢᠯᠡᠭᠡ ᠶᠢ ᠪᠥᠬᠦ | ᠲᠠᠯ᠎ᠠ ᠪᠠᠷ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ | ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ ᠪᠠᠶᠢᠭᠤᠯᠤᠨ ᠪᠦᠷᠢᠨᠰᠢᠭᠦᠯᠵᠦ᠂ ᠨᠢᠭᠤᠴᠠ ᠳᠤ ᠬᠤᠯᠪᠣᠭᠳᠠᠬᠤ ᠪᠠ ᠣᠨᠴᠠᠭᠠᠶ ᠬᠢᠨᠠᠨ ᠵᠥᠪᠰᠢᠶᠡᠷᠡᠬᠦ | ᠲᠣᠭᠲᠠᠭᠠᠯ ᠪᠠᠶᠢᠬᠤ ᠠᠴᠠ ᠭᠠᠳᠠᠨᠠᠬᠢ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠵᠤ᠂ ︽ᠡᠮᠦᠨ᠎ᠡ | ᠲᠠᠪᠴᠠᠩ ᠳᠤ ᠶᠡᠷᠦᠩᠬᠡᠶᠢᠯᠡᠨ ᠮᠠᠲ᠋ᠧᠷᠢᠶᠠᠯ ᠬᠤᠷᠢᠶᠠᠬᠤ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠨᠢᠭᠡᠳᠦᠯᠲᠡᠢ ᠴᠣᠩᠬᠤᠪᠴᠢ ᠪᠠᠷ | ᠮᠠᠲ᠋ᠧᠷᠢᠶᠠᠯ ᠭᠠᠷᠭᠠᠬᠤ︾ ᠪᠣᠯᠭᠠᠵᠤ᠂ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠲᠦᠭᠰᠢᠭᠦᠷᠢ ᠨᠢ ᠡᠵᠡᠮᠳᠡᠬᠦᠶᠢᠴᠡ᠂ ᠠᠯᠳᠠᠭ᠎ᠠ | ᠵᠠᠯᠠᠷᠠᠭᠤᠯᠬᠤ ᠥᠪᠡᠷ ᠤᠨ ᠥᠷᠲᠡᠭ ᠳᠣᠣᠷ᠎ᠠ ᠮᠥᠷᠲᠡᠭᠡᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠷ | ᠳᠠᠮᠵᠢᠭᠤᠯᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ᠂ ︽ᠮᠡᠳᠡᠭᠳᠡᠬᠦ ᠠᠮᠠᠯᠠᠯᠲᠠ + ᠮᠠᠲ᠋ᠧᠷᠢᠶᠠᠯ | ᠨᠢ ᠳᠤᠲᠠᠭᠤ ᠴᠦ ᠬᠦᠯᠢᠶᠡᠨ ᠠᠪᠴᠤ ᠭᠦᠢᠴᠡᠳᠬᠡᠬᠦ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠪ ᠵᠠᠭᠪᠤᠷ ᠢ ᠳᠡᠯᠭᠡᠷᠡᠭᠦᠯᠦᠨ ᠬᠡᠷᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠯᠧᠺᠲᠷᠣᠨ ᠬᠢᠨᠠᠨ ᠪᠠᠶᠢᠴᠠᠭᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠪᠦᠲᠦᠮᠵᠢ ᠳᠤ ᠰᠦᠯᠵᠢᠶ᠎ᠡ ᠪᠠᠷ ᠬᠢᠨᠠᠯᠲᠠ ᠲᠠᠯᠪᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠭᠡᠷ ᠹᠷᠣᠨᠲ ᠤᠨ ᠠᠵᠢᠯᠲᠠᠳ ᠤᠨ ᠲᠣᠭᠲᠠᠮᠠᠯ | ᠬᠤᠭᠤᠴᠠᠭᠠᠲᠤ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠰᠢᠯᠭᠠᠨ ᠬᠢᠨᠠᠯᠲᠠ ᠪᠠᠨ ᠴᠢᠩᠭᠠᠳᠬᠠᠵᠤ᠂ ᠠᠵᠢᠯᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠦᠢᠴᠡᠳᠬᠡᠬᠦ ᠴᠤᠪᠤᠷᠠᠯ᠂ ᠬᠡᠷᠡᠭᠰᠡᠬᠦ ᠮᠠᠲ᠋ᠧᠷᠢᠶᠠᠯ᠂ ᠭᠦᠢᠴᠡᠳᠬᠡᠵᠦ ᠳᠠᠭᠤᠰᠬᠠᠬᠤ ᠬᠤᠭᠤᠴᠠᠭ᠎ᠠ ᠬᠢᠵᠠᠭᠠᠷ | ᠵᠡᠷᠭᠡ ᠳᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠢᠯᠡ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ | ᠦᠢᠯᠡᠴᠢᠯᠡᠭᠡᠨ ᠤ ᠵᠦᠢᠯᠡᠰ ᠤᠨ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠶᠢᠨ ᠠᠭᠤᠯᠭ᠎ᠠ ᠶᠢ ᠲᠡᠭᠦᠯᠳᠡᠷᠵᠢᠭᠦᠯᠵᠦ᠂ ᠦᠨᠡᠯᠡᠭᠰᠡᠨ ᠦᠷ᠎ᠡ ᠳ᠋ᠦᠩ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠢᠯᠡ ᠪᠣᠯᠭᠠᠨ᠂ ︽ᠰᠠᠶᠢᠨ ᠠᠨᠠᠢ ᠶᠢᠨ ᠦᠨᠡᠯᠡᠯᠲᠡ︾ ᠶᠢᠨ ᠦᠷ᠎ᠡ ᠳ᠋ᠦᠩ ᠢ ᠡᠯ᠎ᠡ ᠰᠠᠯᠠᠭ᠎ᠠ ᠮᠥᠴᠢᠷ᠂ ᠬᠤᠪᠢ ᠬᠥᠮᠥᠨ ᠤ ᠣᠨ ᠤ | ᠰᠢᠯᠭᠠᠨ ᠬᠢᠨᠠᠯᠲᠠ ᠲᠠᠢ ᠬᠠᠷᠢᠯᠴᠠᠨ ᠤᠶᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠢᠭᠡᠳᠦᠭᠡᠷ ᠹᠷᠣᠨᠲ ᠤᠨ | ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠢ | ᠠᠬᠢᠭᠤᠯᠤᠨ᠎ᠠ᠃ ᠪᠥᠬᠦ ᠣᠷᠣᠨ ᠳᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠤᠨ ᠦᠷ᠎ᠡ ᠳ᠋ᠦᠩ ︽ᠬᠤᠶᠠᠷ ᠢ ᠨᠡᠶᠢᠲᠡ ᠳᠤ ᠵᠠᠷᠯᠠᠬᠤ︾ | ᠠᠵᠢᠯ ᠢ ᠪᠦᠷᠢᠨ ᠪᠦᠷᠬᠦᠭᠦᠯᠬᠦ ᠶᠢ ᠠᠬᠢᠭᠤᠯᠬᠤ ᠶᠢᠨ ᠬᠠᠮᠲᠤ᠂ ︽ᠬᠤᠶᠠᠷ ᠢ ᠨᠡᠶᠢᠲᠡ ᠳᠤ ᠵᠠᠷᠯᠠᠬᠤ︾ ᠶᠢ ᠪᠥᠬᠦ ᠲᠠᠯ᠎ᠠ ᠪᠠᠷ ᠥᠷᠭᠡᠳᠬᠡᠭᠡᠳ ︽ᠠᠷᠪᠠ ᠶᠢ | ᠨᠡᠶᠢᠲᠡ ᠳᠤ ᠵᠠᠷᠯᠠᠬᠤ︾ ᠪᠣᠯᠭᠠᠨ᠎ᠠ᠃ | 2. ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭ ᠤᠨ ᠳᠠᠬᠢᠨ ᠲᠠᠰ ᠳᠡᠪᠰᠢᠬᠦ ᠶᠢ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ | ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠬᠦ᠂ ᠮᠠᠲ᠋ᠧᠷᠢᠶᠠᠯ ᠨᠢ ᠳᠤᠲᠠᠭᠤ ᠴᠦ ᠬᠦᠯᠢᠶᠡᠨ ᠠᠪᠬᠤ ᠵᠦᠢᠯᠡᠰ ᠢ ᠠᠮᠠᠯᠳᠠᠨ ᠭᠦᠢᠴᠡᠳᠬᠡᠬᠦ᠂ ᠣᠨᠳᠣᠣ | ᠭᠠᠵᠠᠷ ᠤᠨ ᠵᠦᠢᠯᠡᠰ ᠢ ᠪᠥᠬᠦ ᠣᠷᠣᠨ ᠳᠤ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢᠨ ᠲᠠᠯ᠎ᠠ ᠪᠠᠷ ᠭᠤᠶᠤᠴᠢᠯᠠᠬᠤ ᠠᠴᠠ ᠬᠡᠯᠲᠦᠷᠢᠭᠦᠯᠦᠨ | ᠭᠦᠢᠴᠡᠳᠬᠡᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠪᠠᠷ ᠬᠦᠴᠦᠨ ᠴᠢᠳᠠᠮᠵᠢ ᠨᠡᠮᠡᠷᠢᠯᠡᠬᠦ ᠶᠢ ᠪᠠᠷᠢᠮᠲᠠᠯᠠᠨ᠂ ᠰᠦᠯᠵᠢᠶ᠎ᠡ ᠪᠠᠷ ᠠᠵᠢᠯ ᠶᠠᠪᠤᠳᠠᠯ | ᠭᠦᠢᠴᠡᠳᠬᠡᠬᠦ ᠶᠢᠨ ᠥᠷᠭᠡᠴᠡ ᠬᠢᠭᠡᠳ ᠭᠦᠨᠴᠡ ᠶᠢ ᠥᠷᠭᠡᠳᠬᠡᠵᠦ᠂ ᠦᠢᠯᠡᠴᠢᠯᠡᠭᠡᠨ ᠤ ᠠᠷᠭ᠎ᠠ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠥᠷᠭᠡᠳᠬᠡᠨ᠂ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ ᠰᠢᠰᠲ᠋ᠧᠮ ᠤᠨ ᠴᠢᠳᠠᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠶᠢ ᠭᠥᠯᠢᠶᠡᠨ ᠠᠪᠴᠤ ᠰᠢᠢᠳᠪᠦᠷᠢᠯᠡᠬᠦ ᠶᠢᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ︽ᠮᠥᠩᠬᠡ ᠰᠤᠪᠠᠭ︾ ᠢ ᠰᠢᠯᠢᠳᠡᠭᠵᠢᠭᠦᠯᠦᠨ ᠤᠯᠠᠷᠢᠭᠤᠯᠬᠤ ᠶᠢ ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠢᠯᠵᠢᠮᠡᠯ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠫᠷᠣᠭ᠍ᠷᠠᠮ ᠢ ᠵᠠᠯᠭᠠᠨ ᠣᠷᠣᠭᠤᠯᠬᠤ ᠶᠢ ᠵᠢᠷᠤᠮᠵᠢᠭᠤᠯᠤᠨ᠎ᠠ᠃ ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠪᠠᠶᠢᠭᠤᠯᠤᠯᠲᠠ | ᠡᠵᠡᠩᠨᠡᠯᠲᠡ ᠶᠢ ᠴᠢᠩᠭᠠᠳᠬᠠᠵᠤ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ᠂ ᠣᠨᠴᠠᠯᠢᠭᠲᠤ ᠫᠷᠣᠭ᠍ᠷᠠᠮ ᠵᠢᠴᠢ ᠭᠤᠣᠯ ᠰᠡᠳᠦᠪᠲᠦ | ᠦᠢᠯᠡᠴᠢᠯᠡᠭᠡᠨ ᠤ ᠲᠤᠰᠬᠠᠢ ᠪᠤᠯᠤᠩ ᠤᠨ ︽ᠵᠠᠯᠭᠠᠨ ᠣᠷᠣᠭᠤᠯᠬᠤ ᠶᠣᠰᠣᠲᠠᠢ ᠶᠢ ᠨᠢ ᠴᠥᠮ ᠵᠠᠯᠭᠠᠨ ᠣᠷᠣᠭᠤᠯᠵᠤ᠂ ᠨᠡᠶᠢᠲᠡᠯᠡᠬᠦ ᠶᠣᠰᠣᠲᠠᠢ ᠶᠢ ᠨᠢ ᠴᠥᠮ | ᠨᠡᠶᠢᠲᠡᠯᠡᠬᠦ︾ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠳᠤ ᠦᠢᠯᠡᠴᠢᠯᠡᠬᠦ ᠣᠶᠢᠯᠠᠭᠠᠯᠲᠠ ᠶᠢ ᠨᠢ ᠳᠡᠭᠡᠭᠰᠢᠯᠡᠭᠦᠯᠦᠨ᠎ᠡ᠃ ᠨᠠᠩ ᠣᠯᠠᠨ ᠣᠯᠠᠨᠲᠠ | ᠲᠣᠬᠢᠶᠠᠯᠳᠤᠬᠤ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠠᠬᠢᠭᠤᠯᠵᠤ᠂ | ᠰᠦᠯᠵᠢᠶ᠎ᠡ ᠪᠠᠷ ᠭᠦᠢᠴᠡᠳᠬᠡᠵᠦ ᠳᠡᠶᠢᠯᠬᠦ ᠪᠠᠶᠢᠭᠰᠠᠨ ᠠᠴᠠ ᠭᠦᠢᠴᠡᠳᠬᠡᠬᠦ ᠳᠤ ᠳᠥᠭᠦᠮ ᠬᠢᠯᠪᠠᠷ ᠪᠣᠯᠭᠠᠬᠤ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ︽ᠮᠥᠩᠬᠡ | ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠡᠮᠳᠡᠭ ᠢ ᠴᠣᠭᠴᠠᠯᠠᠨ᠎ᠠ᠃ | 3. ᠳ᠋ᠠᠶᠢᠲ᠋ᠠ ᠶᠢ ᠬᠠᠮᠲᠤ ᠪᠠᠷ ᠬᠦᠷᠲᠡᠵᠦ ᠬᠡᠷᠡᠭᠯᠡᠬᠦ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠳ᠋ᠠᠶᠢᠲ᠋ᠠ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠ ᠣᠯᠠᠨ ᠨᠡᠶᠢᠲᠡ ᠶᠢᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠳ᠋ᠠᠶᠢᠲ᠋ᠠ ᠴᠤᠭᠯᠠᠭᠤᠯᠬᠤ᠂ ᠬᠤᠷᠠᠮᠳᠤᠭᠤᠯᠬᠤ᠂ ᠬᠠᠮᠲᠤ ᠪᠠᠷ ᠬᠦᠷᠲᠡᠬᠦ᠂ ᠨᠡᠭᠡᠭᠡᠯᠲᠡ ᠲᠠᠢ ᠪᠣᠯᠭᠠᠬᠤ᠂ ᠬᠠᠮᠢᠶᠠᠷᠬᠤ | ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠨ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢ | ᠲᠦᠷᠭᠡᠳᠬᠡᠵᠦ᠂ ᠣᠯᠠᠨ ᠨᠡᠶᠢᠲᠡ ᠶᠢᠨ ᠳ᠋ᠠᠶᠢᠲ᠋ᠠ ᠶᠢ ᠴᠤᠭᠯᠠᠭᠤᠯᠤᠨ ᠠᠭᠤᠰᠤᠯᠴᠠᠭᠤᠯᠬᠤ᠂ ᠨᠡᠭᠡᠭᠡᠯᠲᠡ ᠶᠢ ᠬᠠᠮᠲᠤ ᠪᠠᠷ ᠬᠦᠷᠲᠡᠬᠦ ᠪᠠ ᠨᠡᠭᠡᠭᠡᠨ ᠬᠥᠭᠵᠢᠭᠦᠯᠵᠦ | ᠠᠰᠢᠭᠯᠠᠬᠤ ᠶᠢ ᠠᠬᠢᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡ ᠪᠠ ᠰᠦᠯᠵᠢᠶᠡᠨ ᠤ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠨᠢ ᠦᠷᠭᠦᠯᠵᠢᠯᠡᠨ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ︽ᠨᠢᠭᠡ ᠡᠭᠦᠯᠡ ᠨᠢᠭᠡ ᠰᠦᠯᠵᠢᠶ᠎ᠡ ᠨᠢᠭᠡ ᠲᠠᠪᠴᠠᠩ︾ ᠢᠶᠠᠷ ᠭᠤᠣᠯ ᠪᠣᠯᠭᠠᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠳ᠋ᠢᠵᠢᠲ᠋ᠠᠯᠴᠢᠯᠠᠭᠰᠠᠨ ᠰᠠᠭᠤᠷᠢ ᠲᠤᠯᠭᠠᠭᠤᠷᠢᠯᠠᠬᠤ ᠲᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠎ᠡ᠃ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠢ ᠭᠦᠢᠴᠡᠳᠬᠡᠬᠦ︾᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠡᠷᠭᠡ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠨ᠂ ᠳ᠋ᠠᠶᠢᠲ᠋ᠠ ᠶᠢ ᠬᠠᠮᠲᠤ ᠪᠠᠷ ᠬᠦᠷᠲᠡᠬᠦ ︽ᠭᠤᠷᠪᠠᠨ ᠲᠣᠳᠣᠷᠬᠠᠢ ᠬᠠᠭᠤᠳᠠᠰᠤ︾ ᠶᠢ ᠡᠮᠬᠢᠯᠡᠵᠦ᠂ ᠳ᠋ᠠᠶᠢᠲ᠋ᠠ ᠶᠢᠨ ᠬᠡᠷᠡᠭᠴᠡᠭᠡ | ᠱᠠᠭᠠᠷᠳᠠᠯᠭ᠎ᠠ ᠶᠢᠨ ᠲᠣᠳᠣᠷᠬᠠᠢ ᠬᠠᠭᠤᠳᠠᠰᠤ ᠲᠠᠢ ᠬᠠᠷᠭᠤᠭᠤᠯᠵᠤ᠂ ᠳ᠋ᠠᠶᠢᠲ᠋ᠠ ᠶᠢᠨ ᠬᠠᠷᠢᠶ᠎ᠠ ᠰᠠᠯᠠᠭ᠎ᠠ ᠮᠥᠴᠢᠷ᠂ ᠪᠠᠶᠢᠭ᠎ᠠ ᠰᠢᠰᠲ᠋ᠧᠮ᠂ ᠬᠠᠮᠲᠤ ᠪᠠᠷ ᠬᠦᠷᠲᠡᠬᠦ ᠠᠷᠭ᠎ᠠ | ᠮᠠᠶ᠋ᠢᠭ ᠵᠢᠴᠢ ᠬᠠᠮᠲᠤ ᠪᠠᠷ ᠬᠦᠷᠲᠡᠬᠦ ᠳᠠᠪᠲᠠᠮᠵᠢ ᠶᠢ ᠵᠦᠢᠯ ᠳᠠᠷᠠᠭᠠᠯᠠᠨ ᠲᠣᠳᠣᠷᠬᠠᠢ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠭᠠᠷᠴᠠᠭ ᠢ ᠲᠡᠭᠦᠯᠳᠡᠷᠵᠢᠭᠦᠯᠦᠨ᠂ | ᠳ᠋ᠠᠶᠢᠲ᠋ᠠ ᠶᠢᠨ ᠬᠤᠷᠢᠭ᠎ᠠ ᠴᠠᠷᠠᠭ᠎ᠠ ᠶᠢ ᠦᠷᠭᠦᠯᠵᠢᠯᠡᠨ ᠨᠠᠪᠲᠠᠷᠡᠭᠦᠯᠵᠦ᠂ ᠲᠠᠰ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ | ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠶᠢᠲ᠋ᠠ ᠶᠢ ᠬᠡᠷᠡᠭᠴᠡᠭᠡ ᠶᠣᠰᠣᠭᠠᠷ ᠬᠠᠮᠲᠤ ᠪᠠᠷ ᠬᠦᠷᠲᠡᠵᠦ | ᠬᠡᠷᠡᠭᠯᠡᠬᠦ ᠶᠢ ᠪᠡᠶᠡᠯᠡᠭᠦᠯᠦᠨ᠎ᠡ᠃ ᠡᠯᠧᠺᠲᠷᠣᠨ ᠭᠡᠷᠡᠴᠢ ᠦᠨᠡᠮᠯᠡᠯ ᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠤᠭ ᠤᠨ ᠣᠯᠭᠤᠭᠰᠠᠨ ᠭᠡᠷᠡᠴᠢ ᠦᠨᠡᠮᠯᠡᠯ ᠢᠶᠠᠨ ᠪᠠᠷᠢᠮᠵᠢᠶᠠᠵᠢᠭᠤᠯᠤᠨ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠡᠯᠧᠺᠲᠷᠣᠨᠵᠢᠭᠰᠠᠨ ᠬᠡᠷᠡᠭᠯᠡᠭᠡᠨ ᠪᠠ ᠪᠥᠬᠦ | ᠤᠯᠤᠰ ᠲᠤ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠪᠥᠬᠦ ᠲᠠᠯ᠎ᠠ ᠪᠠᠷ ᠲᠤᠯᠭᠠᠭᠤᠷᠢᠯᠠᠨ᠎ᠠ᠃ | 4. ᠡᠵᠡᠩᠨᠡᠯᠲᠡ ᠶᠢᠨ ᠭᠤᠣᠯ ᠴᠣᠭᠴᠠ ᠶᠢᠨ ᠳᠠᠩᠰᠠᠯᠠᠨ ᠲᠡᠮᠳᠡᠭᠯᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠡᠵᠡᠩᠨᠡᠯᠲᠡ ᠶᠢᠨ ᠭᠤᠣᠯ | ᠴᠣᠭᠴᠠ ᠶᠢ ᠪᠠᠶᠢᠭᠤᠯᠬᠤ᠂ ᠬᠤᠪᠢᠷᠠᠭᠠᠬᠤ᠂ ᠬᠦᠴᠦᠨ ᠦᠭᠡᠢ ᠪᠣᠯᠭᠠᠬᠤ ᠪᠥᠬᠦ ᠶᠠᠪᠤᠴᠠᠨ ᠳᠠᠬᠢ ᠡᠯᠧᠺᠲᠷᠣᠨᠵᠢᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠳᠠᠩᠰᠠᠨ ᠡᠷᠦᠬᠡ ᠪᠠᠶᠢᠭᠤᠯᠤᠭᠰᠠᠨ ᠪᠠᠩᠬᠢ ᠶᠢᠨ ᠬᠢᠨ ᠤ ᠠᠵᠤ ᠠᠬᠤᠶᠢᠯᠠᠯ ᠨᠡᠭᠡᠭᠡᠨ ᠡᠷᠬᠢᠯᠡᠬᠦ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠲᠠᠪᠴᠠᠩ ᠢᠶᠠᠷ ᠳᠠᠮᠵᠢᠭᠤᠯᠤᠨ ᠪᠠᠩᠬᠢ ᠶᠢᠨ ᠳᠠᠩᠰᠠᠨ ᠡᠷᠦᠬᠡ ᠪᠠᠶᠢᠭᠤᠯᠬᠤ ᠪᠠᠷ ᠪᠣᠯᠵᠣᠭᠰᠠᠨ ᠲᠠᠩᠰᠠᠨ ᠨᠣᠮᠧᠷ ᠤᠨ ᠮᠡᠳᠡᠭᠡ ᠵᠠᠩᠭᠢ ᠶᠠᠪᠤᠭᠤᠯᠬᠤ ᠶᠢ ᠨᠢ ᠳᠡᠮᠵᠢᠨ᠎ᠡ | ᠃ ᠥᠯᠥ ᠬᠥᠳᠡᠯᠬᠦ ᠬᠥᠷᠥᠩᠭᠡ ᠶᠢᠨ ᠳ᠋ᠠᠶᠢᠲ᠋ᠠ ᠬᠥᠮᠥᠷᠭᠡ ᠳᠤ ᠲᠦᠰᠢᠭᠯᠡᠨ᠂ ᠠᠵᠤ ᠠᠬᠤᠶᠢᠯᠠᠯ ᠤᠨ ᠪᠠᠶᠢᠭ᠎ᠠ ᠭᠠᠵᠠᠷ ︵ᠡᠵᠡᠩᠨᠡᠯᠲᠡ ᠶᠢᠨ ᠲᠠᠯᠠᠪᠤᠷ ᠭᠠᠵᠠᠷ︶ ᠤᠨ | ᠪᠠᠷᠢᠮᠵᠢᠶᠠᠵᠢᠭᠤᠯᠤᠭᠰᠠᠨ ᠳᠠᠩᠰᠠᠯᠠᠯᠲᠠ ᠶᠢ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠲᠠᠢ | ᠰᠦᠯᠵᠢᠶ᠎ᠡ ᠪᠠᠷ ᠬᠠᠷᠢᠴᠠᠭᠤᠯᠵᠤ ᠬᠠᠷᠭᠤᠭᠤᠯᠤᠨ ᠰᠢᠯᠭᠠᠬᠤ ᠶᠢ ᠪᠡᠶᠡᠯᠡᠭᠦᠯᠦᠨ᠎ᠡ᠃ ᠪᠥᠬᠦ ᠤᠯᠤᠰ ᠤᠨ ᠨᠢᠭᠡᠳᠦᠯᠲᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ | ᠰᠢᠰᠲ᠋ᠧᠮ ᠵᠢᠴᠢ ︽ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠭᠠᠷᠤᠯ ᠤᠨ ᠨᠣᠮᠧᠷ︾ ᠲᠤ ᠲᠦᠰᠢᠭᠯᠡᠨ᠂ ︽ᠨᠢᠭᠡ ᠠᠵᠤ ᠠᠬᠤᠶᠢᠯᠠᠯ᠂ ᠨᠢᠭᠡ ᠭᠡᠷᠡᠴᠢ᠂ ᠨᠢᠭᠡ | ᠨᠣᠮᠧᠷ︾ ᠤᠨ ᠬᠡᠷᠡᠭᠯᠡᠭᠡᠨ ᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃ | 5. ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ︽ᠪᠥᠬᠦ ᠤᠯᠤᠰ ᠤᠨ ᠨᠢᠭᠡᠳᠪᠦᠷᠢ | ᠲᠣᠳᠣᠷᠬᠠᠢ ᠬᠠᠭᠤᠳᠠᠰᠤ︾ ᠶᠢᠨ ᠬᠠᠮᠢᠶᠠᠷᠤᠯᠲᠠ ᠶᠢᠨ ᠬᠡᠪ ᠵᠠᠭᠪᠤᠷ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠡᠷᠬᠡ ᠲᠡᠭᠰᠢ ᠪᠠᠷ ᠵᠠᠬ᠎ᠠ ᠳᠡᠯᠭᠡᠭᠦᠷ ᠲᠤ ᠣᠷᠣᠬᠤ ᠶᠢ ᠬᠠᠤᠯᠢ ᠶᠣᠰᠣᠭᠠᠷ ᠪᠠᠲᠤᠯᠠᠨ᠂ ︽ᠨᠢᠭᠡ ᠲᠣᠳᠣᠷᠬᠠᠢ ᠬᠠᠭᠤᠳᠠᠰᠤᠨ ᠳᠤ ᠪᠥᠬᠦᠨ ᠢ ᠵᠢᠭᠰᠠᠭᠠᠵᠤ᠂ ᠲᠣᠰ | ᠬᠠᠭᠤᠳᠠᠰᠤᠨ ᠠᠴᠠ ᠪᠤᠰᠤᠳ ᠬᠠᠭᠤᠳᠠᠰᠤ ᠭᠠᠷᠭᠠᠬᠤ ᠦᠭᠡᠢ︾ ᠪᠠᠶᠢᠬᠤ ᠶᠢ ᠦᠨᠡᠨ ᠬᠦ ᠪᠠᠲᠤᠯᠠᠵᠤ᠂ ᠡᠭᠦᠨ ᠯᠦᠭᠡ ᠵᠣᠬᠢᠴᠠᠯᠳᠤᠭᠰᠠᠨ ᠬᠢᠨᠠᠨ ᠵᠥᠪᠰᠢᠶᠡᠷᠡᠬᠦ ᠪᠠ | ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠬᠦ ᠣᠷᠣᠨ ᠤ ᠭᠤᠣᠯᠳᠠᠯᠭ᠎ᠠ ᠪᠣᠯᠬᠤ ᠠᠵᠢᠯ ᠲᠥᠷᠥᠯ ᠪᠠ ᠬᠦᠷᠢᠶᠡᠨ ᠳᠤ ᠠᠷᠠᠳ ᠤᠨ ᠪᠡᠯᠡ | ᠣᠷᠣᠭᠤᠯᠤᠯᠲᠠ ᠶᠢᠨ ᠣᠷᠣᠯᠴᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠷᠠᠳ ᠤᠨ ᠪᠡᠯᠡ ᠣᠷᠣᠭᠤᠯᠤᠯᠲᠠ ᠶᠢᠨ ᠣᠷᠣᠯᠴᠠᠴᠠ ᠶᠢ ᠳᠡᠭᠡᠭᠰᠢᠯᠡᠭᠦᠯᠦᠨ᠂ | ᠡᠯ᠎ᠡ ᠭᠠᠵᠠᠷ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠤ ᠡᠵᠡᠯᠡᠬᠦ ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠢ ᠰᠢᠯᠭᠠᠨ | ᠬᠢᠨᠠᠬᠤ ᠪᠠᠨ ᠴᠢᠩᠭᠠᠳᠬᠠᠨ᠎ᠠ᠃ ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠬᠦᠴᠦᠨ | ᠴᠢᠳᠠᠪᠤᠷᠢ ᠶᠢ ᠦᠨᠡᠯᠡᠨ ᠵᠢᠱᠢᠬᠦ ᠠᠵᠢᠯ ᠢ ᠡᠬᠢᠯᠡᠭᠦᠯᠦᠨ ᠥᠷᠨᠢᠭᠦᠯᠵᠦ᠂ ᠬᠦᠴᠦᠨ ᠴᠢᠳᠠᠪᠤᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ | ᠭᠦᠨᠵᠡᠭᠡᠶᠢᠷᠡᠭᠦᠯᠦᠨ᠂ ᠵᠥᠪᠰᠢᠶᠡᠷᠡᠨ ᠣᠷᠣᠭᠤᠯᠬᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ | ᠬᠠᠷᠰᠢᠯᠠᠭᠰᠠᠨ ᠠᠯᠳᠠᠭᠳᠠᠯᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠡᠷᠡᠭ ᠤᠨ ᠵᠢᠱᠢᠶ᠎ᠡ ᠶᠢ ᠭᠦᠨᠵᠡᠭᠡᠢ ᠵᠢᠭᠰᠠᠭᠠᠨ ᠪᠠᠶᠢᠴᠠᠭᠠᠵᠤ ᠴᠤᠭᠯᠠᠭᠤᠯᠤᠨ᠂ ᠡᠯ᠎ᠡ | ᠲᠥᠷᠥᠯ ᠤᠨ ᠢᠯᠡ ᠴᠢᠨᠠᠷ ᠤᠨ ᠪᠠ ᠳᠠᠯᠳᠠ ᠴᠢᠨᠠᠷ ᠤᠨ ᠬᠤᠷᠢᠭ᠎ᠠ ᠴᠠᠷᠠᠭ᠎ᠠ ᠶᠢ ᠪᠥᠬᠦ ᠲᠠᠯ᠎ᠠ ᠪᠠᠷ ᠢᠯᠭᠠᠷᠠᠭᠤᠯᠤᠨ᠎ᠠ᠃ | 6. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠭᠡᠷ | ᠪᠠᠶᠢᠰᠢᠩ ᠤᠨ ᠪᠠᠷᠢᠯᠭ᠎ᠠ ᠪᠠ ᠬᠤᠲᠠ ᠶᠢᠨ ᠰᠠᠭᠤᠷᠢ ᠪᠡᠯᠡᠳᠬᠡᠮᠵᠢ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ | ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠶᠢᠭᠤᠯᠤᠯᠲᠠ ᠶᠢᠨ ᠪᠦᠬᠦ ᠴᠤᠪᠤᠷᠠᠯ ᠢ ᠳ᠋ᠢᠵᠢᠲ᠋ᠠᠯᠵᠢᠭᠤᠯᠤᠨ ᠮᠡᠳᠡᠭᠦᠯᠬᠦ ᠶᠢ ᠠᠬᠢᠭᠤᠯᠵᠤ᠂ ᠪᠤᠶ ᠪᠦᠬᠦᠢ ᠰᠢᠶᠠᠨ ᠤ ᠬᠤᠲᠠ ᠪᠠ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠪᠦᠷᠢᠨ | ᠪᠦᠷᠬᠦᠭᠦᠯᠬᠦ ᠶᠢ ᠪᠡᠶᠡᠯᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ︽ᠨᠢᠭᠡ ᠰᠢᠰᠲ᠋ᠧᠮ︾ ᠢᠶᠠᠷ | ᠭᠦᠢᠴᠡᠳᠬᠡᠬᠦ ᠶᠢ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠲᠣᠳᠣᠷᠬᠠᠢ | ᠬᠠᠭᠤᠳᠠᠰᠤᠴᠢᠯᠠᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠬᠦᠯᠢᠶᠡᠨ ᠠᠪᠴᠤ ᠰᠢᠢᠳᠪᠦᠷᠢᠯᠡᠬᠦ ᠬᠢᠨᠠᠨ ᠪᠠᠶᠢᠴᠠᠭᠠᠬᠤ ᠪᠠᠷᠢᠮᠵᠢᠶ᠎ᠠ ᠶᠢ ᠨᠠᠷᠢᠯᠢᠭᠵᠢᠭᠤᠯᠤᠨ | ᠬᠡᠮᠵᠢᠶᠡᠵᠢᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠪᠣᠯᠭᠠᠨ᠎ᠠ᠃ ᠬᠢᠨᠠᠨ ᠵᠥᠪᠰᠢᠶᠡᠷᠡᠬᠦ ᠳᠤ ᠬᠡᠷᠡᠭᠰᠡᠬᠦ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠯᠭ᠎ᠠ ᠶᠢᠨ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠪᠠ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ | ᠪᠠᠶᠢᠴᠠᠭᠠᠬᠤ ᠳᠤ ᠬᠤᠭᠤᠴᠠᠭ᠎ᠠ ᠬᠢᠵᠠᠭᠠᠷᠯᠠᠨ ᠪᠡᠶᠡᠯᠡᠭᠦᠯᠬᠦ ᠶᠢ ᠠᠬᠢᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠬᠡ | ᠵᠢᠷᠤᠭ ᠤᠨ ᠪᠦᠬᠦ ᠶᠠᠪᠤᠴᠠ ᠳᠠᠬᠢ ᠳ᠋ᠢᠵᠢᠲ᠋ᠠᠯᠵᠢᠭᠤᠯᠤᠭᠰᠠᠨ ᠬᠠᠮᠢᠶᠠᠷᠤᠯᠲᠠ ᠶᠢ ᠢᠳᠡᠪᠬᠢᠲᠡᠢ ᠠᠬᠢᠭᠤᠯᠵᠤ᠂ ᠳ᠋ᠢᠵᠢᠲ᠋ᠠᠯᠵᠢᠭᠤᠯᠤᠭᠰᠠᠨ ᠪᠠᠷᠢᠯᠭ᠎ᠠ ᠶᠢᠨ ᠵᠢᠷᠤᠭ ᠢ ᠬᠢᠨᠠᠨ | ᠪᠠᠶᠢᠴᠠᠭᠠᠬᠤ ᠰᠢᠰᠲ᠋ᠧᠮ ᠤᠨ ᠬᠡᠷᠡᠭᠯᠡᠭᠡᠨ ᠬᠢᠭᠡᠳ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠭᠠᠷᠳᠠᠮ ᠢ ᠳᠠᠭᠠᠭᠤᠯᠤᠨ ᠭᠦᠢᠴᠡᠳᠬᠡᠬᠦ᠂ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠪᠣᠳᠠᠲᠠᠶᠢᠵᠢᠭᠤᠯᠬᠤ᠂ ᠪᠦᠲᠦᠭᠡᠨ ᠪᠠᠶᠢᠭᠤᠯᠬᠤ ᠠᠴᠠ ᠠᠰᠢᠭᠯᠠᠯᠲᠠ ᠳᠤ ᠣᠷᠣᠭᠤᠯᠬᠤ ᠬᠦᠷᠲᠡᠯ᠎ᠡ ᠪᠥᠬᠦ ᠲᠠᠯ᠎ᠠ ᠪᠥᠬᠦ ᠴᠤᠪᠤᠷᠠᠯ ᠢᠶᠠᠷ ᠮᠥᠷᠳᠡᠨ ᠦᠢᠯᠡᠴᠢᠯᠡᠨ᠎ᠡ᠃ | 7. ᠡᠨᠧᠷᠬᠢ᠂ ᠣᠰᠣᠨ ᠠᠰᠢᠭᠯᠠᠯᠲᠠ᠂ ᠵᠠᠮ ᠬᠠᠷᠢᠯᠴᠠᠭ᠎ᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠠᠵᠢᠯ | ᠶᠠᠪᠤᠳᠠᠯ︾ ᠢ ᠨᠢᠭᠡᠳᠬᠡᠨ ᠭᠦᠢᠴᠡᠳᠬᠡᠬᠦ ᠶᠢ ᠠᠬᠢᠭᠤᠯᠤᠨ᠎ᠠ᠃ ᠡᠨᠧᠷᠭᠢ᠂ ᠣᠰᠣᠨ ᠠᠰᠢᠭᠯᠠᠯᠲᠠ᠂ ᠵᠠᠮ ᠬᠠᠷᠢᠯᠴᠠᠭᠠᠨ ᠤ ᠲᠠᠯ᠎ᠠ ᠶᠢᠨ ︽ᠨᠢᠭᠡ ᠠᠵᠢᠯ ᠶᠠᠪᠤᠳᠠᠯ︾ ᠢ | ᠨᠢᠭᠡᠳᠬᠡᠨ ᠭᠦᠢᠴᠡᠳᠬᠡᠬᠦ ᠶᠢ ᠰᠦᠪᠡᠭᠴᠢᠯᠡᠨ ᠥᠷᠨᠢᠭᠦᠯᠵᠦ᠂ ︽ᠨᠢᠭᠡ ᠠᠵᠢᠯ ᠶᠠᠪᠤᠳᠠᠯ︾ ᠪᠦᠷᠢ ᠶᠢᠨ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠪᠠ | ᠬᠠᠮᠵᠢᠯᠴᠠᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠠᠯᠤᠰᠯᠠᠭᠰᠠᠨ ᠳᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠰᠢᠰᠲ᠋ᠧᠮ ᠤᠨ | ᠵᠣᠬᠢᠴᠠᠯᠳᠤᠨ ᠬᠠᠮᠵᠢᠯᠴᠠᠬᠤ ᠪᠠ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠴᠢᠩᠭᠠᠷᠠᠭᠤᠯᠤᠨ᠎ᠠ᠃ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠠᠵᠢᠯ ᠤᠨ | ᠲᠥᠰᠥᠯ ᠢ ᠲᠣᠭᠲᠠᠭᠠᠬᠤ ᠶᠢ ᠬᠠᠷᠢᠭᠤᠴᠠᠵᠤ᠂ ᠬᠠᠷᠠᠯᠲᠠ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ᠃ ᠰᠠᠯᠠᠭ᠎ᠠ | ᠮᠥᠴᠢᠷ ᠤᠨ ᠲᠤᠬᠠᠶᠢᠯᠠᠭᠰᠠᠨ ᠠᠵᠢᠯ ᠭᠦᠢᠴᠡᠳᠬᠡᠬᠦ ᠴᠤᠪᠤᠷᠠᠯ ᠢ ᠳᠠᠬᠢᠨ ᠪᠠᠶᠢᠭᠤᠯᠬᠤ ᠪᠠᠷ ᠳᠠᠮᠵᠢᠭᠤᠯᠤᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷ | ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠠᠮᠲᠤᠳᠬᠠᠨ ᠬᠢᠨᠠᠵᠤ ᠵᠥᠪᠰᠢᠶᠡᠷᠡᠬᠦ᠂ ᠬᠤᠯᠪᠤᠭᠠᠯᠠᠨ ᠬᠢᠨᠠᠨ ᠲᠣᠭᠲᠠᠭᠠᠬᠤ᠂ ᠬᠤᠯᠪᠤᠭᠠᠯᠠᠨ ᠰᠢᠯᠭᠠᠨ | ᠬᠤᠷᠢᠶᠠᠬᠤ ᠵᠡᠷᠭᠡ ᠶᠢ ᠥᠷᠨᠢᠭᠦᠯᠵᠦ᠂ ᠠᠵᠢᠯ ᠶᠠᠪᠤᠳᠠᠯ ᠭᠦᠢᠴᠡᠳᠬᠡᠬᠦ ᠴᠠᠭ ᠬᠤᠭᠤᠴᠠᠭ᠎ᠠ ᠶᠢ ᠶᠡᠭᠡ ᠬᠡᠮᠵᠢᠶ᠎ᠡ ᠪᠠᠷ ᠪᠣᠭᠤᠨᠢᠰᠬᠠᠨ᠂ ᠠᠵᠢᠯ ᠶᠠᠪᠤᠳᠠᠯ ᠭᠦᠢᠴᠡᠳᠬᠡᠬᠦ | ᠥᠪᠡᠷ ᠤᠨ ᠥᠷᠲᠡᠭ ᠢ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ | 8. ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠤᠷᠰᠢᠯᠲᠠ ᠶᠢᠨ ᠴᠡᠭ ᠲᠤ | ᠣᠷᠣᠭᠤᠯᠤᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠬᠦᠰᠦᠨᠦᠭᠲᠦ ᠨᠠᠶᠢᠷᠠᠭᠤᠯᠤᠨ | ᠵᠣᠬᠢᠶᠠᠬᠤ ᠴᠢᠬᠤᠯᠠᠲᠠᠢ ᠨᠡᠬᠡᠮᠡᠯ ᠬᠤᠪᠴᠠᠰᠤ ᠬᠤᠨᠠᠷ᠂ ᠬᠤᠪᠴᠠᠰᠤ ᠵᠠᠰᠠᠯ ᠤᠨ ᠦᠢᠯᠡᠰ᠂ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠪᠠ ᠮᠣᠳᠣ᠂ ᠬᠤᠯᠤᠰᠤ᠂ | ᠣᠷᠢᠶᠠᠩᠭᠤ᠂ ᠬᠢᠯᠭᠠᠰᠤᠲᠤ ᠮᠣᠳᠣ᠂ ᠡᠪᠡᠰᠦᠨ ᠤ ᠪᠦᠲᠦᠭᠡᠭᠳᠡᠬᠦᠨ ᠤ ᠦᠢᠯᠡᠰ᠂ ᠭᠡᠷ ᠤᠨ ᠬᠡᠷᠡᠭᠰᠡᠯ ᠦᠢᠯᠡᠳᠬᠦ ᠦᠢᠯᠡᠰ᠂ ᠰᠣᠶᠣᠯ ᠰᠤᠷᠭᠠᠨ ᠬᠥᠮᠦᠵᠢᠯ᠂ ᠠᠵᠤ | ᠦᠢᠯᠡᠳᠪᠦᠷᠢ ᠤᠷᠠᠯᠠᠯ᠂ ᠪᠡᠶ᠎ᠡ ᠶᠢᠨ ᠲᠠᠮᠢᠷ ᠪᠠ ᠨᠠᠭᠠᠳᠤᠮ ᠲᠣᠭᠯᠠᠭᠠᠮ ᠤᠨ ᠬᠡᠷᠡᠭᠰᠡᠯ ᠦᠢᠯᠡᠳᠬᠦ ᠦᠢᠯᠡᠰ᠂ ᠰᠦᠯᠢᠶᠥᠦ ᠦᠢᠯᠡᠳᠬᠦᠨ ᠤ ᠦᠢᠯᠡᠰ᠂ ᠨᠡᠶᠢᠳᠡᠮ | ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ᠂ ᠲᠤᠰᠬᠠᠢ ᠲᠥᠬᠦᠭᠡᠷᠦᠮᠵᠢ ᠦᠢᠯᠡᠳᠬᠦ ᠦᠢᠯᠡᠰ᠂ ᠬᠡᠮᠵᠢᠭᠦᠷᠯᠢᠭ ᠦᠢᠯᠡᠳᠬᠦ ᠦᠢᠯᠡᠰ᠂ ᠲᠡᠮᠦᠷᠯᠢᠭ ᠦᠢᠯᠡᠳᠬᠦᠨ | ᠂ ᠮᠠᠰᠢᠨ ᠮᠧᠬᠠᠨᠢᠭ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠵᠡᠷᠭᠡ 9 ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠦᠷᠢᠶᠡᠯᠡᠩ ᠳᠤ | ᠲᠥᠪᠯᠡᠷᠡᠭᠦᠯᠦᠨ ᠨᠡᠭᠦᠯᠭᠡᠨ ᠣᠷᠣᠭᠤᠯᠤᠭᠰᠠᠨ ᠮᠡᠳᠡᠭᠦᠯᠦᠯᠲᠡ ᠶᠢᠨ ᠬᠦᠰᠦᠨᠦᠭ ᠲᠤ ᠪᠠᠶᠢᠭ᠎ᠠ ᠪᠤᠰᠤᠳ ᠲᠥᠷᠥᠯ ᠵᠦᠢᠯ ᠳᠤ ᠠᠳᠠᠯᠢ ᠲᠥᠷᠥᠯ ᠤᠨ ᠲᠥᠷᠥᠯ | ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠨᠢ ᠬᠠᠮᠲᠤᠳᠬᠠᠨ ᠬᠢᠨᠠᠨ ᠵᠥᠪᠰᠢᠶᠡᠷᠡᠬᠦ ᠶᠢ ᠰᠦᠪᠡᠭᠴᠢᠯᠡᠬᠦ ᠶᠢᠨ ᠬᠠᠮᠲᠤ ᠬᠠᠷᠠᠭᠠᠯᠵᠠᠭᠰᠠᠨ | ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠲᠠᠷᠢᠶᠠᠯᠠᠩ ᠬᠤᠯᠢᠰᠢᠨ ᠢᠳᠡᠭᠡᠨ ᠢ ᠪᠣᠯᠪᠠᠰᠤᠷᠠᠭᠤᠯᠤᠨ | ᠡᠳ᠋ᠰᠢᠭᠦᠯᠬᠦ ᠦᠢᠯᠡᠰ᠂ ᠢᠳᠡᠭᠡᠨ ᠤ ᠵᠦᠢᠯ ᠦᠢᠯᠡᠳᠬᠦ ᠦᠢᠯᠡᠰ᠂ ᠠᠷᠢᠬᠢ ᠨᠡᠷᠡᠬᠦ᠂ ᠤᠮᠳᠠᠭᠠᠨ ᠬᠢᠬᠦ ᠦᠢᠯᠡᠰ᠂ ᠨᠡᠬᠡᠮᠡᠯ ᠬᠤᠪᠴᠠᠰᠤ ᠬᠤᠨᠠᠷ᠂ ᠬᠤᠪᠴᠠᠰᠤ | ᠵᠠᠰᠠᠯ ᠤᠨ ᠦᠢᠯᠡᠰ᠂ ᠱᠠᠬᠠᠢ ᠦᠢᠯᠡᠳᠬᠦ ᠦᠢᠯᠡᠰ᠂ ᠬᠡᠪᠯᠡᠯ ᠤᠨ ᠦᠢᠯᠡᠰ᠂ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ᠂ ᠲᠤᠰᠬᠠᠢ | ᠲᠥᠬᠦᠭᠡᠷᠦᠮᠵᠢ ᠦᠢᠯᠡᠳᠬᠦ ᠦᠢᠯᠡᠰ᠂ ᠲᠣᠰᠣ ᠨᠡᠮᠡᠬᠦ᠂ ᠰᠢᠲᠠᠮᠠᠬᠠᠢ ᠬᠡᠢ ᠨᠡᠮᠡᠬᠦ ᠥᠷᠲᠡᠭᠡ᠂ ᠮᠠᠰᠢᠨ ᠲᠡᠷᠭᠡ᠂ ᠮᠣᠲ᠋ᠣᠷ ᠵᠡᠷᠭᠡ ᠶᠢᠨ ᠰᠡᠯᠪᠢᠨ ᠵᠠᠰᠠᠬᠤ ᠬᠢᠭᠡᠳ | ᠠᠷᠠᠴᠢᠯᠠᠨ ᠬᠠᠮᠠᠭᠠᠯᠠᠬᠤ ᠦᠢᠯᠡᠰ᠂ ᠲᠦᠭᠡᠭᠡᠯ ᠤᠰᠤ ᠦᠢᠯᠡᠳᠪᠦᠷᠢᠯᠡᠬᠦ ᠪᠠ ᠬᠠᠩᠭᠠᠬᠤ ᠦᠢᠯᠡᠰ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠵᠤᠤᠬ᠎ᠠ ᠵᠡᠷᠭᠡ 12 | ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠪᠠᠶᠢᠬᠤ ᠵᠠᠷᠴᠢᠮ ᠢᠶᠠᠷ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠬᠢᠭᠡᠳ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ︽ᠬᠤᠶᠠᠷ ᠦᠨᠡᠮᠯᠡᠯ ᠤᠨ ᠬᠢᠨᠠᠨ ᠵᠥᠪᠰᠢᠶᠡᠷᠡᠯ ᠢ ᠨᠢᠭᠡᠳᠬᠡᠬᠦ︾ ᠶᠢ | ᠰᠦᠪᠡᠭᠴᠢᠯᠡᠨ ᠬᠡᠷᠡᠭᠵᠢᠭᠦᠯᠦᠨ᠎ᠡ᠃ | 9. ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ᠳᠠᠩᠰᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠭᠠᠷ ᠳᠠᠮᠵᠢᠭᠰᠠᠨ ᠭᠡᠷ ᠪᠠᠶᠢᠰᠢᠩ ᠤᠨ ᠰᠢᠯᠵᠢᠭᠦᠯᠬᠦ ᠳᠠᠩᠰᠠᠯᠠᠯᠲᠠ ᠬᠢᠭᠡᠳ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠨᠡᠷ᠎ᠡ ᠬᠠᠯᠠᠬᠤ | ᠭᠠᠷᠳᠠᠮ ᠢ ᠬᠠᠮᠲᠤᠳᠬᠠᠨ ᠭᠦᠢᠴᠡᠳᠬᠡᠬᠦ ᠵᠢᠴᠢ ᠠᠵᠤ ᠠᠬᠤᠶᠢᠯᠠᠯ ᠳᠤ ᠬᠤᠯᠪᠣᠭᠳᠠᠭᠰᠠᠨ ᠭᠠᠶᠢᠯᠢ ᠳᠤ ᠬᠤᠯᠪᠣᠭᠳᠠᠭᠰᠠᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠨ ᠲᠡᠮᠳᠡᠭᠯᠡᠬᠦ ᠲᠤᠬᠠᠶᠢᠯᠠᠭᠰᠠᠨ ᠠᠵᠢᠯ ᠤᠨ ︽ᠨᠢᠭᠡ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠲᠡᠭᠦᠯᠳᠡᠷᠵᠢᠭᠦᠯᠦᠨ᠎ᠡ᠃ ᠡᠯ᠎ᠡ | ᠭᠠᠵᠠᠷ ᠣᠷᠣᠨ ᠨᠢ ᠰᠠᠯᠠᠭ᠎ᠠ ᠮᠥᠴᠢᠷ ᠤᠨ ᠠᠯᠪᠠᠨ ᠰᠦᠯᠵᠢᠶᠡᠨ ᠳᠤ ᠪᠠᠨ ᠰᠢᠨ᠎ᠡ ᠪᠠᠷ ᠪᠠᠶᠢᠭᠤᠯᠤᠭᠰᠠᠨ ᠪᠠ ᠦᠯᠡᠳᠡᠭᠡᠯ ᠭᠡᠵᠦ ᠢᠯᠭᠠᠭᠰᠠᠨ᠂ ᠠᠳᠠᠯᠢ ᠪᠤᠰᠤ | ᠲᠥᠷᠥᠯ ᠬᠡᠯᠪᠡᠷᠢ ᠬᠤᠪᠢᠶᠠᠨ ᠨᠠᠷᠢᠯᠢᠭᠵᠢᠭᠤᠯᠵᠤ ᠪᠦᠷᠢᠳᠬᠡᠭᠰᠡᠨ ᠳ᠋ᠠᠶᠢᠲ᠋ᠠ ᠶᠢᠨ ᠮᠡᠳᠡᠭᠡ ᠵᠠᠩᠭᠢ ᠶᠢ ᠢᠯᠡ ᠪᠣᠯᠭᠠᠵᠤ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠬᠦᠢᠰᠦ ᠢᠯᠭᠠᠯ ᠢᠶᠠᠷ ᠲᠥᠷᠥᠯ ᠬᠤᠪᠢᠶᠠᠨ ᠪᠦᠷᠢᠳᠬᠡᠭᠰᠡᠨ ᠳ᠋ᠠᠶᠢᠲ᠋ᠠ ᠶᠢᠨ ᠮᠡᠳᠡᠭᠡ ᠵᠠᠩᠭᠢ ᠶᠢ ᠨᠡᠷ᠎ᠡ ᠪᠢᠴᠢᠬᠦ ᠦᠭᠡᠢ ᠪᠠᠷ ᠢᠯᠡ ᠪᠣᠯᠭᠠᠬᠤ | ᠬᠡᠷᠡᠭᠲᠡᠢ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢᠨ ᠦᠵᠡᠭᠳᠡᠬᠦᠶᠢᠴᠡ ᠬᠠᠶᠢᠵᠤ ᠯᠠᠪᠯᠠᠬᠤ ᠲᠣᠭᠲᠠᠴᠠ ᠶᠢ ᠪᠠᠶᠢᠭᠤᠯᠵᠤ᠂ | ᠡᠷᠬᠡᠲᠦ ᠬᠥᠮᠥᠨ ᠨᠢ ᠪᠡᠶ᠎ᠡ ᠭᠠᠷᠤᠯ ᠢᠶᠠᠨ ᠭᠡᠷᠡᠴᠢᠯᠡᠭᠰᠡᠨ ᠤ ᠳᠠᠷᠠᠭ᠎ᠠ ᠬᠠᠤᠯᠢ ᠶᠣᠰᠣᠭᠠᠷ ᠲᠡᠭᠦᠨ ᠤ ᠨᠡᠷ᠎ᠡ ᠳᠣᠣᠷᠠᠬᠢ ᠥᠯᠥ ᠬᠥᠳᠡᠯᠬᠦ ᠬᠥᠷᠥᠩᠭᠡ ᠶᠢᠨ ᠪᠠᠶᠢᠭᠠᠯᠢᠭ | ᠪᠠᠶᠢᠳᠠᠯ᠂ ᠡᠷᠬᠡ ᠶᠢᠨ ᠬᠢᠵᠠᠭᠠᠷᠯᠠᠯ ᠵᠡᠷᠭᠡ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠶᠢᠨ ᠯᠠᠪᠯᠠᠵᠤ ᠪᠣᠯᠣᠨ᠎ᠠ᠂ ᠨᠥᠬᠦᠴᠡᠯ ᠲᠠᠢ ᠪᠠᠶᠢᠭ᠎ᠠ ᠭᠠᠵᠠᠷ ᠣᠷᠣᠨ ᠨᠢ | ᠥᠮᠴᠢᠯᠡᠬᠦ ᠡᠷᠬᠡᠲᠦ ᠬᠥᠮᠥᠨ ᠤ ᠰᠦᠯᠵᠢᠶ᠎ᠡ ᠪᠠᠷ ᠡᠷᠬᠡ ᠣᠯᠭᠤᠵᠤ ᠬᠠᠶᠢᠨ ᠯᠠᠪᠯᠠᠬᠤ ᠦᠢᠯᠡᠴᠢᠯᠡᠭᠡ ᠶᠢ ᠥᠷᠭᠡᠳᠬᠡᠵᠦ᠂ ᠮᠡᠳᠡᠭᠡ ᠵᠠᠩᠭᠢ ᠬᠠᠶᠢᠨ ᠯᠠᠪᠯᠠᠬᠤ ᠳᠤ | ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠤᠨ᠎ᠠ᠃ ᠲᠠᠸᠠᠷ ᠤᠨ ᠭᠡᠷ ᠪᠠᠶᠢᠰᠢᠩ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠬᠤ ᠪᠠᠶᠢᠭᠤᠯᠤᠮᠵᠢ ᠪᠠᠷ ᠳᠠᠮᠵᠢᠭᠤᠯᠤᠨ ᠠᠷᠠᠯᠵᠢᠶᠠᠯᠠᠭᠰᠠᠨ ᠦᠯᠡᠳᠡᠭᠡᠯ ᠭᠡᠷ ᠪᠠᠶᠢᠰᠢᠩ ᠤᠨ ᠬᠤᠳᠠᠯᠳᠤᠭᠠᠯᠠᠭᠰᠠᠨ | ᠬᠥᠯᠥᠰᠦ ᠮᠥᠩᠭᠦ ᠶᠢ ᠠᠷᠠᠯᠵᠢᠶᠠᠨ ᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠶᠢ ᠨᠢ ᠵᠣᠷᠢᠭᠵᠢᠭᠤᠯᠤᠨ᠎ᠠ᠃ ᠲᠤᠬᠠᠢ ᠶᠢᠨ | ᠬᠥᠮᠥᠨ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠠᠴᠠ ᠭᠠᠳᠠᠨ᠎ᠠ᠂ ᠦᠯᠡᠳᠡᠭᠡᠯ ᠭᠡᠷ ᠪᠠᠶᠢᠰᠢᠩ ᠤᠨ ᠠᠷᠠᠯᠵᠢᠶᠠᠨ ᠤ ᠪᠡᠯᠡ ᠮᠥᠩᠭᠦ ᠶᠢ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ ᠦᠯᠡᠳᠡᠭᠡᠯ ᠭᠡᠷ ᠪᠠᠶᠢᠰᠢᠩ ᠤᠨ ᠠᠷᠠᠯᠵᠢᠶ᠎ᠠ ᠥᠪᠡᠰᠦᠪᠡᠨ ᠪᠦᠲᠦᠭᠰᠡᠨ ᠪᠠᠶᠢᠪᠠᠯ ᠲᠤᠬᠠᠢ ᠶᠢᠨ ᠬᠥᠮᠥᠨ ᠨᠢ | ᠠᠷᠠᠯᠵᠢᠶᠠᠨ ᠤ ᠪᠡᠯᠡ ᠮᠥᠩᠭᠦ ᠶᠢ ᠬᠢᠨᠠᠨ ᠬᠠᠮᠢᠶᠠᠷᠤᠭᠤᠯᠬᠤ ᠡᠰᠡᠬᠦ ᠪᠠᠨ ᠰᠣᠩᠭᠤᠨ᠎ᠠ᠃ | 10. ᠭᠠᠶᠢᠯᠢ ᠲᠤᠰᠢᠶᠠᠬᠤ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ᠰᠢᠰᠲ᠋ᠧᠮ ᠤᠨ ᠠᠵᠢᠯᠯᠠᠭᠠᠨ ᠤ ᠵᠦᠭᠯᠡᠭᠦᠷ ᠵᠡᠷᠭᠡ ᠠᠭᠤᠯᠭ᠎ᠠ ᠶᠢ ᠣᠯᠠᠨ ᠵᠦᠢᠯ ᠤᠨ ᠬᠡᠯᠪᠡᠷᠢ ᠪᠠᠷ ᠢᠯᠡ ᠪᠣᠯᠭᠠᠨ᠎ᠠ᠃ ᠭᠠᠶᠢᠯᠢ ᠶᠢᠨ | ᠶᠠᠪᠤᠳᠠᠯ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ ᠰᠠᠶᠢᠲᠤᠷ ᠬᠢᠨ᠎ᠡ᠃ ︽ᠣᠨᠣᠴᠠᠲᠠᠢ ᠳᠠᠮᠵᠢᠭᠤᠯᠤᠨ ᠬᠦᠷᠭᠡᠬᠦ᠂ | ᠣᠶᠤᠨᠴᠢ ᠪᠠᠷ ᠰᠡᠯᠭᠦᠬᠦ᠂ ᠭᠦᠢᠴᠡᠳᠬᠡᠬᠦ ᠪᠠ ᠯᠠᠪᠯᠠᠬᠤ ᠶᠢ ᠬᠠᠮᠵᠢᠯᠴᠠᠭᠤᠯᠬᠤ᠂ ᠪᠦᠬᠦ ᠶᠠᠪᠤᠴᠠ ᠳᠤ ᠬᠠᠷᠢᠯᠴᠠᠨ ᠦᠢᠯᠡᠳᠦᠯᠴᠡᠬᠦ︾ ᠲᠠᠲᠠᠪᠤᠷᠢᠯᠠᠬᠤ ᠪᠠ ᠲᠤᠰᠢᠶᠠᠬᠤ | ᠬᠠᠷᠢᠯᠴᠠᠨ ᠦᠢᠯᠡᠳᠦᠯᠴᠡᠭᠰᠡᠨ ᠦᠢᠯᠡᠴᠢᠯᠡᠭᠡᠨ ᠤ ᠬᠡᠪ ᠵᠠᠭᠪᠤᠷ ᠢ ᠪᠠᠶᠢᠭᠤᠯᠤᠨ᠎ᠠ᠃ ᠭᠠᠶᠢᠯᠢ ᠪᠤᠴᠠᠭᠠᠬᠤ ᠴᠤᠪᠤᠷᠠᠯ ᠢ ᠰᠢᠯᠢᠳᠡᠭᠵᠢᠭᠦᠯᠵᠦ᠂ ᠡᠯ᠎ᠡ ᠭᠤᠭᠴᠣᠭᠠᠨ ᠳᠠᠬᠢ | ᠭᠦᠢᠴᠡᠳᠬᠡᠬᠦ ᠬᠤᠭᠤᠴᠠᠭ᠎ᠠ ᠬᠢᠵᠠᠭᠠᠷ ᠢ ᠲᠣᠳᠣᠷᠬᠠᠶᠢᠯᠠᠨ᠂ ᠭᠠᠶᠢᠯᠢ ᠪᠤᠴᠠᠭᠠᠬᠤ ᠪᠦᠬᠦ ᠬᠡᠯᠬᠢᠶᠡᠨ ᠤ ᠬᠢᠨᠠᠨ ᠡᠵᠡᠮᠳᠡᠵᠦ ᠰᠠᠨᠠᠭᠤᠯᠬᠤ ᠴᠥᠷᠬᠡᠯᠡᠭᠡ ᠬᠠᠮᠢᠶᠠᠷᠤᠯᠲᠠ ᠶᠢᠨ | ᠲᠣᠭᠲᠠᠴᠠ ᠶᠢ ᠬᠡᠷᠡᠭᠵᠢᠭᠦᠯᠦᠨ᠎ᠡ᠃ ︽ᠲᠦᠭᠰᠢᠭᠦᠷᠢ ᠦᠭᠡᠢ ᠪᠠᠶᠢᠳᠠᠯ ᠳᠤ ᠠᠵᠢᠯᠯᠠᠭ᠎ᠠ ᠠᠪᠬᠤ ᠦᠭᠡᠢ᠂ ᠬᠠᠤᠯᠢ ᠠᠴᠠ ᠵᠥᠷᠢᠴᠡᠪᠡᠯ ᠨᠡᠬᠡᠮᠵᠢᠯᠡᠬᠦ᠂ ᠪᠥᠬᠦ | ᠶᠠᠪᠤᠴᠠ ᠳᠤ ᠣᠶᠤᠨᠴᠢ ᠡᠵᠡᠮᠳᠡᠯ ᠢ ᠴᠢᠩᠭᠠᠳᠬᠠᠬᠤ︾ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠬᠡᠷᠡᠭᠵᠢᠭᠦᠯᠦᠨ᠎ᠡ᠃ ᠬᠢᠨᠠᠭᠤᠷ | ᠪᠣᠯᠭᠤᠮᠵᠢᠲᠠᠢ ᠮᠥᠷᠲᠡᠭᠡᠨ ᠪᠠᠭᠲᠠᠭᠠᠮᠵᠢᠲᠠᠢ ᠬᠢᠨᠠᠯᠲᠠ ᠬᠠᠮᠢᠶᠠᠷᠤᠯᠲᠠ ᠶᠢ ᠪᠠᠷᠢᠮᠲᠠᠯᠠᠵᠤ᠂ ᠠᠬᠢᠨ ᠳᠠᠪᠰᠢᠬᠤ ᠮᠠᠶ᠋ᠢᠭ ᠢᠶᠠᠷ ᠭᠠᠶᠢᠯᠢ ᠲᠠᠲᠠᠪᠤᠷᠢ ᠶᠢᠨ ᠲᠦᠭᠰᠢᠭᠦᠷᠢ ᠶᠢ | ᠠᠷᠭᠠᠴᠠᠭᠠᠨ᠎ᠠ᠃ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠ ᠵᠠᠷᠤᠳᠠᠯ ᠲᠤᠰᠢᠶᠠᠬᠤ ᠲᠤᠬᠠᠶᠢᠯᠠᠭᠰᠠᠨ ᠠᠵᠢᠯ ᠢ ︽ᠨᠢᠭᠡ ᠲᠠᠩᠬᠢᠮ ᠳᠤ ᠬᠤᠯᠪᠤᠭᠠᠯᠠᠨ | ᠭᠦᠢᠴᠡᠳᠬᠡᠬᠦ︾ ᠶᠢ ᠠᠬᠢᠭᠤᠯᠵᠤ᠂ ︽ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠶᠢ ᠲᠣᠰᠬᠤᠨ ᠠᠴᠠ ᠭᠠᠷᠭᠠᠬᠤ ᠦᠭᠡᠢ︾ ᠦᠢᠯᠡᠴᠢᠯᠡᠭᠡ ᠶᠢ ᠪᠦᠬᠦ | ᠲᠠᠯ᠎ᠠ ᠪᠠᠷ ᠳᠡᠯᠭᠡᠷᠡᠭᠦᠯᠦᠨ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠮᠠᠶ᠋ᠢᠭ︾ ᠤᠨ ᠭᠠᠶᠢᠯᠢ ᠶᠢᠨ ᠶᠠᠪᠤᠳᠠᠯ ᠤᠨ ᠭᠠᠵᠠᠷ ︵ᠬᠤᠪᠢᠶᠠᠷᠢ | ᠲᠣᠪᠴᠢᠶ᠎ᠠ᠂ ᠭᠠᠶᠢᠯᠢ ᠶᠢᠨ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠠᠩᠬᠢᠮ︶ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠶᠢᠯᠢ ᠰᠦᠢᠳᠬᠡᠯ ᠳᠤ | ᠬᠤᠯᠪᠣᠭᠳᠠᠭᠰᠠᠨ ᠮᠠᠷᠭᠤᠯᠳᠤᠭᠠᠨ ᠢ ᠬᠤᠯᠪᠤᠭᠠᠯᠠᠨ ᠡᠶᠡᠳᠡᠭᠦᠯᠬᠦ ᠲᠣᠭᠲᠠᠴᠠ ᠶᠢ ᠪᠠᠶᠢᠭᠤᠯᠵᠤ᠂ ᠭᠠᠶᠢᠯᠢ ᠰᠦᠢᠳᠬᠡᠯ ᠤᠨ ᠮᠠᠷᠭᠤᠯᠳᠤᠭᠠᠨ ᠳᠤ ᠵᠥᠪᠯᠡᠯᠭᠡ ᠥᠭᠴᠦ | ᠰᠢᠢᠳᠪᠦᠷᠢᠯᠡᠬᠦ ᠲᠥᠪ᠂ ᠡᠭᠦᠯᠡᠨ ᠦᠵᠦᠭᠦᠷ ᠤᠨ ᠮᠠᠷᠭᠤᠯᠳᠤᠭᠠᠨ ᠡᠶᠡᠳᠡᠭᠦᠯᠬᠦ ᠲᠠᠰᠤᠭ᠂ ︽ᠠᠯᠪᠠᠨ ᠲᠤᠰᠢᠶᠠᠯᠲᠤ ᠬᠠᠤᠯᠢᠴᠢ ᠶᠢᠨ ᠭᠠᠶᠢᠯᠢ ᠳᠤ ᠬᠤᠯᠪᠣᠭᠳᠠᠭᠰᠠᠨ | ᠮᠠᠷᠭᠤᠯᠳᠤᠭᠠᠨ ᠳᠤ ᠵᠥᠪᠯᠡᠯᠭᠡ ᠥᠭᠴᠦ ᠡᠶᠡᠳᠡᠭᠦᠯᠬᠦ ᠲᠥᠪ︾ ᠵᠡᠷᠭᠡ ᠶᠢ ᠪᠠᠶᠢᠭᠤᠯᠵᠤ᠂ ᠣᠯᠠᠨ ᠲᠦᠮᠡᠨ ᠤ ᠭᠠᠶᠢᠯᠢ ᠰᠦᠢᠳᠬᠡᠯ ᠤᠨ ᠮᠠᠷᠭᠤᠯᠳᠤᠭᠠᠨ ᠪᠠ ᠵᠥᠷᠢᠴᠡᠯ | ᠵᠠᠭᠤᠷᠠᠯᠳᠤᠭᠠᠨ ᠢ ᠨᠢᠭᠡ ᠯᠡ ᠥᠷᠲᠡᠭᠡᠴᠢᠯᠡᠭᠰᠡᠨ ᠮᠠᠶ᠋ᠢᠭ ᠢᠶᠠᠷ ᠨᠠᠮᠳᠠᠭᠠᠨ᠎ᠠ᠃ | 11. ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ | ᠢᠨᠵᠧᠨᠧᠷᠢᠩ ᠤᠨ ᠲᠣᠭᠤᠷᠢᠨ ᠳᠤ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠶᠢᠨ ᠵᠦᠢᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ | ᠠᠷᠭ᠎ᠠ ᠬᠡᠮᠵᠢᠶ᠎ᠡ ᠶᠢ ᠭᠠᠷᠭᠠᠬᠤ ᠪᠠᠨ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾ | ᠶᠢᠨ ᠴᠢᠳᠠᠮᠵᠢ ᠶᠢ ᠰᠢᠯᠢᠳᠡᠭᠵᠢᠭᠦᠯᠵᠦ᠂ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠬᠡᠪ ᠵᠠᠭᠪᠤᠷ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠪᠠᠷ ᠭᠤᠶᠤᠴᠢᠯᠠᠨ ᠮᠡᠳᠡᠭᠦᠯᠬᠦ ᠬᠡᠪ ᠵᠠᠭᠪᠤᠷ ᠢᠶᠠᠨ ᠪᠡᠶ᠎ᠡ ᠪᠠᠨ ᠳᠠᠭᠠᠭᠠᠵᠤ ᠰᠣᠩᠭᠤᠬᠤ ᠶᠢ ᠨᠢ ᠳᠡᠮᠵᠢᠵᠦ᠂ ᠬᠢᠯᠢ ᠶᠢᠨ ᠪᠣᠭᠤᠮᠲᠠ ᠪᠠᠷ ᠥᠩᠭᠡᠷᠡᠬᠦ | ᠬᠤᠭᠤᠴᠠᠭᠠᠲᠤ ᠦᠢᠯᠡᠳᠦᠯ ᠢ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠠᠭᠤᠳᠠᠰᠤ ᠪᠠᠷᠢᠮᠲᠠ ᠶᠢᠨ ᠪᠥᠬᠦ ᠴᠤᠪᠤᠷᠠᠯ ᠳᠤ | ᠺᠣᠮᠫᠢᠦ᠋ᠲ᠋ᠧᠷ ᠢᠶᠠᠷ ᠠᠵᠢᠯᠯᠠᠬᠤ ᠶᠢ ᠠᠬᠢᠭᠤᠯᠵᠤ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠪᠠ ᠪᠠᠶᠢᠴᠠᠭᠠᠨ ᠰᠢᠯᠭᠠᠵᠤ ᠬᠢᠨᠠᠨ ᠬᠠᠮᠢᠶᠠᠷᠬᠤ | ᠦᠢᠯᠡᠴᠢᠯᠡᠭᠡᠨ ᠤ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠢᠯᠢ ᠬᠢᠵᠠᠭᠠᠷ ᠣᠷᠣᠨ ᠳᠤ ᠣᠨᠴᠠᠯᠢᠭᠲᠤ ᠲᠠᠸᠠᠷ ᠤᠨ ᠠᠷᠠᠯᠵᠢᠶ᠎ᠠ ᠬᠤᠳᠠᠯᠳᠤᠭᠠᠨ ᠤ | ᠲᠥᠪ ᠢ ᠪᠣᠶᠢᠵᠢᠭᠤᠯᠵᠤ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ | ᠤᠯᠤᠰ ᠤᠨ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠳᠤ ᠦᠢᠯᠡᠴᠢᠯᠡᠬᠦ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ ᠢᠳᠡᠪᠬᠢᠲᠡᠢ ᠠᠰᠢᠭᠯᠠᠨ᠂ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠡᠵᠡᠩᠨᠡᠯᠲᠡ ᠶᠢᠨ ᠰᠢᠨ᠎ᠡ ᠪᠠᠶᠢᠳᠠᠯ ᠰᠢᠨ᠎ᠡ ᠵᠠᠭᠪᠤᠷ ᠤᠨ ᠬᠥᠭᠵᠢᠯᠲᠡ ᠪᠠ ᠭᠠᠳᠠᠭᠠᠳᠤ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ︽ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭᠠᠨ ᠤ ᠬᠡᠯᠡᠯᠴᠡᠭᠡᠷ︾ ︵RCEP︶ | ᠵᠡᠷᠭᠡ ᠳᠠᠬᠢ ᠴᠢᠯᠦᠭᠡᠲᠦ ᠠᠷᠠᠯᠵᠢᠶᠠᠨ ᠤ ᠬᠠᠨᠢᠲᠠᠨ ᠳᠤ ᠬᠠᠨᠳᠤᠭᠤᠯᠤᠭᠰᠠᠨ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠶᠢ ᠵᠣᠷᠢᠭᠵᠢᠭᠤᠯᠤᠨ ᠵᠢᠯᠣᠭᠤᠳᠤᠨ᠎ᠠ᠃ | ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠠᠲᠠᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ | ᠂ ᠭᠠᠳᠠᠭᠠᠳᠤ ᠪᠡᠯᠡ ᠶᠢ ᠠᠰᠢᠭᠯᠠᠬᠤ ᠠᠷᠭ᠎ᠠ ᠵᠠᠮ ᠢᠶᠠᠨ ᠥᠷᠭᠡᠳᠬᠡᠵᠦ᠂ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠵᠡᠭᠦᠨ | ᠬᠡᠰᠡᠭ ᠤᠨ ᠳᠠᠯᠠᠶ ᠳᠠᠭᠠᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠱᠠᠲᠤᠯᠢᠭ ᠰᠢᠯᠵᠢᠯᠲᠡ ᠲᠠᠢ ᠳᠠᠭᠠᠭᠠᠨ ᠵᠠᠯᠭᠠᠭᠤᠯᠤᠨ᠎ᠠ᠃ | 12. ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ᠳᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠤᠰᠬᠠᠢ ᠪᠣᠯᠣᠩ ᠭᠠᠷᠭᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠪᠠ ᠮᠡᠳᠡᠭᠡ ᠵᠠᠩᠭᠢ ᠶᠢ ᠨᠡᠶᠢᠲᠡᠯᠡᠨ᠎ᠡ᠃ ᠵᠠᠰᠠᠭ ᠤᠨ ᠣᠷᠳᠣᠨ ᠬᠤᠳᠠᠯᠳᠤᠨ ᠠᠪᠬᠤ ᠲᠠᠯ᠎ᠠ ᠪᠠᠷ | ᠠᠶᠢᠮᠠᠭ ᠬᠤᠲᠠ ᠶᠢᠨ ᠬᠤᠭᠤᠷᠣᠨᠳᠤ ᠠᠯᠤᠰ ᠠᠴᠠ ᠣᠨᠳᠣᠣ ᠭᠠᠵᠠᠷ ᠲᠤ ᠬᠢᠨᠠᠨ ᠲᠣᠭᠲᠠᠭᠠᠬᠤ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠷᠥᠯ ᠵᠦᠢᠯ ᠤᠨ ᠬᠢᠨᠠᠨ ᠲᠣᠭᠲᠠᠭᠠᠯᠲᠠ ᠶᠢᠨ ᠲᠥᠪ ᠭᠤᠤᠯᠴᠢ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ | ᠲᠠᠪᠴᠠᠩ ᠤᠨ ᠮᠥᠩᠭᠦᠨ ᠭᠦᠢᠯᠭᠡᠭᠡᠨ ᠤ ᠮᠤᠳᠦ᠋ᠯ ᠤᠨ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠴᠢᠳᠠᠮᠵᠢ ᠶᠢ ᠨᠡᠭᠡᠭᠡᠵᠦ᠂ ᠭᠡᠷ᠎ᠡ ᠭᠦᠢᠴᠡᠳᠬᠡᠬᠦ ᠪᠠᠲᠤᠯᠠᠭ᠎ᠠ ᠪᠠᠷ ᠭᠡᠷ᠎ᠡ | ᠭᠦᠢᠴᠡᠳᠬᠡᠬᠦ ᠪᠠᠲᠤᠯᠠᠪᠤᠷᠢ ᠶᠢᠨ ᠮᠥᠩᠭᠦ ᠶᠢ ᠣᠷᠣᠯᠠᠭᠤᠯᠬᠤ ᠨᠥᠬᠦᠴᠡᠯ ᠢ ᠪᠦᠷᠢᠯᠳᠦᠭᠦᠯᠪᠡᠯ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠡᠯᠡ ᠮᠥᠩᠭᠦ ᠶᠢ ᠡᠵᠡᠯᠡᠨ | ᠬᠡᠷᠡᠭᠯᠡᠬᠦ ᠶᠢ ᠪᠠᠭᠠᠰᠬᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠳᠦᠷᠢᠮ ᠤᠨ | ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠬᠦᠷᠢᠶ᠎ᠡ ᠴᠠᠷᠠᠭᠠᠨ ᠳᠠᠬᠢ CA ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠣᠯᠠᠨ ᠨᠡᠶᠢᠲᠡ ᠶᠢᠨ | ᠡᠬᠢ ᠪᠠᠶᠠᠯᠢᠭ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠳᠤ ᠵᠡᠷᠭᠡ ᠪᠠᠷ ᠣᠷᠣᠯᠴᠠᠭᠰᠠᠨ ᠬᠠᠩᠭᠠᠯᠭ᠎ᠠ ᠶᠢᠨ ᠬᠤᠳᠠᠯᠳᠤᠭᠠᠴᠢᠨ ᠤ ᠳᠦᠷᠢᠮ ᠤᠨ | ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠷᠢᠳᠴᠢᠯᠠᠨ ᠲᠥᠯᠥᠬᠦ ᠲᠣᠬᠢᠷᠠᠭᠤᠯᠤᠯᠲᠠ ᠬᠢᠭᠰᠡᠨ ᠭᠡᠷ᠎ᠡ ᠳᠤ᠂ ᠬᠤᠳᠠᠯᠳᠤᠨ ᠠᠪᠤᠭᠴᠢ ᠶᠢᠨ ᠭᠡᠷ᠎ᠡ ᠳᠠᠬᠢ ᠤᠷᠢᠳᠴᠢᠯᠠᠨ ᠲᠥᠯᠥᠬᠦ ᠵᠣᠭᠤᠰ ᠤᠨ ᠬᠠᠷᠢᠴᠠᠯ ᠢ | 30% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ | ᠨᠡᠶᠢᠯᠡᠭᠦᠯᠵᠦ ᠬᠠᠮᠲᠤ ᠪᠠᠷ ᠬᠦᠷᠲᠡᠬᠦ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ︽ᠪᠦᠬᠦ ᠣᠷᠣᠨ ᠤ ᠨᠢᠭᠡᠳᠪᠦᠷᠢ ᠰᠦᠯᠵᠢᠶ᠎ᠡ | ︾ ᠶᠢ ᠬᠦᠴᠦᠯᠡᠨ ᠴᠣᠭᠴᠠᠯᠠᠨ᠎ᠠ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠲᠣᠬᠢᠷᠠᠭᠤᠯᠬᠤ ᠳᠤ ᠲᠣᠬᠢᠷᠠᠬᠤ ᠣᠯᠠᠨ ᠨᠡᠶᠢᠲᠡ ᠶᠢᠨ ᠡᠬᠢ ᠪᠠᠶᠠᠯᠢᠭ ᠢ | ᠨᠢᠭᠡᠳᠦᠯᠲᠡᠢ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠶᠢ ᠠᠬᠢᠭᠤᠯᠵᠤ᠂ ᠪᠥᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠳ᠋ᠠᠶᠢᠲ᠋ᠠ ᠶᠢᠨ ︽ᠨᠢᠭᠡ ᠰᠦᠯᠵᠢᠶ᠎ᠡ ᠪᠠᠷ ᠬᠠᠮᠲᠤ ᠪᠠᠷ ᠭᠥᠷᠳᠡᠬᠦ︾᠂ ᠠᠷᠠᠯᠵᠢᠶᠠᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠦᠢᠯᠡᠴᠢᠯᠡᠭᠡ ᠶᠢ ︽ | ᠨᠢᠭᠡ ᠰᠦᠯᠵᠢᠶᠡᠨ ᠳᠤ ᠨᠢᠭᠡᠳᠬᠡᠬᠦ︾᠂ ᠬᠢᠨᠠᠯᠲᠠ ᠬᠠᠮᠢᠶᠠᠷᠤᠯᠲᠠ ᠶᠢᠨ ︽ᠨᠢᠭᠡ ᠰᠦᠯᠵᠢᠶ᠎ᠡ ᠪᠠᠷ ᠬᠠᠮᠵᠢᠯᠴᠠᠬᠤ︾᠂ ᠲᠠᠪᠴᠠᠩ ᠤᠨ ︽ᠨᠢᠭᠡ ᠰᠦᠯᠵᠢᠶ᠎ᠡ ᠪᠠᠷ | ᠨᠢᠭᠡᠳᠦᠯᠲᠡᠢ ᠬᠠᠮᠢᠶᠠᠷᠬᠤ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠭᠤᠣᠯ ᠴᠣᠭᠴᠠ ᠶᠢᠨ ᠮᠡᠳᠡᠭᠡ ᠵᠠᠩᠭᠢ ᠶᠢᠨ ᠬᠥᠮᠥᠷᠭᠡ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ︽ᠨᠢᠭᠡ | ᠭᠠᠵᠠᠷ ᠲᠤ ᠳᠠᠩᠰᠠᠯᠠᠭᠤᠯᠪᠠᠯ ᠪᠥᠬᠦ ᠣᠷᠣᠨ ᠳᠤ ᠨᠡᠶᠢᠳᠡᠮ ᠬᠡᠷᠡᠭᠯᠡᠬᠦ︾ ᠶᠢ ᠲᠦᠷᠭᠡᠳᠬᠡᠨ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠴᠤᠪᠤᠷᠠᠯ ᠡᠯ᠎ᠡ ᠭᠤᠭᠴᠣᠭᠠᠨ ᠳᠤ ᠠᠷᠠᠯᠵᠢᠶᠠᠨ ᠤ ᠠᠬᠢᠴᠠ ᠪᠠ ᠴᠤᠪᠤᠷᠠᠯ ᠤᠨ | ᠳ᠋ᠢᠵᠢᠲ᠋ᠠᠯᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠥᠯᠳᠡ ᠶᠢᠨ ᠳᠥᠷᠦᠯ ᠵᠦᠢᠯ ᠤᠨ | ᠳᠠᠭᠠᠭᠠᠴᠢᠯᠠᠯᠲᠠ ᠬᠦᠯᠢᠶᠡᠬᠦ ᠪᠠᠲᠤᠯᠠᠪᠤᠷᠢ ᠶᠢᠨ ᠮᠥᠩᠭᠦ ᠶᠢ ᠬᠠᠰᠤᠵᠤ ᠬᠡᠯᠲᠦᠷᠢᠭᠦᠯᠬᠦ ᠪᠠ ᠳᠠᠭᠠᠭᠠᠴᠢᠯᠠᠯᠲᠠ ᠬᠦᠯᠢᠶᠡᠬᠦ ᠪᠠᠲᠤᠯᠠᠪᠤᠷᠢ ᠶᠢᠨ ᠮᠥᠩᠭᠦ ᠶᠢ | ᠵᠦᠷᠢᠶᠡᠴᠢᠯᠡᠭᠦᠯᠦᠨ ᠲᠤᠰᠢᠶᠠᠬᠤ ᠶᠢ ᠵᠣᠷᠢᠭᠵᠢᠭᠤᠯᠵᠤ᠂ ᠡᠯᠧᠺᠲᠷᠣᠨ ᠪᠠᠲᠤᠯᠠᠭ᠎ᠠ ᠶᠢᠨ ᠵᠠᠬᠢᠳᠠᠯ ᠬᠡᠷᠡᠭᠯᠡᠬᠦ ᠶᠢ ᠵᠣᠷᠢᠭᠵᠢᠭᠤᠯᠤᠨ᠂ ᠡᠯᠧᠺᠲᠷᠣᠨ ᠪᠠᠲᠤᠯᠠᠭ᠎ᠠ ᠶᠢᠨ | ᠵᠠᠬᠢᠳᠠᠯ ᠤᠨ ᠵᠠᠷᠤᠳᠠᠯ ᠢ ᠪᠠᠭᠤᠷᠠᠭᠤᠯᠵᠤ᠂ ᠪᠠᠲᠤᠯᠠᠭ᠎ᠠ ᠶᠢᠨ ᠵᠠᠬᠢᠳᠠᠯ ᠤᠨ ᠬᠡᠷᠡᠭᠯᠡᠯᠲᠡ ᠶᠢᠨ ᠳᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | |