ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠬᠤᠶᠠᠷ︶
ᠨᠡᠶᠢᠲᠡᠯᠡᠭᠰᠡᠨ ᠴᠠᠭ᠄
2025/1/7
      ︵ᠬᠤᠶᠠᠷ︶ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      13. ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠰᠢᠯᠢᠳᠡᠭᠵᠢᠭᠦᠯᠦᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠰᠢᠲᠠᠭᠠᠯᠭ᠎ᠠ ᠶᠢᠨ ᠬᠡᠢ᠂ ᠢᠯᠴᠢ ᠬᠠᠩᠭᠠᠬᠤ ᠵᠡᠷᠭᠡ 4 ᠲᠥᠷᠥᠯ ᠤᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ᠵᠠᠰᠠᠭ ᠤᠨ ᠣᠷᠳᠣᠨ ᠠᠵᠤ ᠠᠬᠤᠶᠢᠯᠠᠯ ᠬᠠᠮᠵᠢᠯᠴᠠᠨ ᠴᠠᠬᠢᠯᠭᠠᠨ ᠤ ᠶᠠᠪᠤᠳᠠᠯ ᠭᠦᠢᠴᠡᠳᠬᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠴᠢᠳ ᠤᠨ ︽ᠨᠢᠭᠤᠷ ᠰᠢᠷᠪᠢᠭᠦᠯᠵᠦ ᠴᠠᠬᠢᠯᠭᠠᠨ ᠤ ᠶᠠᠪᠤᠳᠠᠯ ᠭᠦᠢᠴᠡᠳᠬᠡᠬᠦ︾ ᠪᠠ ᠠᠵᠤ ᠠᠬᠤᠶᠢᠯᠠᠯ ᠤᠨ ᠬᠡᠷᠡᠭᠯᠡᠭᠴᠢᠳ ᠤᠨ ︽ᠨᠢᠭᠡ ᠦᠨᠡᠮᠯᠡᠯ ᠢᠶᠠᠷ ᠴᠠᠬᠢᠯᠭᠠᠨ ᠤ ᠶᠠᠪᠤᠳᠠᠯ ᠭᠦᠢᠴᠡᠳᠬᠡᠬᠦ︾ ᠶᠢ ᠪᠠᠶᠢᠩᠭᠤᠵᠢᠭᠤᠯᠬᠤ᠂ ᠳᠦᠷᠢᠮᠵᠢᠭᠦᠯᠬᠦ᠂ ᠵᠢᠷᠤᠮᠵᠢᠭᠤᠯᠬᠤ ᠶᠢ ᠠᠬᠢᠭᠤᠯᠤᠨ᠎ᠠ᠃ ᠤᠰᠤ ᠴᠠᠬᠢᠯᠭᠠᠨ ᠬᠡᠢ ᠢᠯᠴᠢ ᠶᠢᠨ ᠲᠣᠣᠷᠵᠢᠯ ᠵᠡᠷᠭᠡ ᠬᠤᠲᠠ ᠶᠢᠨ ᠶᠠᠪᠤᠳᠠᠯ ᠤᠨ ᠵᠠᠯᠭᠠᠨ ᠣᠷᠣᠭᠤᠯᠬᠤ ᠢᠨᠵᠧᠨᠧᠷᠢᠩ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠮᠡᠳᠡᠭᠦᠯᠵᠦ ᠤᠭᠰᠠᠷᠠᠬᠤ ᠲᠤᠬᠠᠶᠢᠯᠠᠭᠰᠠᠨ ᠠᠵᠢᠯ ᠢ ᠰᠦᠯᠵᠢᠶ᠎ᠡ ᠪᠠᠷ ᠬᠠᠮᠲᠤᠳᠬᠠᠨ ᠭᠦᠢᠴᠡᠳᠬᠡᠬᠦ ᠶᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠭᠰᠡᠨ ᠬᠤᠲᠠ ᠶᠢᠨ ᠶᠠᠪᠤᠳᠠᠯ ᠤᠨ ᠵᠠᠯᠭᠠᠨ ᠣᠷᠣᠭᠤᠯᠬᠤ ᠢᠨᠵᠧᠨᠧᠷᠢᠩ ᠳᠤ ᠮᠡᠳᠡᠭᠳᠡᠬᠦ ᠠᠮᠠᠯᠠᠬᠤ ᠳᠦᠷᠢᠮ ᠢ ᠬᠡᠷᠡᠭᠵᠢᠭᠦᠯᠦᠨ᠎ᠡ᠃ ᠬᠤᠲᠠ ᠶᠢᠨ ᠤᠰᠤ ᠴᠠᠬᠢᠯᠭᠠᠨ ᠬᠡᠢ ᠢᠯᠴᠢ ᠶᠢᠨ ᠲᠣᠣᠷᠵᠢᠯ ᠵᠡᠷᠭᠡ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠰᠠᠭᠤᠷᠢ ᠮᠡᠳᠡᠭᠡ ᠵᠠᠩᠭᠢ ᠶᠢᠨ ᠳ᠋ᠠᠶᠢᠲ᠋ᠠ ᠶᠢ ᠠᠯᠬᠤᠮ ᠠᠯᠬᠤᠮ ᠢᠶᠠᠷ ᠴᠤᠭᠯᠠᠭᠤᠯᠵᠤ᠂ ᠲᠦᠭᠰᠢᠭᠦᠷᠢ ᠶᠢ ᠬᠢᠨᠠᠨ ᠰᠢᠨᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠰᠤ ᠴᠠᠬᠢᠯᠭᠠᠨ ᠬᠡᠢ ᠢᠯᠴᠢ ᠶᠢᠨ ᠲᠣᠣᠷᠵᠢᠯ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠦᠢᠯᠡᠴᠢᠯᠡᠭᠡᠨ ᠤ ᠦᠨ᠎ᠡ ᠬᠠᠩᠰᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      14. ᠪᠡᠯᠡ ᠲᠣᠬᠢᠷᠠᠭᠤᠯᠬᠤ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠶᠢᠨ ᠪᠠᠶᠢᠭᠤᠯᠤᠮᠵᠢ ᠶᠢ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠬᠢᠬᠦ᠂ ᠳᠠᠬᠢᠨ ᠳᠠᠭᠠᠭᠠᠯᠲᠠ ᠬᠢᠬᠦ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠨᠢ ᠥᠷᠭᠡᠳᠭᠡᠯᠭᠡᠵᠦ᠂ ᠳᠠᠭᠠᠭᠠᠯᠲᠠ ᠶᠢᠨ ᠰᠦᠢᠳᠬᠡᠯ ᠲᠤᠰᠢᠶᠠᠬᠤ ᠨᠣᠷᠮ᠎ᠠ ᠶᠢ ᠪᠠᠭᠤᠷᠠᠭᠤᠯᠤᠨ᠂ ᠲᠦᠭᠰᠢᠭᠦᠷᠢ ᠶᠢᠨ ᠨᠥᠬᠦᠪᠦᠷᠢᠯᠡᠬᠦ ᠪᠠ ᠬᠤᠪᠢᠶᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠬᠡᠷᠡᠭᠯᠡᠭᠡᠨ ᠤ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︽ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ︾ ᠶᠢᠨ ᠬᠡᠪ ᠵᠠᠭᠪᠤᠷ ᠢ ᠬᠡᠷᠡᠭᠵᠢᠭᠦᠯᠵᠦ᠂ ᠳᠡᠭᠡᠳᠦ ᠱᠠᠲᠤ ᠠᠴᠠ ᠳᠣᠣᠷᠠᠳᠤ ᠱᠠᠲᠤ ᠲᠡᠶᠢᠰᠢ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠥᠩᠭᠦᠨ ᠭᠦᠢᠯᠭᠡᠭᠡᠨ ᠤ ᠳ᠋ᠠᠶᠢᠲ᠋ᠠ ᠬᠢᠭᠡᠳ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠬᠡᠪᠴᠢᠶ᠎ᠡ ᠪᠠᠨ ᠥᠷᠭᠡᠳᠬᠡᠨ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ︽ᠪᠠᠩᠬᠢ ᠭᠠᠶᠢᠯᠢ ᠶᠢᠨ ᠬᠠᠷᠢᠯᠴᠠᠨ ᠬᠥᠳᠡᠯᠦᠯᠴᠡᠬᠦ︾ ᠪᠠ ᠨᠠᠩ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠦᠯᠵᠢᠶ᠎ᠡ ᠪᠠᠷ ᠳ᠋ᠠᠶᠢᠲ᠋ᠠ ᠪᠠᠨ ᠰᠢᠭᠤᠳ ᠨᠡᠪᠲᠡᠷᠡᠭᠦᠯᠬᠦ ᠶᠢ ᠠᠬᠢᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠠᠩᠰᠠᠯᠠᠨ ᠲᠡᠮᠳᠡᠭᠯᠡᠵᠦ ᠢᠯᠡ ᠨᠡᠶᠢᠲᠡᠯᠡᠬᠦ ᠰᠢᠰᠲ᠋ᠧᠮ ᠵᠡᠷᠭᠡ ᠮᠥᠩᠭᠦᠨ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶᠡᠨ ᠤ ᠮᠥᠩᠭᠦᠨ ᠭᠦᠢᠯᠭᠡᠭᠡ ᠶᠢ ᠬᠥᠭᠵᠢᠭᠦᠯᠦᠨ᠎ᠡ᠃ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠲᠠᠯᠪᠢᠬᠤ ᠠᠵᠢᠯ ᠢ ᠬᠦᠴᠦᠲᠡᠢ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠣᠷᠢᠭᠲᠠᠢ ᠪᠠᠷ ᠵᠢᠭᠡᠯᠡᠯᠭᠡ ᠠᠪᠬᠤ ᠳᠤᠷᠠᠲᠠᠢ ᠵᠢᠭᠡᠯᠡᠯᠭᠡ ᠠᠪᠬᠤ ᠵᠢᠭᠡᠯᠡᠯᠭᠡ ᠠᠪᠴᠤ ᠳᠡᠶᠢᠯᠬᠦ ᠵᠢᠭᠡᠯᠡᠯᠭᠡ ᠠᠪᠴᠤ ᠴᠢᠳᠠᠬᠤ ᠳᠤ ᠦᠢᠯᠡᠴᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠪᠲᠡᠷᠡᠯᠴᠡᠨ ᠵᠣᠯᠭᠠᠭᠤᠯᠬᠤ ᠲᠠᠪᠴᠠᠩ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠷᠠᠳ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃      15. ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠤ ᠡᠶᠡᠳᠡᠭᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠵᠢᠴᠢ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠂ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠠᠵᠢᠯ ᠤᠨ ᠵᠢᠷᠤᠮᠵᠢᠭᠰᠠᠨ᠂ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ︽ᠨᠡᠶᠢᠭᠡᠮ ᠤᠨ ᠪᠠᠲᠤᠯᠠᠭ᠎ᠠ ᠪᠠ ᠪᠠᠩᠬᠢ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠣᠣᠷ ᠴᠡᠭ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠬᠤ᠂ ᠣᠯᠠᠨ ᠲᠦᠮᠡᠨ ᠤ ᠳᠡᠷᠭᠡᠳᠡ ᠳᠤ ᠬᠦᠷᠭᠡᠬᠦ ᠶᠢ ᠠᠬᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢᠨ ︽ᠬᠤᠷᠳᠤ ᠨᠡᠮᠡᠨ ᠭᠦᠢᠴᠡᠳᠬᠡᠬᠦ︾᠂ ︽ᠣᠶᠢᠷ᠎ᠠ ᠬᠠᠪᠢ ᠳᠤ ᠪᠠᠨ ᠭᠦᠢᠴᠡᠳᠬᠡᠬᠦ︾᠂ ︽ᠪᠣᠭᠤᠵᠢᠯᠠᠨ ᠭᠦᠢᠴᠡᠳᠬᠡᠬᠦ︾ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠯᠠᠩᠭᠦᠢ ᠶᠢᠨ ᠠᠵᠢᠯᠲᠠᠨ ᠤ ᠳᠦᠷᠢᠮ ᠢ ᠠᠬᠢᠭᠤᠯᠵᠤ᠂ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠯᠲᠠ᠂ ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠨᠡᠶᠢᠭᠡᠮ ᠤᠨ ᠳᠠᠭᠠᠳᠬᠠᠯ ᠤᠨ ᠲᠥᠷᠥᠯ ᠤᠨ ᠲᠤᠬᠠᠶᠢᠯᠠᠭᠰᠠᠨ ᠠᠵᠢᠯ ᠢ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠢᠴᠢ ᠨᠡᠩ ᠤᠯᠠᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠠᠪᠤᠨ ᠬᠦᠷᠲᠡᠬᠦ︾ ᠶᠢ ᠠᠬᠢᠭᠤᠯᠤᠨ᠎ᠠ᠃ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠬᠤ ᠲᠤᠰᠬᠠᠢ ᠠᠵᠢᠯᠯᠠᠭᠠᠨ ᠢ ᠬᠡᠷᠡᠭᠵᠢᠭᠦᠯᠵᠦ᠂ ᠪᠠᠷᠠᠭᠠᠨ ᠤ ᠲᠡᠭᠡᠭᠡᠪᠦᠷᠢ᠂ ᠰᠦᠯᠵᠢᠶ᠎ᠡ ᠪᠠᠷ ᠲᠡᠷᠭᠡ ᠪᠣᠯᠵᠣᠬᠤ᠂ ᠰᠦᠯᠵᠢᠶ᠎ᠡ ᠪᠠᠷ ᠲᠣᠬᠢᠷᠠᠭᠤᠯᠤᠨ ᠬᠦᠷᠭᠡᠬᠦ ᠶᠢ ᠪᠣᠯᠵᠣᠬᠤ ᠵᠡᠷᠭᠡ ᠠᠵᠢᠯ ᠲᠥᠷᠥᠯ ᠤᠨ ᠲᠣᠯᠣᠭᠠᠶᠢᠯᠠᠭᠴᠢ ᠲᠠᠪᠴᠠᠩ ᠤᠨ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠲᠠᠪᠴᠠᠩ ᠤᠨ ᠠᠵᠤ ᠠᠬᠤᠶᠢᠯᠠᠯ ᠤᠨ ᠬᠢᠨ ᠤ ᠠᠵᠢᠯᠴᠢᠨ ᠤ ᠡᠪᠯᠡᠯ᠂ ᠬᠥᠳᠡᠯᠮᠦᠷᠢᠴᠢᠳ ᠯᠦᠭᠡ ᠵᠥᠪᠳᠡᠯᠴᠡᠨ ᠵᠣᠬᠢᠴᠠᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠮᠢᠳᠤᠯᠢᠭ ᠢᠶᠠᠷ ᠠᠵᠢᠯ ᠣᠯᠣᠭᠰᠠᠳ ᠤᠨ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ᠂ ᠰᠦᠢᠳᠬᠡᠯ ᠲᠤᠰᠢᠶᠠᠬᠤ ᠶᠢ ᠰᠢᠯᠵᠢᠮᠡᠯ ᠦᠵᠦᠭᠦᠷ ᠲᠤ ᠬᠤᠯᠪᠤᠭᠠᠯᠠᠨ ᠭᠦᠢᠴᠡᠳᠬᠡᠬᠦ ᠶᠢ ᠠᠬᠢᠭᠤᠯᠵᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶᠤᠨᠯᠢᠭ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠴᠠᠯᠢᠩ ᠥᠷᠢᠲᠦᠭᠰᠡᠨ ᠦᠢᠯᠡ ᠠᠵᠢᠯᠯᠠᠭ᠎ᠠ ᠳᠠᠬᠢ ᠲᠡᠭᠦᠨ ᠤ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠮᠵᠢ ᠶᠢ ᠨᠢ ᠭᠦᠢᠴᠡᠳ ᠪᠠᠳᠠᠷᠠᠭᠤᠯᠤᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠢᠭᠡᠳ ᠣᠲᠣ ᠶᠢᠨ ᠪᠠᠶᠢᠭ᠎ᠠ ᠴᠢᠳᠠᠪᠤᠷᠢᠲᠠᠨ ᠢ ᠦᠯᠡᠳᠡᠭᠡᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠪᠣᠯᠬᠤ ᠠᠵᠤ ᠦᠢᠯᠡᠰ ᠤᠨ ᠴᠢᠳᠠᠪᠤᠷᠢᠲᠠᠨ ᠤ ᠵᠢᠷᠤᠭ ᠤᠨ ᠵᠢᠭᠰᠠᠯ ᠢ ᠵᠢᠷᠤᠭᠯᠠᠨ ᠲᠣᠭᠲᠠᠭᠠᠵᠤ᠂ ᠨᠢᠭᠡ ᠪᠦᠯᠦᠭ ︽ᠳᠡᠭᠡᠳᠦ ᠰᠢᠯᠢᠳᠡᠭ ᠣᠬᠢ ᠳᠤᠲᠠᠮᠠᠭ︾ ᠪᠠᠶᠢᠯᠳᠤᠬᠤ ᠪᠣᠳᠣᠯᠭ᠎ᠠ ᠶᠢᠨ ᠣᠷᠣᠶᠢᠯᠠᠭᠴᠢ ᠴᠢᠳᠠᠪᠤᠷᠢᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢ ᠬᠠᠷᠠᠯᠲᠠ ᠲᠠᠢ ᠪᠠᠷ ᠣᠷᠣᠭᠤᠯᠤᠨ ᠠᠪᠴᠢᠷᠠᠵᠤ ᠴᠤᠭᠯᠠᠭᠤᠯᠤᠨ᠎ᠠ᠃ ᠠᠵᠤ ᠦᠢᠯᠡᠰ ᠲᠤ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠲᠣᠭᠤᠷᠢᠨ ᠳᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠤᠨ ᠣᠨ ᠤ ᠮᠥᠩᠭᠦ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠰᠦᠪᠡᠭᠴᠢᠯᠡᠨ᠎ᠡ᠃      ︵ᠭᠤᠷᠪᠠ︶ ᠠᠵᠤ ᠠᠬᠤᠶᠢᠯᠠᠯ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      16. ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠲᠣᠭᠲᠠᠭᠠᠯᠲᠠ ᠶᠢ ᠠᠬᠢᠭᠤᠯᠤᠨ᠎ᠠ᠃ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠳᠤ ᠵᠠᠰᠠᠪᠤᠷᠢ ᠣᠷᠣᠭᠤᠯᠬᠤ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠠᠮᠢᠶ᠎ᠠ ᠪᠦᠬᠦᠢ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠨᠠᠷᠢᠯᠢᠭᠵᠢᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠵᠠᠰᠠᠭ ᠤᠨ ᠣᠷᠳᠣᠨ ᠰᠢᠭᠦᠬᠦ ᠬᠤᠷᠢᠶ᠎ᠠ ᠬᠤᠯᠪᠤᠭᠠᠯᠠᠨ ᠬᠥᠳᠡᠯᠦᠯᠴᠡᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠠᠬᠢᠭᠤᠯᠵᠤ᠂ ᠡᠯ᠎ᠡ ᠬᠦᠷᠢᠶᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠠᠤᠯᠢ ᠵᠠᠰᠠᠵᠢᠭᠤᠯᠤᠯᠲᠠ᠂ ᠵᠢᠷᠤᠮᠵᠢᠭᠤᠯᠤᠯᠲᠠ᠂ ᠳᠦᠷᠢᠮᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠠᠩ ᠬᠦᠴᠦᠲᠡᠢ ᠬᠠᠤᠯᠢ ᠪᠠᠷ ᠵᠠᠰᠠᠵᠢᠬᠤ ᠪᠠᠲᠤᠯᠠᠭ᠎ᠠ ᠬᠠᠩᠭᠠᠨ᠎ᠠ᠃      17. ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠢᠯᠭᠠᠨ ᠲᠣᠳᠣᠯᠠᠵᠤ ᠰᠤᠳᠤᠯᠤᠨ ᠮᠠᠭᠠᠳᠯᠠᠬᠤ᠂ ᠳ᠋ᠠᠶᠢᠲ᠋ᠠ ᠪᠠᠷ ᠵᠠᠳᠠᠯᠬᠤ᠂ ᠰᠢᠢᠳᠪᠦᠷᠢᠯᠡᠨ ᠳᠠᠭᠤᠰᠬᠠᠵᠤ ᠳ᠋ᠤᠭᠠᠷ ᠬᠠᠰᠤᠬᠤ ᠵᠡᠷᠭᠡ ᠠᠵᠢᠯ ᠢ ᠰᠠᠶᠢᠲᠤᠷ ᠬᠢᠨ᠎ᠡ᠃ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠵᠤ᠂ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭᠠᠨ ᠢ ᠥᠷᠨᠢᠭᠦᠯᠦᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠢᠲᠡᠭᠡᠮᠵᠢ ᠠᠯᠳᠠᠭᠰᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠪᠣᠳᠠᠲᠠᠢ ᠠᠷᠭ᠎ᠠ ᠶᠢ ᠲᠣᠭᠲᠠᠭᠠᠨ᠎ᠠ᠃ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠳᠠᠯ ᠳᠤ ᠦᠨᠡᠯᠡᠯᠲᠡ ᠬᠢᠬᠦ ᠠᠵᠢᠯ ᠢ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢᠶᠠᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠨᠡᠶᠢᠭᠡᠮ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠦᠷᠢᠶ᠎ᠡ ᠴᠠᠷᠠᠭ᠎ᠠ ᠪᠠ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠤ ᠬᠡᠷᠡᠭᠯᠡᠬᠦ ᠶᠢ ᠠᠬᠢᠭᠤᠯᠤᠨ᠎ᠠ᠃ ᠭᠤᠣᠯᠳᠠᠯᠭ᠎ᠠ ᠪᠣᠯᠬᠤ ᠬᠥᠮᠥᠰ ᠤᠨ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠢᠲᠡᠭᠡᠮᠵᠢ ᠠᠯᠳᠠᠭᠰᠠᠨ ᠭᠤᠣᠯ ᠴᠣᠭᠴᠠ᠂ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠨ᠎ᠠ᠃ ᠰᠤᠷᠭᠠᠨ ᠬᠥᠮᠦᠵᠢᠯ ᠪᠠ ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠤᠯ᠂ ᠠᠷᠠᠳ ᠤᠨ ᠶᠠᠪᠤᠳᠠᠯ᠂ ᠬᠥᠳᠡᠯᠮᠦᠷᠢ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ᠂ ᠰᠣᠶᠣᠯ ᠪᠠ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠮᠢ ᠠᠬᠤᠢ ᠣᠷᠴᠢᠨ ᠲᠣᠭᠤᠷᠢᠨ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠢᠲᠡᠭᠡᠮᠵᠢ ᠠᠯᠳᠠᠭᠰᠠᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠡᠷᠬᠡ ᠶᠢᠨ ᠬᠢᠵᠠᠭᠠᠷ ᠠᠴᠠ ᠳᠠᠪᠠᠭᠤᠯᠬᠤ᠂ ᠬᠡᠪᠴᠢᠶ᠎ᠡ ᠠᠴᠠ ᠳᠠᠪᠠᠭᠤᠯᠬᠤ ᠲᠤᠭ᠎ᠠ ᠬᠡᠮᠵᠢᠶ᠎ᠡ ᠠᠴᠠ ᠳᠠᠪᠠᠭᠤᠯᠬᠤ ᠵᠢᠴᠢ ᠬᠤᠭᠤᠴᠠᠭ᠎ᠠ ᠬᠢᠵᠠᠭᠠᠷ ᠠᠴᠠ ᠬᠡᠲᠦᠷᠡᠭᠦᠯᠦᠨ  ᠪᠠᠶᠢᠴᠠᠭᠠᠨ ᠪᠢᠲᠡᠭᠦᠮᠵᠢᠯᠡᠭᠰᠡᠨ᠂ ᠦᠯᠡᠳᠡᠭᠡᠨ ᠠᠪᠤᠭᠰᠠᠨ᠂ ᠴᠡᠪᠳᠡᠭᠯᠡᠭᠰᠡᠨ ᠠᠰᠠᠭᠤᠳᠠᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠦᠨ᠎ᠡ᠃ ᠬᠤᠳᠠᠯ ᠬᠠᠭᠤᠷᠮᠠᠭ ᠵᠠᠷᠭᠤ ᠶᠢ ᠬᠤᠯᠪᠤᠭᠠᠯᠠᠨ ᠰᠡᠷᠭᠡᠶᠢᠯᠡᠵᠦ ᠵᠠᠯᠬᠠᠭᠠᠨ ᠰᠢᠢᠳᠬᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠵᠠᠷᠭᠤ ᠳᠠᠬᠢ ᠬᠢᠨᠠᠯᠲᠠ ᠲᠠᠯᠪᠢᠯᠲᠠ ᠶᠢ ᠭᠦᠨᠵᠡᠭᠡᠶᠢᠷᠡᠭᠦᠯᠬᠦ ᠲᠤᠰᠬᠠᠢ ᠵᠦᠢᠯ ᠤᠨ ᠠᠵᠢᠯᠯᠠᠭ᠎ᠠ ᠶᠢ ᠥᠷᠨᠢᠭᠦᠯᠦᠨ᠎ᠡ᠃      18. ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠬᠠᠤᠯᠢ ᠶᠢᠨ ᠡᠷᠬᠡᠲᠡᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠦᠨᠳᠦᠰᠦᠯᠡᠨ᠂ ᠭᠤᠣᠯᠳᠠᠯᠭ᠎ᠠ ᠪᠣᠯᠬᠤ ᠠᠵᠢᠯ ᠲᠥᠷᠥᠯ ᠤᠨ ᠬᠦᠷᠢᠶᠡᠨ ᠳᠤ ᠢᠲᠡᠭᠡᠮᠵᠢ ᠶᠢᠨ ᠦᠨᠡᠯᠡᠯᠲᠡ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠰᠢᠨ᠎ᠡ ᠬᠡᠯᠪᠡᠷᠢ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠢᠲᠡᠭᠡᠮᠵᠢ ᠬᠢᠭᠡᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠤᠯᠪᠤᠭᠠᠯᠠᠨ ᠬᠥᠳᠡᠯᠦᠯᠴᠡᠬᠦ ᠠᠵᠢᠯ ᠢ ᠴᠢᠩᠭᠠᠷᠠᠭᠤᠯᠵᠤ᠂ ᠢᠲᠡᠭᠡᠮᠵᠢ ᠰᠠᠶᠢᠲᠠᠢ ᠠᠵᠤ ᠠᠬᠤᠶᠢᠯᠠᠯ ᠳᠤ ᠵᠠᠷᠴᠢᠮ ᠳᠡᠭᠡᠷ᠎ᠡ ᠪᠠᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠬᠤ ᠠᠵᠢᠯ ᠥᠷᠨᠢᠭᠦᠯᠬᠦ ᠦᠭᠡᠢ ᠪᠠᠶᠢᠵᠤ᠂ ᠢᠯᠡᠴᠢᠯᠡᠨ ᠮᠡᠳᠡᠭᠦᠯᠵᠦ ᠵᠠᠭᠠᠯᠳᠤᠬᠤ᠂ ᠰᠢᠯᠵᠢᠭᠦᠯᠦᠨ ︵ᠲᠤᠰᠢᠶᠠᠨ︶ ᠭᠦᠢᠴᠡᠳᠬᠡᠯᠭᠡᠬᠦ ᠵᠡᠷᠭᠡ ᠰᠦᠪᠡᠭᠴᠢ ᠶᠢ ᠦᠨᠳᠦᠰᠦᠯᠡᠨ ︽ᠬᠡᠷᠡᠭ ᠶᠠᠪᠤᠳᠠᠯ ᠤᠨ ᠡᠭᠦᠰᠬᠡᠯᠲᠡ ᠶᠢᠨ ᠮᠠᠶ᠋ᠢᠭ︾ ᠤᠨ ᠪᠠᠶᠢᠴᠠᠭᠠᠯᠲᠠ ᠬᠢᠨ᠎ᠡ︔ ᠢᠲᠡᠭᠡᠮᠵᠢ ᠶᠢᠨ ᠲᠦᠭᠰᠢᠭᠦᠷᠢ ᠨᠢ ᠡᠩ ᠤᠨ ᠪᠠᠶᠢᠭ᠎ᠠ ᠠᠵᠤ ᠠᠬᠤᠶᠢᠯᠠᠯ ᠢ ᠵᠤᠷᠰᠢᠯᠲᠤ ᠬᠠᠷᠢᠴᠠᠯ ᠪᠠ ᠳᠠᠪᠲᠠᠮᠵᠢ ᠪᠠᠷ ᠨᠢ ᠰᠤᠭᠤᠴᠢᠨ ᠪᠠᠶᠢᠴᠠᠭᠠᠨ᠎ᠠ︔ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ᠂ ᠬᠠᠷᠢᠴᠠᠩᠭᠤᠢ ᠪᠠᠷ ᠲᠦᠭᠰᠢᠭᠦᠷᠢ ᠶᠡᠬᠡᠲᠡᠢ ᠠᠵᠤ ᠠᠬᠤᠶᠢᠯᠠᠯ ᠢ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠪᠠᠨ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠢᠲᠡᠭᠡᠮᠵᠢ ᠶᠢᠨ ᠱᠠᠩᠨᠠᠨ ᠲᠣᠷᠭᠠᠬᠤ ᠲᠣᠭᠲᠠᠴᠠ ᠶᠢ ᠪᠠᠶᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠭᠰᠠᠨ ᠡᠲᠡᠭᠡᠳ ᠤᠨ ᠭᠠᠷᠴᠠᠭ ︵2.0 ᠬᠡᠪᠯᠡᠯ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶᠡᠨ ᠤ ᠲᠣᠳᠣᠷᠬᠠᠢ ᠬᠠᠭᠤᠳᠠᠰᠤ ︵2.0 ᠬᠡᠪᠯᠡᠯ︶︾ ᠶᠢ ᠨᠠᠶᠢᠷᠠᠭᠤᠯᠤᠨ ᠵᠣᠬᠢᠶᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶᠡᠨ ᠤ ᠦᠨᠳᠦᠰᠦᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠷᠥᠯ ᠬᠤᠪᠢᠶᠠᠨ ᠰᠡᠷᠭᠦᠭᠡᠬᠦ ᠳᠦᠷᠢᠮ ᠢ ᠲᠡᠭᠦᠯᠳᠡᠷᠵᠢᠭᠦᠯᠦᠨ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ ᠪᠠ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠰᠦᠯᠵᠢᠶᠡᠨ ᠥᠷᠳᠡᠭᠡ ᠶᠢᠨ ᠢᠲᠡᠭᠡᠮᠵᠢ ᠰᠡᠷᠭᠦᠭᠡᠭᠰᠡᠨ ᠦᠷ᠎ᠡ ᠳ᠋ᠦᠩ ᠢ ᠬᠠᠮᠲᠤ ᠪᠠᠷ ᠬᠦᠷᠲᠡᠬᠦ ᠪᠠ ᠬᠠᠷᠢᠯᠴᠠᠨ ᠮᠡᠳᠡᠷᠡᠬᠦ ᠲᠣᠭᠲᠠᠴᠠ ᠶᠢ ᠰᠢᠯᠢᠳᠡᠭᠵᠢᠭᠦᠯᠵᠦ᠂ ᠢᠲᠡᠭᠡᠮᠵᠢ ᠠᠯᠳᠠᠭᠰᠠᠳ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠬᠠᠤᠯᠢ ᠲᠣᠭᠲᠠᠭᠠᠯ ᠶᠣᠰᠣᠭᠠᠷ ᠲᠠᠶᠢᠯᠤᠨ᠎ᠠ᠃      19. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠢ ᠬᠡᠷᠡᠭᠯᠡᠨ ᠲᠤᠬᠠᠢ ᠶᠢᠨ ᠲᠠᠯᠠᠪᠤᠷ ᠤᠨ ᠪᠤᠰᠤ ᠪᠠᠶᠢᠴᠠᠭᠠᠯᠲᠠ ᠳᠤ ᠬᠦᠴᠦᠨ ᠴᠢᠳᠠᠮᠵᠢ ᠨᠡᠮᠡᠷᠢᠯᠡᠵᠦ᠂ ︽ᠠᠯᠤᠰ ᠠᠴᠠ ᠬᠠᠮᠢᠶᠠᠷᠬᠤ︾᠂ ︽ᠡᠷᠲᠡᠬᠡᠨ ᠬᠠᠮᠢᠶᠠᠷᠬᠤ︾ ᠶᠢ ᠪᠡᠶᠡᠯᠡᠭᠦᠯᠵᠦ᠂ ᠲᠤᠬᠠᠢ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠵᠢᠱᠢᠭᠰᠡᠨ ᠬᠢᠨᠠᠨ ᠬᠠᠮᠢᠶᠠᠷᠬᠤ ᠬᠠᠷᠠᠯᠲᠠ ᠪᠠ ᠦᠷ᠎ᠡ ᠪᠦᠲᠦᠮᠵᠢ ᠪᠠᠨ ᠪᠡᠶᠡᠯᠡᠭᠦᠯᠵᠦ ᠴᠢᠳᠠᠭᠰᠠᠨ ᠪᠠᠶᠢᠪᠠᠯ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠥᠷᠨᠢᠭᠦᠯᠬᠦ ᠳᠠᠪᠲᠠᠮᠵᠢ ᠪᠠ ᠤᠳᠠᠭ᠎ᠠ ᠶᠢ ᠪᠠᠭᠠᠰᠬᠠᠨ᠎ᠠ᠃ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠵᠣᠯᠭᠠᠯᠴᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠶᠢ ᠴᠤᠭᠯᠠᠭᠤᠯᠤᠨ ᠬᠠᠮᠲᠤ ᠪᠠᠷ ᠬᠦᠷᠲᠡᠵᠦ ᠬᠡᠷᠡᠭᠯᠡᠬᠦ ᠶᠢ ᠠᠬᠢᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠳᠤ ᠠᠵᠢᠯ ᠶᠠᠪᠤᠳᠠᠯ ᠤᠨ ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠠᠭᠤᠴᠢ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢ ᠠᠬᠢᠭᠤᠯᠵᠤ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠵᠠᠭᠤᠴᠢ ᠦᠢᠯᠡᠴᠢᠯᠡᠭᠡᠨ ᠤ ᠭᠦᠢᠴᠡᠳᠬᠡᠬᠦ ᠨᠥᠬᠦᠴᠡᠯ᠂ ᠴᠤᠪᠤᠷᠠᠯ᠂ ᠬᠤᠭᠤᠴᠠᠭ᠎ᠠ ᠬᠢᠵᠠᠭᠠᠷ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠨᠡᠶᠢᠭᠡᠮ ᠳᠤ ᠢᠯᠡ ᠪᠣᠯᠭᠠᠨ᠂ ᠵᠠᠭᠤᠴᠢ ᠪᠠᠶᠢᠭᠤᠯᠤᠮᠵᠢ ᠶᠢᠨ ᠦᠨᠡᠨᠴᠢ ᠢᠲᠡᠭᠡᠮᠵᠢ ᠶᠢᠨ ᠪᠠᠶᠢᠳᠠᠯ ᠢ ᠣᠨ ᠤ ᠪᠠᠶᠢᠴᠠᠭᠠᠯᠲᠠ ᠬᠢᠨᠠᠨ ᠪᠣᠳᠣᠯᠲᠠ᠂ ᠪᠠᠩᠬᠢ ᠶᠢᠨ ᠢᠲᠡᠭᠡᠮᠵᠢ ᠣᠯᠭᠤᠬᠤ᠂ ᠵᠠᠰᠠᠭ ᠤᠨ ᠣᠷᠳᠣᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠯᠦᠭᠡ ᠬᠤᠯᠪᠣᠭᠳᠠᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷ᠎ᠡ ᠵᠢᠭᠠᠭᠰᠠᠨ ᠵᠠᠭᠤᠴᠢ ᠪᠠᠶᠢᠭᠤᠯᠤᠮᠵᠢ ᠶᠢᠨ ᠭᠠᠭᠴᠠᠭᠠᠷ ᠡᠵᠡᠮᠰᠢᠬᠦ ᠦᠢᠯᠡᠴᠢᠯᠡᠭᠡ᠂ ᠵᠠᠭᠤᠴᠢ ᠪᠠᠶᠢᠭᠤᠯᠤᠮᠵᠢ ᠶᠢᠨ ᠠᠯᠪᠠᠳᠠᠯᠭ᠎ᠠ ᠶᠢᠨ ᠦᠢᠯᠡᠴᠢᠯᠡᠭᠡ ᠵᠡᠷᠭᠡ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠥᠷᠨᠢᠭᠦᠯᠦᠨ᠎ᠡ᠃      20. ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠢᠳᠡᠪᠬᠢᠲᠡᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠵᠦᠢᠯ᠂ ᠡᠮ ᠤᠨ ᠵᠦᠢᠯ ᠂ ᠪᠠᠶᠢᠭᠠᠯᠢ ᠶᠢᠨ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠵᠡᠷᠭᠡ ᠬᠦᠷᠢᠶ᠎ᠡ ᠴᠠᠷᠠᠭ᠎ᠠ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠥᠷᠨᠢᠭᠦᠯᠬᠦ ᠶᠢ ᠠᠬᠢᠭᠤᠯᠵᠤ᠂︽ᠨᠢᠭᠡ ᠯᠡ ᠤᠳᠠᠭ᠎ᠠ ᠬᠦᠷᠴᠦ᠂ ᠣᠯᠠᠨ ᠵᠦᠢᠯ ᠤᠨ ᠬᠡᠷᠡᠭ ᠢ ᠪᠠᠶᠢᠴᠠᠭᠠᠬᠤ︾ ᠶᠢ ᠠᠬᠢᠭᠤᠯᠤᠨ᠂ ᠦᠷ᠎ᠡ ᠳ᠋ᠦᠩ ᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ ᠬᠠᠷᠢᠯᠴᠠᠨ ᠮᠡᠳᠡᠷᠡᠬᠦ ᠪᠠ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠢ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ︽ᠨᠢᠭᠡ ᠲᠣᠳᠣᠷᠬᠠᠢ ᠬᠠᠭᠤᠳᠠᠰᠤ︾᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ︽ᠨᠢᠭᠡᠳᠪᠦᠷᠢ ᠰᠦᠯᠵᠢᠶ᠎ᠡ︾᠂ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠶᠢᠨ ︽ᠨᠢᠭᠡᠳᠪᠦᠷᠢ ᠵᠢᠷᠤᠭ︾ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ︽ᠲᠦᠭᠰᠢᠭᠦᠷᠢ + ᠢᠲᠡᠭᠡᠮᠵᠢ︾ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ︽ᠨᠢᠭᠡ ᠠᠵᠢᠯ ᠲᠥᠷᠥᠯ ᠳᠤ ᠨᠢᠭᠡ ᠲᠣᠪᠬᠢᠮᠠᠯ︾ ᠤᠨ ᠮᠡᠳᠡᠭᠳᠡᠬᠦ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠨᠢᠭᠡ ᠲᠥᠷᠥᠯ ᠤᠨ ᠵᠦᠢᠯᠡᠰ ᠲᠤ ᠨᠢᠭᠡ ᠲᠣᠪᠬᠢᠮᠠᠯ ᠤᠨ ᠲᠣᠭᠲᠠᠭᠠᠯ ᠳᠤ ᠨᠡᠶᠢᠴᠡᠬᠦ ᠡᠵᠡᠩᠨᠡᠯᠲᠡ ᠶᠢᠨ ᠵᠦᠭᠯᠡᠭᠦᠷ ᠲᠣᠭᠲᠠᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠱᠠᠭᠠᠷᠳᠠᠯᠭ᠎ᠠ ᠶᠢ ᠨᠢᠭᠡ ᠯᠡ ᠤᠳᠠᠭ᠎ᠠ ᠳᠤ ᠮᠡᠳᠡᠭᠳᠡᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠨᠢᠭᠡᠳᠦᠯᠲᠡᠢ ᠰᠢᠰᠲ᠋ᠧᠮ ᠢ ᠪᠥᠬᠦ ᠲᠠᠯ᠎ᠠ ᠪᠠᠷ ᠪᠠᠶᠢᠷᠢᠯᠠᠭᠤᠯᠤᠨ ᠬᠡᠷᠡᠭᠯᠡᠵᠦ᠂ ︽ᠨᠢᠭᠡ ᠬᠡᠷᠡᠭ ᠲᠤ ᠨᠢᠭᠡ ᠨᠣᠮᠧᠷ︾ ᠢ ᠬᠡᠷᠡᠭᠵᠢᠭᠦᠯᠦᠨ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠠ ᠴᠤᠪᠤᠷᠠᠯ ᠢ ᠵᠢᠷᠤᠮᠵᠢᠭᠤᠯᠤᠨ᠎ᠠ᠃      21. ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠎ᠠ᠃ ᠣᠰᠣᠯ ᠪᠠ ᠰᠢᠢᠳᠬᠡᠯ ᠢ ᠲᠡᠩᠴᠡᠭᠦᠦ ᠪᠠᠶᠢᠯᠭᠠᠬᠤ᠂ ᠠᠭᠤᠴᠢᠯᠠᠨ ᠰᠢᠢᠳᠬᠡᠬᠦ ᠪᠠ ᠴᠢᠩᠭ᠎ᠠ ᠪᠠᠷ ᠰᠢᠢᠳᠬᠡᠬᠦ ᠶᠢ ᠬᠤᠣᠰᠯᠠᠭᠤᠯᠬᠤ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠬᠡᠮᠵᠢᠨ ᠲᠠᠰᠤᠯᠬᠤ ᠡᠷᠬᠡ ᠶᠢ ᠵᠢᠷᠤᠮᠵᠢᠭᠤᠨ ᠬᠡᠷᠡᠭᠵᠢᠭᠦᠯᠵᠦ᠂ ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ᠂ ᠠᠳᠠᠯᠢ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠬᠤ᠂ ᠳᠡᠩᠳᠡᠭᠦᠦ ᠬᠦᠨᠳᠦ ᠰᠢᠢᠳᠬᠡᠨ ᠲᠣᠷᠭᠠᠬᠤ ᠵᠡᠷᠭᠡ ᠠᠰᠠᠭᠤᠳᠠᠯ ᠡᠭᠦᠰᠬᠦ ᠠᠴᠠ ᠰᠡᠷᠭᠡᠶᠢᠯᠡᠨ᠎ᠡ᠃ ᠬᠠᠤᠯᠢ ᠠᠴᠠ ᠬᠥᠩᠭᠡᠪᠲᠦᠷ ᠵᠥᠷᠢᠴᠡᠭᠰᠡᠨ ᠦᠢᠯᠡ ᠠᠵᠢᠯᠯᠠᠭ᠎ᠠ ᠶᠢ ᠶᠠᠯ᠎ᠠ ᠠᠴᠠ ᠬᠡᠯᠲᠦᠷᠢᠭᠦᠯᠬᠦ ᠪᠠ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠳ ᠢ ᠪᠣᠯᠭᠤᠮᠵᠢᠲᠠᠢ ᠲᠣᠷᠭᠠᠬᠤ ᠳᠦᠷᠢᠮ ᠢ ᠲᠡᠭᠦᠯᠳᠡᠷᠵᠢᠭᠦᠯᠦᠨ᠂ ︽ᠬᠥᠩᠭᠡᠪᠲᠦᠷ ᠲᠣᠷᠭᠠᠬᠤ︾᠂ ︽ᠲᠣᠷᠭᠠᠬᠤ ᠠᠴᠠ ᠬᠡᠯᠲᠦᠷᠢᠭᠦᠯᠬᠦ︾᠂ ︽ᠥᠯᠥ ᠲᠣᠷᠭᠠᠬᠤ︾ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠨᠠᠩ ᠣᠯᠠᠨ ᠡᠵᠡᠩᠨᠡᠯᠲᠡ ᠶᠢᠨ ᠭᠤᠣᠯ ᠴᠣᠭᠴᠠ ᠳᠤ ᠠᠰᠢᠭ ᠬᠦᠷᠲᠡᠭᠡᠨ᠎ᠡ᠃ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠬᠡᠪ ᠵᠠᠭᠪᠤᠷ ᠢ ᠳᠡᠯᠭᠡᠷᠡᠭᠦᠯᠵᠦ᠂ ᠠᠩᠬ᠎ᠠ ᠤᠳᠠᠭ᠎ᠠ ᠬᠠᠤᠯᠢ ᠠᠴᠠ ᠵᠥᠷᠢᠴᠡᠪᠡᠯ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ᠂ ᠬᠠᠤᠯᠢ ᠠᠴᠠ ᠬᠥᠩᠭᠡᠪᠲᠦᠷ ᠵᠥᠷᠢᠴᠡᠭᠰᠡᠨ ᠳᠤ ᠮᠡᠳᠡᠭᠳᠡᠬᠦ ᠠᠮᠠᠯᠠᠬᠤ ᠳᠦᠷᠢᠮ᠂ ᠨᠡᠶᠢᠭᠡᠮ ᠤᠨ ᠦᠢᠯᠡᠴᠢᠯᠡᠭᠡ ᠪᠠᠷ ᠲᠣᠷᠭᠠᠭᠤᠯᠢ ᠵᠣᠭᠤᠰ ᠢ ᠰᠠᠭᠤᠯᠭᠠᠨ ᠪᠣᠳᠣᠬᠤ ᠵᠡᠷᠭᠡ ᠤᠶᠠᠨ ᠬᠠᠲᠠᠨ ᠴᠢᠨᠠᠷᠲᠠᠢ ᠬᠠᠤᠯᠢ ᠬᠡᠷᠡᠭᠵᠢᠭᠦᠯᠦᠯᠲᠡ ᠶᠢ ᠳᠡᠯᠭᠡᠷᠡᠭᠦᠯᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠲᠤᠰᠬᠠᠶᠢᠵᠢᠭᠰᠠᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠭᠤᠣᠯᠳᠠᠯᠭ᠎ᠠ ᠪᠣᠯᠬᠤ ᠬᠦᠷᠢᠶᠡᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠢᠶᠠᠯ ᠢᠶᠠᠨ ᠭᠦᠢᠴᠡᠳᠬᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠦᠭᠡᠢ ᠳᠦᠷᠢᠮ ᠢ ᠲᠤᠷᠰᠢᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠵᠣᠭᠤᠰ ᠢᠶᠠᠷ ᠲᠣᠷᠭᠠᠬᠤ ᠪᠠᠶᠢᠷᠢᠯᠠᠭᠤᠯᠤᠯᠲᠠ ᠲᠣᠭᠲᠠᠭᠠᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠵᠣᠭᠤᠰ ᠢᠶᠠᠷ ᠲᠣᠷᠭᠠᠬᠤ ᠶᠢ ᠪᠠᠶᠢᠷᠢᠯᠠᠭᠤᠯᠤᠨ ᠲᠣᠭᠲᠠᠭᠠᠬᠤ ᠶᠢ ᠴᠢᠩᠭ᠎ᠠ ᠴᠠᠭᠠᠵᠠᠯᠠᠵᠤ᠂ ᠵᠣᠭᠤᠰ ᠲᠣᠷᠭᠠᠬᠤ ᠪᠠᠷ ᠣᠷᠣᠯᠭ᠎ᠠ ᠨᠡᠮᠡᠭᠳᠡᠭᠦᠯᠬᠦ᠂ ᠵᠣᠭᠤᠰ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠠᠰᠢᠭ ᠬᠥᠭᠡᠭᠡᠴᠡᠯᠳᠦᠨ ᠬᠠᠤᠯᠢ ᠬᠡᠷᠡᠭᠵᠢᠭᠦᠯᠬᠦ ᠵᠡᠷᠭᠡ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠨ᠎ᠠ᠃      22. ᠬᠤᠳᠠᠯᠳᠤᠭᠠᠨ ᠤ ᠵᠠᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠡᠷᠡᠭ ᠤᠨ ᠲᠦᠪᠡᠭ ᠳᠥᠭᠦᠮ ᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠦᠬᠦ ᠬᠤᠷᠢᠶ᠎ᠠ ᠶᠢ ᠳᠡᠮᠵᠢᠵᠦ ᠪᠠᠶᠢᠭᠠᠳ ᠪᠠᠭ᠎ᠠ ᠲᠣᠭᠠᠨ ᠤ ᠵᠠᠷᠭᠤ ᠶᠢᠨ ᠵᠢᠷᠤᠮ ᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠶᠢ ᠬᠠᠤᠯᠢ ᠶᠣᠰᠣᠭᠠᠷ ᠥᠷᠭᠡᠳᠬᠡᠨ᠂ ᠬᠡᠷᠡᠭ ᠵᠠᠷᠭᠤ ᠳᠤ ᠲᠣᠬᠢᠷᠠᠬᠤ ᠬᠠᠷᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠳ᠋ᠢᠵᠢᠲ᠋ᠠᠯ ᠰᠢᠭᠦᠬᠦ ᠬᠤᠷᠢᠶᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠭᠦᠬᠦ ᠬᠤᠷᠢᠶᠠᠨ ᠤ ᠵᠠᠷᠭᠤ ᠶᠢᠨ ᠭᠤᠣᠯ ᠴᠣᠭᠴᠠ᠂ ᠵᠠᠷᠭᠤ ᠶᠢᠨ ᠲᠦᠷᠦᠯ ᠬᠡᠯᠪᠡᠷᠢ᠂ ᠵᠠᠷᠭᠤ ᠶᠢᠨ ᠴᠤᠪᠤᠷᠠᠯ ᠢ ︽ᠰᠦᠯᠵᠢᠶ᠎ᠡ ᠪᠠᠷ ᠭᠦᠢᠴᠡᠳᠬᠡᠬᠦ︾ ᠪᠠᠷ ᠪᠦᠷᠢᠨ ᠪᠦᠷᠬᠦᠭᠦᠯᠬᠦ ᠶᠢ ᠠᠬᠢᠭᠤᠯᠬᠤ ᠶᠢ ᠨᠢ ᠳᠡᠮᠵᠢᠵᠦ᠂ ︽ᠡᠭᠦᠯᠡᠨ ᠰᠢᠭᠦᠬᠦ ᠲᠢᠩᠬᠢᠮ︾ ᠤᠨ ᠴᠢᠳᠠᠮᠵᠢ ᠶᠢ ᠥᠷᠭᠡᠳᠬᠡᠵᠦ᠂ ᠵᠠᠷᠭᠤ ᠶᠢᠨ ᠵᠠᠷᠤᠳᠠᠯ ᠤᠨ ᠡᠯᠧᠺᠲᠷᠣᠨ ᠲᠤᠰᠬᠠᠢ ᠪᠠᠷᠢᠮᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠰᠦᠯᠵᠢᠶ᠎ᠡ ᠪᠠᠷ ᠭᠤᠶᠤᠴᠢᠯᠠᠬᠤ᠂ ᠴᠠᠭ ᠲᠤᠬᠠᠢ ᠳᠤ ᠨᠢ ᠵᠠᠷᠤᠳᠠᠯ ᠪᠤᠴᠠᠭᠠᠬᠤ ᠶᠢ ᠪᠡᠶᠡᠯᠡᠭᠦᠯᠦᠨ᠂ ᠰᠦᠯᠵᠢᠶ᠎ᠡ ᠪᠠᠷ ᠵᠠᠷᠭᠤ ᠶᠢᠨ ᠵᠠᠷᠤᠳᠠᠯ ᠲᠤᠰᠢᠶᠠᠬᠤ ᠮᠡᠳᠡᠭᠳᠡᠯ ᠤᠨ ᠪᠢᠴᠢᠭ ᠪᠣᠢ ᠪᠣᠯᠭᠠᠬᠤ ᠪᠠ ᠡᠯᠧᠺᠲᠷᠣᠨ ᠪᠠᠷᠢᠮᠲᠠ ᠬᠠᠩᠭᠠᠨ᠎ᠠ᠃ ᠰᠢᠭᠦᠬᠦ ᠬᠤᠷᠢᠶᠠᠨ ᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠬᠡᠷᠡᠭ ᠪᠣᠯᠭᠠᠨ ᠳᠠᠩᠰᠠᠯᠠᠬᠤ ᠰᠢᠭᠦᠨ ᠲᠠᠰᠤᠯᠬᠤ ᠭᠦᠢᠴᠡᠳᠬᠡᠬᠦ ᠴᠤᠪᠤᠷᠠᠯ ᠳᠤ ᠳ᠋ᠠᠶᠢᠲ᠋ᠠ ᠶᠢ ᠬᠠᠮᠲᠤ ᠪᠠᠷ ᠬᠦᠷᠲᠡᠬᠦ ᠶᠢ ᠦᠷᠭᠦᠯᠵᠢᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠳᠤ ᠲᠦᠰᠢᠭᠯᠡᠨ ᠬᠡᠷᠡᠭ ᠪᠣᠯᠭᠠᠨ ᠳᠠᠩᠰᠠᠯᠠᠬᠤ ᠰᠢᠭᠦᠨ ᠲᠠᠰᠤᠯᠬᠤ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      23. ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠠᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠵᠠᠷᠭᠤ ᠬᠢᠬᠦ ᠵᠡᠷᠭᠡ ᠶᠢᠨ ᠣᠷᠭᠠᠨᠢᠭ ᠢᠶᠠᠷ ᠵᠣᠯᠭᠠᠭᠤᠯᠤᠨ ᠵᠣᠬᠢᠴᠠᠭᠤᠯᠤᠭᠰᠠᠨ ᠣᠯᠠᠨ ᠡᠰᠢᠲᠦ ᠵᠠᠭᠤᠷᠠᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ᠂ ᠬᠤᠳᠠᠯᠳᠤᠭᠠᠨ ᠤ ᠬᠡᠷᠡᠭ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠡᠶᠡᠳᠡᠭᠦᠯᠬᠦ ᠠᠷᠭ᠎ᠠ ᠪᠠᠷᠢᠯ ᠢ ᠬᠡᠷᠡᠭᠯᠡᠨ ᠬᠤᠳᠠᠯᠳᠤᠭᠠᠨ ᠤ ᠵᠠᠭᠤᠷᠠᠯᠳᠤᠭᠠᠨ ᠢ ᠰᠢᠢᠳᠪᠦᠷᠢᠯᠡᠬᠦ ᠶᠢ ᠴᠢᠬᠤᠯᠠᠴᠢᠯᠠᠨ᠎ᠠ᠃ ᠨᠢᠭᠡ ᠪᠦᠯᠦᠭ ᠲᠤᠰᠬᠠᠶᠢᠵᠢᠭᠰᠠᠨ᠂ ᠡᠷᠴᠢᠮᠵᠢᠭᠰᠡᠨ᠂ ᠵᠠᠬ᠎ᠠ ᠳᠡᠯᠭᠡᠭᠦᠷᠴᠢᠯᠡᠭᠰᠡᠨ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠪᠠᠶᠢᠭᠤᠯᠤᠮᠵᠢ ᠶᠢ ᠪᠠᠶᠢᠭᠤᠯᠤᠨ᠎ᠠ᠃ ᠵᠠᠷᠭᠤ ᠠᠴᠠ ᠡᠮᠦᠨᠡᠬᠢ ᠡᠶᠡᠳᠡᠭᠦᠯᠭᠡ ᠶᠢ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠰᠠᠨᠠᠭᠠᠴᠢᠯᠠᠭ᠎ᠠ ᠠᠴᠠ ᠪᠠᠨ ᠭᠦᠢᠴᠡᠳᠬᠡᠵᠦ ᠳᠠᠭᠤᠰᠤᠭᠰᠠᠨ ᠬᠡᠷᠡᠭ ᠲᠤ ᠲᠤᠬᠠᠢ ᠶᠢᠨ ᠬᠥᠮᠥᠨ ᠤ ᠭᠤᠶᠤᠴᠢᠯᠠᠯᠲᠠ ᠪᠠᠷ ᠰᠢᠭᠦᠬᠦ ᠬᠤᠷᠢᠶ᠎ᠠ ᠨᠢ ︽ᠰᠠᠨᠠᠭᠠᠴᠢᠯᠠᠭ᠎ᠠ ᠠᠴᠠ ᠪᠠᠨ ᠭᠦᠢᠴᠡᠳᠬᠡᠭᠰᠡᠨ ᠭᠡᠷᠡᠴᠢ ᠪᠢᠴᠢᠭ︾ ᠭᠠᠷᠭᠠᠨ ᠥᠭᠴᠦ ᠪᠣᠯᠣᠨ᠎ᠠ᠃ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠦᠢᠯᠡ ᠠᠵᠢᠯᠯᠠᠭ᠎ᠠ ᠶᠢ ᠢᠲᠡᠭᠡᠮᠵᠢ ᠶᠢᠨ ᠦᠨᠡᠯᠡᠯᠲᠡ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠦᠨᠡᠨᠴᠢ ᠢᠲᠡᠭᠡᠮᠵᠢᠲᠡᠢ ᠪᠠᠷ ᠭᠦᠢᠴᠡᠳᠬᠡᠭᠰᠡᠨ ᠨᠡᠷᠡᠰ ᠢ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠶᠠᠪᠤᠭᠤᠯᠤᠨ᠎ᠠ᠃      24. ᠠᠵᠤ ᠠᠬᠤᠶᠢᠯᠠᠯ ᠤᠨ ᠳᠠᠮᠫᠤᠷᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠬᠡᠷᠡᠭ ᠪᠣᠯᠭᠠᠨ ᠳᠠᠩᠰᠠᠯᠠᠬᠤ ᠰᠢᠭᠦᠨ ᠲᠠᠰᠤᠯᠬᠤ ᠭᠦᠢᠴᠡᠳᠬᠡᠬᠦ ᠳᠠᠮᠫᠤᠷᠠᠯ ᠤᠨ ᠨᠢᠭᠡ ᠴᠣᠭᠴᠠᠵᠢᠭᠤᠯᠬᠤ︾ ᠲᠣᠭᠲᠠᠴᠠ ᠶᠢ ᠲᠡᠭᠦᠯᠳᠡᠷᠵᠢᠭᠦᠯᠵᠦ᠂ ᠭᠦᠢᠴᠡᠳᠬᠡᠨ ᠰᠢᠭᠦᠬᠦ ᠲᠤᠰᠢᠶᠠᠯᠲᠠᠨ ᠬᠢᠭᠡᠳ ᠳᠠᠮᠫᠤᠷᠠᠯ ᠤᠨ ᠰᠢᠭᠦᠬᠦ ᠲᠤᠰᠢᠶᠠᠯᠲᠠᠨ ᠤ ᠨᠡᠶᠢᠯᠡᠮᠡᠯ ᠰᠢᠭᠦᠨ ᠲᠠᠰᠤᠯᠬᠤ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠳᠠᠮᠫᠤᠷᠠᠯ ᠤᠨ ᠬᠡᠷᠡᠭ ᠢ ᠰᠢᠭᠦᠬᠦ ᠬᠤᠭᠤᠴᠠᠭᠠᠯᠠᠯ ᠤᠨ ᠬᠠᠮᠢᠶᠠᠷᠤᠯᠲᠠ ᠶᠢ ᠴᠢᠩᠳᠠᠯᠠᠵᠤ᠂ ᠤᠷᠲᠤ ᠬᠤᠭᠤᠴᠠᠭ᠎ᠠ ᠪᠠᠷ ᠳᠠᠭᠤᠰᠬᠠᠭᠠᠳᠤᠢ ᠬᠡᠷᠡᠭ ᠢ ᠢᠯᠭᠠᠷᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠳᠥᠭᠦᠮ ᠬᠡᠷᠡᠭ ᠢ ᠲᠦᠷᠭᠡᠨ ᠰᠢᠭᠦᠬᠦ ᠲᠠᠰ ᠳᠠᠷᠠᠭᠠᠯᠠᠯ ᠤᠨ ᠲᠣᠬᠢᠷᠠᠭᠤᠯᠤᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ︽ᠲᠥᠯᠥᠬᠦ ᠬᠥᠷᠥᠩᠭᠡ ᠦᠭᠡᠢ ᠳᠠᠮᠫᠤᠷᠠᠯ︾᠂ ︽ᠭᠦᠢᠴᠡᠳᠬᠡᠬᠦ ᠬᠡᠷᠡᠭ ᠠᠴᠠ ᠳᠠᠮᠫᠤᠷᠠᠯ ᠤᠨ ᠬᠡᠷᠡᠭ ᠪᠣᠯᠭᠠᠬᠤ︾ ᠵᠡᠷᠭᠡ ᠳᠠᠮᠫᠤᠷᠠᠯ ᠤᠨ ᠬᠡᠷᠡᠭ ᠢ ᠰᠢᠭᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢ ᠵᠢᠯᠤᠭᠤᠳᠴᠤ ᠪᠠᠶᠢᠭᠠᠳ ᠳᠠᠮᠫᠤᠷᠠᠯ ᠤᠨ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠮᠫᠤᠷᠠᠯ ᠤᠨ ᠲᠤᠰᠠᠯᠠᠮᠵᠢ ᠶᠢᠨ ᠪᠡᠯᠡ ᠮᠥᠩᠭᠦ ᠶᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠪᠡᠯᠡ ᠮᠥᠩᠭᠦ ᠰᠠᠯᠭᠠᠨ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠠᠮᠫᠤᠷᠠᠯ ᠤᠨ ᠳᠠᠬᠢᠨ ᠴᠡᠭᠴᠡᠯᠡᠯᠲᠡ ᠶᠢᠨ ᠠᠵᠤ ᠠᠬᠤᠶᠢᠯᠠᠯ ᠢ ᠢᠯᠭᠠᠨ ᠲᠠᠨᠢᠬᠤ ᠪᠠᠨ ᠴᠢᠩᠭᠠᠳᠬᠠᠨ᠂ ᠳᠠᠮᠫᠤᠷᠠᠯ ᠤᠨ ᠠᠵᠢᠯ ᠤᠨ ᠨᠢᠭᠡᠳᠦᠯᠲᠡᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠵᠠᠰᠠᠭ ᠤᠨ ᠣᠷᠳᠣᠨ ᠬᠢᠭᠡᠳ ᠰᠢᠭᠦᠬᠦ ᠬᠤᠷᠢᠶ᠎ᠠ ᠶᠢᠨ ᠬᠤᠯᠪᠤᠭᠠᠯᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠶᠡᠷᠦᠩᠬᠡᠶᠢᠯᠡᠭᠰᠡᠨ ᠬᠡᠪ ᠵᠠᠭᠪᠤᠷ ᠢᠶᠠᠷ ᠠᠵᠤ ᠠᠬᠤᠶᠢᠯᠠᠯ ᠢ ᠠᠪᠤᠷᠠᠨ᠎ᠠ᠃      25. ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠶᠢ ᠠᠬᠢᠭᠤᠯᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢ ᠠᠬᠢᠭᠤᠯᠵᠤ᠂ ᠡᠬᠢ ᠡᠭᠦᠰᠦᠯ ᠠᠴᠠ ᠨᠢ ᠠᠵᠤ ᠠᠬᠤᠶᠢᠯᠠᠯ ᠢ ᠬᠠᠪᠰᠤᠷᠤᠨ ᠲᠣᠭᠲᠠᠭᠠᠯ ᠳᠤ ᠨᠡᠶᠢᠴᠡᠬᠦ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠭᠦᠯᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠭᠤᠷᠪᠠᠳᠠᠭᠢ ᠡᠲᠡᠭᠡᠳ ᠤᠨ ᠲᠣᠭᠲᠠᠴᠠ ᠶᠢᠨ ᠲᠤᠰᠬᠠᠢ ᠠᠵᠢᠯᠲᠠᠨ ᠤ ᠨᠡᠷᠡᠰ ᠤᠨ ᠬᠥᠮᠥᠷᠭᠡ ᠶᠢ ᠪᠠᠶᠢᠭᠤᠯᠵᠤ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠢ ᠭᠤᠷᠪᠠᠳᠠᠭᠢ ᠡᠲᠡᠭᠡᠳ ᠬᠢᠨᠠᠯᠲᠠ ᠲᠠᠯᠪᠢᠵᠤ ᠦᠨᠡᠯᠡᠨ ᠵᠢᠱᠢᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠭᠦᠯᠬᠦ ᠳᠦᠷᠢᠮ ᠤᠨ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠠ ᠪᠦᠷᠬᠦᠴᠡ ᠶᠢᠨ ᠨᠣᠷᠮ᠎ᠠ ᠶᠢ ᠥᠷᠭᠡᠳᠬᠡᠨ᠎ᠡ᠃ ᠠᠳᠠᠯᠢ ᠪᠤᠰᠤ ᠲᠥᠷᠥᠯ ᠬᠡᠯᠪᠡᠷᠢ ᠶᠢᠨ ᠬᠡᠷᠡᠭ᠂ ᠠᠳᠠᠯᠢ ᠪᠤᠰᠤ ᠲᠥᠷᠥᠯ ᠢᠯᠭᠠᠯ ᠤᠨ ᠠᠵᠤ ᠠᠬᠤᠶᠢᠯᠠᠯ ᠠᠵᠢᠯ ᠲᠥᠷᠥᠯ ᠤᠨ ᠲᠤᠰᠬᠠᠢ ᠵᠦᠢᠯ ᠪᠤᠶᠤ ᠣᠯᠠᠨ ᠵᠦᠢᠯ ᠤᠨ ᠲᠣᠭᠲᠠᠭᠠᠯ ᠳᠤ ᠨᠡᠶᠢᠴᠡᠬᠦ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠬᠡᠷᠡᠭ ᠲᠤ ᠬᠤᠯᠪᠣᠭᠳᠠᠬᠤ ᠦᠢᠯᠡ ᠠᠵᠢᠯᠯᠠᠭ᠎ᠠ ᠪᠠ ᠠᠵᠤ ᠠᠬᠤᠶᠢᠯᠠᠯ ᠤᠨ ᠳᠣᠲᠣᠭᠠᠳᠤ ᠳᠠᠬᠢ ᠬᠠᠮᠢᠶᠠᠷᠤᠯᠲᠠ ᠶᠢ ᠲᠣᠭᠲᠠᠭᠠᠯ ᠳᠤ ᠨᠡᠶᠢᠴᠡᠭᠦᠯᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠤᠷᠢᠳᠠᠴᠢ ᠵᠠᠰᠠᠯᠲᠠ᠂ ᠲᠡᠭᠦᠰᠬᠡᠯ ᠦᠵᠦᠭᠦᠷ ᠤᠨ ᠵᠠᠰᠠᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠠᠯᠪᠠᠨ ᠭᠡᠷᠡᠴᠢᠯᠡᠭᠡ ᠶᠢᠨ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠢᠴᠡᠳᠬᠡᠬᠦ︾ ᠠᠯᠪᠠᠨ ᠭᠡᠷᠡᠴᠢᠯᠡᠭᠡ ᠶᠢᠨ ᠵᠦᠢᠯᠡᠰ ᠤᠨ ᠬᠡᠪᠴᠢᠶ᠎ᠡ ᠶᠢ ᠥᠷᠭᠡᠳᠬᠡᠨ᠎ᠡ᠃      26. ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠤᠨ ᠰᠦᠪᠡᠭᠴᠢ ᠴᠤᠭᠯᠠᠭᠤᠯᠬᠤ ᠠᠷᠭ᠎ᠠ ᠮᠠᠶ᠋ᠢᠭ ᠢ ᠥᠷᠭᠡᠳᠬᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠢᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠰᠠᠭᠤᠳᠠᠯ ᠢ ᠵᠠᠭᠠᠯᠳᠤᠬᠤ᠂ ᠢᠯᠡᠴᠢᠯᠡᠨ ᠮᠡᠳᠡᠭᠦᠯᠬᠦ ᠳᠤ ᠳᠥᠭᠦᠮ ᠦᠵᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠪᠠᠶᠢᠩᠭᠤᠵᠢᠭᠤᠯᠤᠭᠰᠠᠨ ᠨᠡᠪᠲᠡᠷᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠳᠬᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠵᠣᠷᠢᠭᠤᠳᠠ ᠬᠠᠯᠳᠠᠭᠰᠠᠨ᠂ ᠵᠠᠬ᠎ᠠ ᠳᠡᠯᠭᠡᠭᠦᠷ ᠤᠨ ᠬᠡᠪ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠳᠤ ᠴᠢᠭᠯᠡᠭᠦᠯᠦᠨ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠴᠠᠭᠠᠵᠠ ᠶᠢᠨ ᠠᠷᠭ᠎ᠠ ᠪᠠᠷᠢᠯ ᠢ ᠢᠳᠡᠪᠬᠢᠲᠡᠢ ᠬᠡᠷᠡᠭᠯᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤ ᠨᠢ ᠬᠠᠩᠭᠠᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠭᠰᠡᠨ ᠲᠤᠷᠰᠢᠯᠭ᠎ᠠ ᠪᠠᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠪᠠ ᠲᠤᠰᠬᠠᠢ ᠰᠡᠳᠦᠪᠲᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠡᠷᠡᠭᠦᠦ ᠶᠢᠨ ᠵᠠᠷᠭᠤ ᠶᠢᠨ ︽ᠬᠤᠶᠢᠰᠢ ᠲᠠᠯᠪᠢᠭᠰᠠᠨ ᠬᠡᠷᠡᠭ︾ ᠢ ᠢᠯᠭᠠᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠳᠡᠮᠵᠢᠨ᠎ᠡ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ