ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠭᠤᠷᠪᠠ︶
ᠨᠡᠶᠢᠲᠡᠯᠡᠭᠰᠡᠨ ᠴᠠᠭ᠄
2025/1/7
      ︵ᠳᠥᠷᠪᠡ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠵᠣᠷᠢᠭᠵᠢᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      27. ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠣᠷᠴᠢᠨ ᠨᠥᠬᠦᠴᠡᠯ ᠢ ᠪᠣᠢ ᠪᠣᠯᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠦᠨᠡᠯᠡᠵᠦ ᠬᠥᠮᠥᠷᠭᠡ ᠳᠤ ᠣᠷᠣᠭᠤᠯᠬᠤ ᠠᠵᠢᠯ ᠢ ᠠᠬᠢᠭᠤᠯᠵᠤ᠂ ᠨᠥᠬᠦᠴᠡᠯ ᠳᠤ ᠨᠡᠶᠢᠴᠡᠬᠦ ᠨᠡᠩ ᠣᠯᠠᠨ ᠳᠤᠮᠳᠠ ᠵᠢᠵᠢᠭ ᠪᠢᠴᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ︽ᠦᠨᠡᠯᠡᠨ ᠲᠣᠭᠲᠠᠭᠠᠪᠠᠰᠤ ᠵᠣᠬᠢᠬᠤ ᠪᠦᠬᠦᠨ ᠢ ᠦᠨᠡᠯᠡᠨ ᠲᠣᠭᠲᠠᠭᠠᠵᠤ᠂ ᠣᠷᠣᠭᠤᠯᠪᠠᠰᠤ ᠵᠣᠬᠢᠬᠤ ᠪᠦᠬᠦᠨ ᠢ ᠣᠷᠣᠭᠤᠯᠬᠤ︾ ᠶᠢ ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠣᠰᠣᠳᠦ᠋ᠷᠦᠭᠴᠢ ᠡᠨᠧᠷᠬᠢ᠂ ᠰᠢᠨ᠎ᠡ ᠭᠡᠯᠪᠡᠷᠢ ᠶᠢᠨ ᠡᠨᠧᠷᠬᠢ ᠨᠥᠭᠡᠴᠡᠯᠡᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ︽ᠵᠢᠵᠢᠭ ᠠᠴᠠ ᠳᠡᠭᠡᠳᠦ ᠰᠢᠨ᠎ᠡ ᠮᠡᠷᠭᠡᠵᠢᠯ ᠲᠡᠶᠢᠰᠢ᠂ ᠳᠡᠭᠡᠳᠦ ᠰᠢᠨ᠎ᠡ ᠮᠡᠷᠭᠡᠵᠢᠯ ᠠᠴᠠ ᠬᠦᠴᠦᠷᠬᠡᠭ ᠲᠡᠶᠢᠰᠢ ᠳᠠᠪᠰᠢᠬᠤ︾ ᠶᠢᠨ ᠠᠵᠤ ᠠᠬᠤᠶᠢᠯᠠᠯ ᠤᠨ ᠱᠠᠲᠤᠯᠢᠭ ᠪᠣᠶᠢᠵᠢᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠡᠯ᠎ᠡ ᠭᠠᠵᠠᠷ ᠣᠷᠣᠨ ᠤ ᠣᠷᠣᠨ ᠨᠤᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠪᠠᠶᠢᠭᠤᠯᠬᠤ ᠶᠢ ᠨᠢ ᠵᠣᠷᠢᠭᠵᠢᠭᠤᠯᠤᠨ᠎ᠠ᠃ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠢ ᠪᠠ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠵᠡᠷᠭᠡ ᠶᠢᠨ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠬᠤᠯᠠ ᠡᠬᠢ ᠡᠭᠦᠰᠦᠯᠲᠡ ᠪᠣᠯᠬᠤ ᠶᠢ ᠨᠢ ᠠᠬᠢᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ  ᠯᠦᠭᠡ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠲᠦᠷᠦᠭᠦᠯᠡᠨ ᠬᠠᠷᠢᠭᠤᠴᠠᠵᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠨᠢ ᠳᠡᠮᠵᠢᠵᠦ᠂ ᠪᠥᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠲᠡᠷᠢᠭᠦᠨ ᠲᠠᠰ ᠤᠨ ᠲᠤᠰᠬᠠᠢ ᠮᠡᠷᠭᠡᠵᠢᠯᠲᠡᠨ ᠤ ᠪᠦᠯᠬᠦᠮ ᠨᠡᠶᠢᠲᠡ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ︽ᠮᠧᠩ ᠺᠧ ᠵᠢᠦᠢ︾  ᠲᠠᠪᠴᠠᠩ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠣᠭᠤᠷᠢᠨ ᠳᠤ᠂ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠪᠠ ︽ᠨᠢᠭᠡᠳᠪᠦᠷᠢ ᠰᠦᠯᠵᠢᠶ᠎ᠡ︾ ᠶᠢᠨ ᠪᠥᠭᠡᠭᠡᠨᠡᠷᠡᠯ ᠴᠢᠳᠠᠮᠵᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃      28. ᠮᠡᠳᠡᠯᠭᠡ ᠶᠢᠨ ᠥᠮᠴᠢᠯᠡᠯ ᠤᠨ ᠡᠷᠬᠡ ᠶᠢ ᠠᠬᠢᠭᠤᠯᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠰᠬᠠᠢ ᠠᠰᠢᠭ ᠤᠨ ᠡᠷᠬᠡᠲᠦ ᠬᠥᠮᠥᠨ ᠢ ᠬᠥᠲᠥᠯᠥᠨ ᠵᠢᠯᠤᠭᠤᠳᠴᠤ ᠪᠠᠶᠢᠭᠠᠳ ᠲᠤᠰᠬᠠᠢ ᠠᠰᠢᠭ ᠤᠨ ᠮᠡᠷᠭᠡᠵᠢᠯ ᠢ ᠦᠨ᠎ᠡ ᠲᠥᠯᠥᠪᠦᠷᠢ ᠦᠭᠡᠢ ᠪᠤᠶᠤ ᠳᠣᠣᠷ᠎ᠠ ᠥᠪᠡᠷ ᠤᠨ ᠥᠷᠲᠡᠭ ᠢᠶᠠᠷ ︽ᠨᠢᠭᠡ ᠳᠤ ᠣᠯᠠᠨ ᠢ ᠴᠢᠭᠯᠡᠭᠦᠯᠬᠦ︾ ᠨᠡᠭᠡᠭᠡᠯᠲᠡ ᠬᠢᠬᠦ ᠵᠥᠪᠰᠢᠶᠡᠷᠡᠯ ᠢ ᠬᠡᠷᠡᠭᠵᠢᠭᠦᠯᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠤᠨ᠂ ᠲᠤᠰᠬᠠᠢ ᠠᠰᠢᠭ ᠤᠨ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ︽ᠨᠢᠭᠡ ᠠᠵᠢᠯ ᠶᠠᠪᠤᠳᠠᠯ︾ ᠤᠨ ᠬᠤᠷᠠᠮᠠᠯ ᠦᠢᠯᠡᠴᠢᠯᠡᠭᠡᠨ ᠤ ᠥᠭᠡᠷᠡᠴᠢᠯᠡᠯᠲᠡ ᠶᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠶᠢᠯᠡᠭᠰᠡᠨ ᠳ᠋ᠠᠶᠢᠲ᠋ᠠ ᠬᠥᠮᠥᠷᠭᠡ ᠪᠠ ᠬᠤᠷᠠᠮᠠᠯ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠷᠬᠡ ᠣᠯᠭᠤᠬᠤ ᠳᠤ ᠤᠷᠢᠳᠴᠢᠯᠠᠨ ᠮᠠᠭᠠᠳᠯᠠᠬᠤ᠂ ᠡᠷᠬᠡ ᠳᠤ ᠬᠠᠯᠳᠠᠭᠰᠠᠨ ᠢ ᠤᠷᠢᠳᠴᠢᠯᠠᠨ ᠮᠠᠭᠠᠳᠯᠠᠬᠤ ᠲᠣᠭᠲᠠᠴᠠ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠵᠢᠯᠴᠠᠨ ᠬᠠᠮᠠᠭᠠᠯᠠᠬᠤ ᠲᠣᠭᠲᠠᠯᠴᠠᠭ᠎ᠠ ᠶᠢ ᠪᠣᠶ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠲᠠᠸᠠᠷ ᠤᠨ ᠲᠡᠮᠳᠡᠭ ᠤᠨ ᠨᠡᠷᠡᠲᠦ ᠲᠡᠮᠳᠡᠭ ᠪᠠ ᠭᠠᠵᠠᠷ ᠵᠦᠢ ᠶᠢᠨ ᠲᠡᠮᠳᠡᠭ ᠤᠨ ᠠᠵᠢᠯ ᠢ ᠴᠢᠩᠭᠠᠷᠠᠭᠤᠯᠤᠨ᠎ᠠ᠃ ︽ᠮᠢᠩᠭᠠᠨ ᠠᠵᠤ ᠠᠬᠤᠶᠢᠯᠠᠯ ᠵᠠᠭᠤᠨ ᠬᠤᠳᠡ︾ ᠶᠢᠨ ᠲᠠᠸᠠᠷ ᠤᠨ ᠲᠡᠮᠳᠡᠭ ᠤᠨ ᠨᠡᠷᠡᠳᠣ ᠲᠡᠮᠳᠡᠭ ᠤᠨ ᠦᠨ᠎ᠡ ᠦᠷᠲᠡᠭ ᠢ ᠳᠡᠭᠡᠭᠰᠢᠯᠡᠬᠦᠯᠬᠦ ᠠᠵᠢᠯᠯᠠᠭᠠᠨ ᠢ ᠥᠷᠨᠢᠭᠦᠯᠵᠦ᠂ ᠲᠠᠸᠠᠷ ᠤᠨ ᠲᠡᠮᠳᠡᠭ ᠤᠨ ᠨᠡᠷᠡᠳᠣ ᠲᠡᠮᠳᠡᠭ ᠤᠨ ᠵᠢᠯᠤᠭᠤᠳᠬᠤ ᠦᠷᠲᠡᠭᠡ᠂ ᠭᠠᠵᠠᠷ ᠵᠦᠢ ᠶᠢᠨ ᠲᠡᠮᠳᠡᠭ ᠤᠨ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢ ᠪᠠᠶᠢᠷᠢᠰᠢᠭᠤᠯᠤᠨ ᠪᠠᠶᠢᠭᠤᠯᠵᠤ᠂ ᠭᠠᠵᠠᠷ ᠵᠦᠢ ᠶᠢᠨ ᠲᠡᠮᠳᠡᠭ ᠤᠨ ᠬᠡᠷᠡᠭᠯᠡᠭᠡᠨ ᠢ ᠠᠬᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠲᠠᠸᠠᠷ ᠤᠨ ᠲᠡᠮᠳᠡᠭ ᠪᠠ ᠭᠠᠵᠠᠷ ᠵᠦᠢ ᠶᠢᠨ ᠲᠡᠮᠳᠡᠭ ᠤᠨ ᠨᠡᠷᠡᠳᠣ ᠲᠡᠮᠳᠡᠭ ᠤᠨ ᠦᠢᠯᠡᠳᠦᠯ ᠨᠥᠯᠥᠭᠡ ᠶᠢ ᠭᠦᠢᠴᠡᠳ ᠪᠠᠳᠠᠷᠠᠭᠤᠯᠤᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠪᠠᠷ ᠬᠥᠲᠥᠯᠥᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃      29. ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠷᠢ ᠰᠤᠷᠭᠠᠨ ᠬᠥᠮᠦᠵᠢᠯ ᠤᠨ ᠨᠢᠭᠡ ᠴᠣᠭᠴᠠᠵᠢᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠣᠷᠣᠨ ᠨᠤᠲᠤᠭ ᠤᠨ ᠣᠨᠴᠠᠯᠢᠭ ᠪᠦᠬᠦᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠨᠡᠷᠡᠲᠦ ᠲᠡᠮᠳᠡᠭ ᠢ ᠢᠳᠡᠪᠬᠢᠲᠡᠢ ᠪᠠᠷ ᠪᠣᠢ ᠪᠣᠯᠭᠠᠨ ᠪᠣᠶᠢᠵᠢᠭᠤᠯᠵᠤ᠂ ᠪᠦᠬᠦ ᠣᠷᠣᠨ ᠪᠦᠰᠡ ᠪᠠᠷ ᠢᠶᠠᠨ ᠬᠠᠮᠲᠤ ᠪᠠᠷ ᠬᠦᠷᠲᠡᠬᠦ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠭᠤᠣᠯᠳᠠᠯᠭ᠎ᠠ ᠲᠠᠢ ᠳᠡᠮᠵᠢᠵᠦ᠂ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠢᠷᠠᠭᠤ ᠠᠯᠳᠠᠷ ᠢ ᠴᠢᠷᠮᠠᠶᠢᠨ ᠡᠭᠦᠳᠦᠨ᠎ᠡ᠃ ︽ᠤᠯᠤᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ︵2023 ᠬᠡᠪᠯᠡᠯ︶︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠣᠣᠷ ᠰᠦᠯᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠠᠨᠤᠮᠵᠢ ᠶᠢᠨ ᠪᠠᠶᠢᠳᠠᠯ ᠢ ᠰᠢᠯᠭᠠᠨ ᠦᠨᠡᠯᠡᠬᠦ ᠠᠵᠢᠯ ᠢ ᠥᠷᠨᠢᠭᠦᠯᠦᠨ᠂ ᠨᠠᠰᠤᠵᠢᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ᠂ ᠵᠢᠷᠣᠮᠵᠢᠠᠠᠰᠠᠨ ᠬᠥᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠬᠤ ᠦᠢᠯᠡᠴᠢᠯᠡᠭᠡᠨ ᠤ ᠬᠠᠮᠤᠷᠬᠤ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠬᠡᠰᠡᠭ ᠤᠳ ᠤᠨ ᠬᠡᠯᠬᠢᠶ᠎ᠡ + ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ︾ ᠶᠢᠨ ᠬᠡᠪ ᠵᠠᠭᠪᠤᠷ ᠢᠶᠠᠷ ᠳᠠᠮᠵᠢᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠬᠤᠢ ᠪᠠᠶᠢᠳᠠᠯ ᠳᠠᠬᠢ ᠦᠨᠡᠨ ᠪᠣᠳᠠᠲᠠᠢ ᠳ᠋ᠠᠶᠢᠲ᠋ᠠ ᠶᠢᠨ ᠬᠠᠷᠢᠯᠴᠠᠨ ᠰᠣᠯᠢᠯᠴᠠᠬᠤ᠂ ᠬᠠᠳᠠᠭᠠᠯᠠᠬᠤ᠂ ᠡᠬᠢ ᠡᠭᠦᠰᠦᠯ ᠢ ᠨᠢ ᠡᠷᠢᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠵᠤ᠂ ᠰᠠᠭᠤᠭᠠᠯᠢ ᠠᠷᠠᠳ ᠲᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠡᠪᠡᠳᠴᠢᠨ ᠡᠮᠨᠡᠭᠦᠯᠬᠦ ᠣᠶᠢᠯᠠᠭᠠᠯᠲᠠ ᠬᠠᠩᠭᠠᠨ᠎ᠠ᠃ ᠢᠨᠲ᠋ᠧᠷ ᠰᠦᠯᠵᠢᠶᠡᠨ ᠤ ᠡᠮᠴᠢᠯᠡᠭᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠣᠷᠣᠭᠤᠯᠤᠨ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠨᠢᠭᠡ ᠴᠣᠭᠴᠠᠵᠢᠭᠰᠠᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ  ᠪᠠᠨ ᠴᠢᠩᠭᠠᠷᠠᠭᠤᠯᠵᠤ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠬᠠᠮᠵᠢᠯᠴᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠴᠡᠩᠬᠡᠷ ᠣᠭᠲᠠᠷᠭᠤᠢ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ᠂ ᠴᠡᠩᠭᠡᠭ ᠤᠰᠤᠨ ᠤ ᠬᠠᠮᠠᠭᠠᠯᠠᠯᠲᠠ ᠶᠢᠨ ᠳᠠᠶᠢᠯᠠᠯᠳᠤᠭᠠᠨ᠂ ᠴᠡᠪᠡᠷ ᠬᠥᠷᠥᠰᠥᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠪᠦᠲᠦᠮᠵᠢᠲᠡᠶ ᠬᠡᠪ ᠵᠠᠭᠪᠤᠷ ᠢ ᠲᠦᠷᠭᠡᠳᠬᠡᠨ ᠰᠤᠳᠤᠯᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠰᠢᠨ᠎ᠡ ᠡᠭᠦᠳᠦᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠪᠦᠲᠦᠭᠡᠨ ᠪᠠᠶᠢᠭᠤᠯᠵᠤ᠂ ᠪᠤᠭᠤᠲᠤ ᠬᠤᠲᠠ ᠶᠢᠨ ᠠᠭᠤᠷ ᠠᠮᠢᠰᠬᠤᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠤᠷᠰᠢᠯᠲᠠ ᠶᠢᠨ ᠴᠡᠭ ᠪᠠ ᠬᠥᠯᠥᠨ ᠪᠤᠶᠢᠷ ᠬᠤᠲᠠ᠂ ᠦᠬᠠᠢ ᠬᠤᠲᠠ ᠶᠢᠨ ᠨᠡᠭᠦᠷᠡᠰᠦᠲᠥ᠋ᠷᠥᠭᠴᠢ ᠪᠠᠭᠠᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠨᠢᠭᠡ ᠪᠠᠷᠢᠮᠲᠠ ᠪᠠᠷ ᠭᠦᠢᠴᠡᠳᠬᠡᠬᠦ ᠳᠦᠷᠢᠮ︾ ᠤᠨ ᠬᠤᠯᠪᠤᠭᠠᠯᠠᠨ ᠠᠵᠢᠯᠯᠠᠭᠤᠯᠬᠤ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠵᠦ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠢ ᠥᠨᠳᠥᠷ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠭᠦᠢᠯᠭᠡᠭᠡᠨ ᠶᠡᠬᠡᠲᠡᠢ ᠡᠳ᠋ ᠪᠠᠷᠠᠭᠠᠨ ᠤ ᠲᠡᠭᠡᠭᠡᠪᠦᠷᠢ ᠳᠤ ︽ᠵᠠᠰᠠᠮᠠᠯ ᠵᠠᠮ ᠠᠴᠠ ᠲᠡᠮᠦᠷ ᠵᠠᠮ ᠪᠣᠯᠭᠠᠨ ᠬᠤᠪᠢᠷᠠᠭᠤᠯᠬᠤ︾ ᠶᠢ ᠪᠡᠶᠡᠯᠡᠭᠦᠯᠵᠦ᠂ ᠣᠶᠤᠨᠯᠢᠭ ᠪᠠᠷᠠᠭᠠᠨ ᠤ ᠭᠦᠢᠯᠭᠡᠭᠡᠨ ᠤ ᠰᠢᠨ᠎ᠡ ᠮᠡᠷᠭᠡᠵᠢᠯ ᠪᠠ ᠰᠢᠨ᠎ᠡ ᠵᠠᠭᠪᠤᠷ ᠤᠨ ᠭᠦᠢᠴᠡᠳ ᠬᠥᠭᠵᠢᠯᠲᠡ ᠶᠢ ᠠᠬᠢᠭᠤᠯᠤᠨ᠎ᠠ᠃      ︵ᠲᠠᠪᠤ︶ ᠬᠤᠳᠠᠯᠳᠤᠭᠠᠴᠢᠳ ᠢ ᠴᠢᠬᠤᠯᠠᠴᠢᠯᠠᠬᠤ ᠬᠤᠳᠠᠯᠳᠤᠭᠠᠴᠢᠳ ᠢ ᠰᠡᠳᠬᠢᠯ ᠠᠮᠤᠷ ᠪᠠᠶᠢᠯᠭᠠᠬᠤ ᠬᠤᠳᠠᠯᠳᠤᠭᠠᠴᠢᠳ ᠢ ᠳᠣᠲᠣᠨᠣᠴᠢᠯᠠᠬᠤ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠳ ᠤᠨ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠤᠨ᠎ᠠ᠃      30. ᠤᠳᠤᠷᠢᠳᠬᠤ ᠺᠠᠳ᠋ᠷᠴᠤᠳ ᠤᠨ ᠠᠵᠤ ᠠᠬᠤᠶᠢᠯᠠᠯ ᠲᠠᠢ ᠬᠠᠷᠢᠯᠴᠠᠬᠤ ᠳᠦᠷᠢᠮ ᠢ ᠪᠦᠷᠢᠨᠰᠢᠭᠦᠯᠦᠨ᠎ᠡ᠃ ᠤᠳᠤᠷᠢᠳᠬᠤ ᠺᠠᠳ᠋ᠷᠴᠤᠳ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠲᠠᠢ ᠬᠠᠷᠢᠯᠴᠠᠵᠤ ᠠᠶᠢᠯᠴᠢᠯᠠᠬᠤ ᠳᠦᠷᠢᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷᠴᠤᠳ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠳᠤ ᠭᠦᠨᠵᠡᠭᠡᠶᠢᠷᠡᠨ ᠡᠵᠡᠩᠨᠡᠯᠲᠡ ᠶᠢᠨ ᠪᠠᠶᠢᠳᠠᠯ ᠢ ᠨᠢᠭᠤᠷᠳᠠᠨ ᠣᠶᠢᠯᠠᠭᠠᠵᠤ᠂ ᠬᠦᠴᠢᠷᠳᠡᠯ ᠢ ᠨᠢ ᠦᠨᠡᠨ ᠭᠦᠢᠴᠡᠳ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠤᠳᠤᠷᠢᠳᠬᠤ ᠺᠠᠳ᠋ᠷᠴᠤᠳ ᠲᠤ ᠰᠢᠭᠤᠳ ᠠᠰᠠᠭᠤᠳᠠᠯ ᠢᠶᠠᠨ ᠲᠤᠰᠬᠠᠬᠤ᠂ ᠰᠠᠨᠠᠭᠤᠯᠭ᠎ᠠ ᠪᠠᠨ ᠳᠤᠷᠠᠳᠬᠤ ᠠᠷᠭ᠎ᠠ ᠵᠠᠮ ᠢ ᠰᠢᠯᠤᠭᠤᠳᠬᠠᠨ᠎ᠠ᠃ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭᠠᠲᠤ ᠬᠤᠷᠠᠯ᠂ ᠬᠤᠳᠠᠯᠳᠤᠭᠠᠴᠢᠳ ᠤᠨ ᠡᠪᠯᠡᠯ ︵ᠨᠡᠶᠢᠭᠡᠮᠯᠢᠭ︶ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠨᠢᠭᠲᠠ ᠬᠠᠷᠢᠯᠴᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠪᠦᠬᠦᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠤᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠲᠤᠰᠬᠠᠬᠤ᠂ ᠭᠦᠢᠴᠡᠳᠬᠡᠵᠦ ᠨᠠᠶᠢᠳᠠᠪᠤᠷᠢᠵᠢᠭᠤᠯᠬᠤ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠤᠢ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠬᠢᠨᠠᠯᠲᠠ ᠲᠠᠯᠪᠢᠭᠴᠢ ᠪᠠᠷ ᠤᠷᠢᠨ ᠡᠯᠰᠡᠬᠦ ᠶᠢ ᠨᠢ ᠳᠡᠮᠵᠢᠵᠦ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠢᠯᠡᠴᠢᠯᠡᠭᠰᠡᠨ ᠪᠠᠶᠢᠳᠠᠯ ᠢ ᠦᠨᠡᠯᠡᠨ ᠵᠥᠪᠳᠡᠯᠴᠡᠭᠦᠯᠵᠦ ᠬᠢᠨᠠᠯᠲᠠ ᠲᠠᠯᠪᠢᠭᠤᠯᠤᠨ᠎ᠠ᠃      31. ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠢᠳᠡᠪᠬᠢᠲᠡᠢ ᠪᠠᠷ ᠠᠬᠢᠭᠤᠯᠤᠨ᠎ᠠ ᠃ ︽ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠲᠥᠬᠦᠷ ᠠᠷᠭ᠎ᠠ ᠬᠡᠮᠵᠢᠶ᠎ᠡ᠂ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ ᠰᠠᠶᠢᠲᠤᠷ ᠬᠡᠷᠡᠭᠯᠡᠵᠦ᠂ ᠮᠠᠨ ᠤ ᠣᠷᠣᠨ ᠤ ᠬᠦᠷᠲᠡᠵᠦ ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠵᠢᠴᠢ ᠤᠯᠤᠰ ᠠᠴᠠ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠳᠤ ᠦᠵᠡᠭᠦᠯᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠣᠨᠣᠴᠠᠲᠠᠢ ᠲᠣᠬᠢᠷᠠᠯᠴᠠᠭᠤᠯᠬᠤ᠂ ᠲᠦᠷᠭᠡᠨ ᠮᠥᠷᠲᠡᠭᠡᠨ ᠰᠢᠭᠤᠳ ᠪᠠᠭᠤᠯᠭᠠᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠯᠡ ᠪᠣᠯᠭᠠᠭᠰᠠᠨ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠨ᠎ᠡ᠃      32. ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠳᠤ ᠲᠦᠰᠢᠭᠯᠡᠨ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ ᠰᠠᠭᠠᠳ ᠦᠭᠡᠢ ᠨᠡᠪᠲᠡᠷᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ 96888᠂ ᠭᠡᠷ᠎ᠡ ᠠᠴᠠ ᠵᠥᠷᠢᠴᠡᠨ ᠳᠤᠮᠳᠠ ᠵᠢᠵᠢᠭ ᠠᠵᠤ ᠠᠬᠤᠶᠢᠯᠠᠯ ᠳᠤ ᠲᠠᠩᠰᠠᠨ ᠳᠠᠬᠢ ᠵᠣᠭᠤᠰ ᠥᠷᠢᠲᠦᠵᠦ ᠪᠠᠶᠢᠭ᠎ᠠ ᠶᠢ ᠳᠡᠩᠰᠡᠯᠡᠨ ᠲᠡᠮᠳᠡᠭᠯᠡᠬᠦ ︵ᠵᠠᠭᠠᠯᠳᠤᠬᠤ︶ ᠲᠠᠪᠴᠠᠩ᠂ ︽ᠮᠧᠩ ᠴᠢ ᠲᠤᠩ︾ ᠲᠠᠪᠴᠠᠩ ᠵᠡᠷᠭᠡ ᠠᠷᠭ᠎ᠠ ᠵᠠᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠳ᠋ᠠᠶᠢᠲ᠋ᠠ ᠶᠢ ᠬᠠᠮᠲᠤ ᠪᠠᠷ ᠭᠥᠷᠳᠡᠬᠦ ᠶᠢ ᠴᠢᠩᠭᠠᠳᠬᠠᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠬᠠᠮᠢᠶ᠎ᠠ ᠪᠦᠬᠦᠢ ᠯᠠᠪᠯᠠᠭ᠎ᠠ᠂ ᠵᠠᠭᠠᠯᠳᠤᠯᠭ᠎ᠠ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠠᠵᠤ ᠠᠬᠤᠶᠢᠯᠠᠯ ᠤᠨ ᠲᠤᠰᠬᠠᠢ ᠵᠦᠢᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠮᠥᠩᠬᠡ ᠰᠤᠪᠠᠭ · ᠲᠠᠨ ᠢ ᠬᠠᠪᠰᠤᠷᠤᠨ ᠭᠦᠢᠴᠡᠳᠬᠡᠬᠦ︾ ᠴᠣᠩᠬᠤᠪᠴᠢ ᠯᠤᠭ᠎ᠠ ᠥᠨᠳᠥᠷ ᠪᠦᠲᠦᠮᠵᠢᠲᠡᠶ ᠪᠠᠷ ᠬᠤᠯᠪᠤᠭᠠᠯᠠᠨ ᠬᠥᠳᠡᠯᠦᠯᠴᠡᠵᠦ᠂ ᠡᠵᠡᠩᠨᠡᠯᠲᠡ ᠶᠢᠨ ᠭᠤᠣᠯ ᠴᠣᠭᠴᠠ ᠳᠤ ᠪᠥᠬᠦ ᠴᠤᠪᠤᠷᠠᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ᠂ ᠦᠨᠡᠯᠡᠬᠦ ᠵᠡᠷᠭᠡ ᠲᠠᠯ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ᠂ ᠪᠤᠰᠤᠳᠴᠢ ᠪᠠᠷ ᠦᠨᠡᠯᠡᠨ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠨᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢ ᠠᠬᠢᠭᠤᠯᠤᠨ᠎ᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ