ᠬᠤᠶᠠᠷ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠵᠣᠯᠭᠠᠭᠤᠯᠤᠨ ᠲᠥᠬᠦᠷᠵᠢᠭᠦᠯᠬᠦ ᠶᠢ ᠴᠢᠩᠭᠠᠳᠬᠠᠨ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ | ᠵᠢᠭᠠᠨ ᠵᠢᠯᠣᠭᠤᠳᠤᠯᠭ᠎ᠠ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠪᠠ ᠳ᠋ᠢᠵᠢᠲ᠋ᠠᠯ | ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠳᠤᠭᠤᠶᠢᠯᠠᠩ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠲᠣᠰ ᠲᠥᠰᠥᠯ ᠳᠤ ᠲᠣᠭᠲᠠᠭᠠᠭᠰᠠᠨ ᠬᠠᠷᠠᠯᠲᠠ ᠪᠠ ᠡᠭᠦᠷᠭᠡ ᠠᠵᠢᠯ ᠤᠨ ᠬᠤᠪᠢᠶᠠᠷᠢᠯᠠᠯ ᠤᠨ ᠲᠣᠭᠤᠷᠢᠨ ᠳᠤ᠂ ᠲᠥᠷᠥᠯ ᠵᠦᠢᠯᠴᠢᠯᠡᠭᠰᠡᠨ᠂ | ᠲᠣᠳᠣᠷᠬᠠᠢ ᠬᠠᠭᠤᠳᠠᠰᠤᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠠᠷᠢᠭᠤᠴᠠᠯᠭᠠᠲᠤ ᠰᠠᠯᠠᠭ᠎ᠠ ᠮᠥᠴᠢᠷ ᠪᠠ ᠠᠵᠢᠯᠲᠠᠨ ᠢ ᠲᠣᠳᠣᠷᠬᠠᠶᠢᠯᠠᠨ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠢ᠃ ᠠᠵᠢᠯ ᠤᠨ ᠪᠠᠶᠢᠳᠠᠯ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠣᠭᠲᠠᠴᠠ ᠶᠢ ᠪᠠᠶᠢᠭᠤᠯᠵᠤ | ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ | ᠬᠤᠪᠢᠷᠠᠭᠤᠯᠬᠤ ᠪᠠ ᠳ᠋ᠢᠵᠢᠲ᠋ᠠᠯ ᠵᠠᠰᠠᠭ ᠤᠨ ᠣᠷᠳᠣᠨ ᠢ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ︶ ᠲᠤ ᠥᠭᠡᠷᠡᠴᠢᠯᠡᠯᠲᠡ ᠶᠢ ᠠᠬᠢᠭᠤᠯᠬᠤ ᠶᠠᠪᠤᠴᠠ | ᠳᠤᠮᠳᠠᠬᠢ ᠴᠢᠬᠤᠯᠠ ᠶᠡᠭᠡ ᠪᠠᠶᠢᠳᠠᠯ᠂ ᠴᠢᠬᠤᠯᠠ ᠶᠡᠭᠡ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ | ᠬᠡᠷᠡᠭᠲᠡᠢ᠃ | ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠥᠭᠡᠷᠡᠴᠢᠯᠡᠯᠲᠡ ᠶᠢ ᠠᠬᠢᠭᠤᠯᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ | ᠴᠢᠨᠠᠷ ᠢ ᠤᠷᠮᠠᠰᠢᠭᠤᠯᠤᠨ ᠳᠠᠶᠢᠴᠢᠯᠠᠵᠤ᠂ ᠵᠣᠷᠢᠭᠲᠠᠢ ᠪᠠᠷ ᠲᠤᠷᠰᠢᠬᠤ᠂ ᠵᠣᠷᠢᠭᠲᠠᠢ ᠪᠠᠷ ᠬᠢᠬᠦ᠂ ᠪᠡᠶ᠎ᠡ ᠪᠠᠨ ᠳᠠᠭᠠᠭᠠᠨ ᠥᠭᠡᠷᠡᠴᠢᠯᠡᠬᠦ ᠶᠢ ᠨᠢ ᠵᠣᠷᠢᠭᠵᠢᠭᠤᠯᠵᠤ᠂ | ᠬᠠᠤᠯᠢ ᠪᠠᠷ ᠵᠠᠰᠠᠬᠤ ᠪᠣᠷᠣ ᠲᠥᠯᠥᠪ ᠳᠣᠲᠣᠷ᠎ᠠ ᠤᠤᠭᠠᠯ ᠪᠦᠲᠦᠭᠡᠯᠴᠢ ᠴᠢᠨᠠᠷᠲᠠᠢ᠂ ᠵᠦᠷᠢᠶᠡᠴᠢᠯᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ | ᠬᠠᠶᠢᠨ ᠰᠦᠪᠡᠭᠴᠢᠯᠡᠬᠦ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠨᠢ ᠳᠡᠮᠵᠢᠵᠦ᠂ ᠠᠬᠤᠢ | ᠪᠠᠶᠢᠳᠠᠯ ᠤᠨ ᠬᠡᠷᠡᠭᠯᠡᠭᠡᠨ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠲᠣᠬᠢᠷᠠᠭᠤᠯᠵᠤ᠂ ᠨᠠᠩ ᠣᠯᠠᠨ ᠰᠢᠰᠲ᠋ᠧᠮ ᠤᠨ ᠴᠢᠨᠠᠷᠲᠠᠢ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠭᠠᠷᠭᠠᠵᠤ᠂ ᠨᠢᠭᠡ ᠪᠦᠯᠦᠭ ᠤᠤᠭᠠᠯ ᠪᠦᠲᠦᠭᠡᠯᠴᠢ ᠴᠢᠨᠠᠷᠲᠠᠢ᠂ ᠵᠦᠷᠢᠶᠡᠴᠢᠯᠡᠭᠰᠡᠨ ᠨᠡᠶᠢᠲᠡᠯᠢᠭ | ᠲᠤᠷᠰᠢᠯᠭᠠᠲᠤ ᠠᠷᠭ᠎ᠠ ᠬᠢᠳᠡᠯ ᠢ ᠪᠣᠶ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠠᠯ᠎ᠠ ᠪᠠᠷ ᠬᠢ ︽ᠲᠠᠩ ᠭᠠᠭᠴᠠ ᠵᠦᠢᠯ ᠤᠨ ᠮᠠᠩᠯᠠᠢ︾ | ᠶᠢ ᠨᠠᠩ ᠣᠯᠠᠨ ᠴᠣᠭᠴᠠᠯᠠᠨ᠎ᠠ᠃ | ︵ᠭᠤᠷᠪᠠ︶ ᠪᠣᠯᠵᠣᠨ ᠶᠠᠷᠢᠯᠴᠠᠵᠤ ᠨᠡᠪᠲᠡᠷᠡᠭᠦᠯᠦᠨ ᠮᠡᠳᠡᠭᠡᠯᠡᠬᠦ ᠶᠢ ᠬᠡᠷᠡᠭᠵᠢᠭᠦᠯᠦᠨ᠎ᠡ᠃ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠣᠯᠵᠣᠨ | ᠶᠠᠷᠢᠯᠴᠠᠬᠤ᠂ ᠦᠨᠡᠯᠡᠨ ᠵᠢᠱᠢᠬᠦ ᠪᠠ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 160 ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠠᠵᠢᠯ ᠤᠨ ᠴᠢᠬᠤᠯᠠ | ᠦᠨᠳᠦᠰᠦᠯᠡᠯ ᠪᠣᠯᠭᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠬᠤ ᠠᠵᠢᠯ ᠢ ᠥᠷᠨᠢᠭᠦᠯᠵᠦ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠡᠭᠦᠷᠭᠡ ᠶᠢ ᠠᠬᠢᠭᠤᠯᠬᠤ ᠪᠠᠷ ᠤᠳᠠᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠣᠣᠷ᠎ᠠ᠂ ᠠᠰᠠᠭᠤᠳᠠᠯ ᠲᠤᠰᠬᠠᠬᠤ ᠪᠠᠷ ᠴᠢᠩᠭ᠎ᠠ ᠪᠠᠶᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠢ ᠨᠡᠪᠲᠡᠷᠡᠭᠦᠯᠦᠨ | ᠮᠡᠳᠡᠭᠡᠯᠡᠬᠦ ᠶᠢᠨ ᠬᠠᠮᠲᠤ᠂ ᠬᠡᠷᠡᠭᠴᠡᠭᠡ ᠪᠠᠨ ᠦᠨᠳᠦᠰᠦᠯᠡᠨ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ | ᠃ | ︵ᠳᠥᠷᠪᠡ︶ ᠰᠢᠮᠳᠠᠭᠤᠯᠤᠨ ᠱᠠᠭᠠᠷᠳᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠭᠦᠢᠴᠡᠳᠬᠡᠯ ᠲᠣᠭᠠᠨ ᠤ ᠲᠦᠪᠰᠢᠨ ᠪᠠ ᠠᠵᠤ ᠠᠬᠤᠶᠢᠯᠠᠯ ᠤᠨ | ᠲᠥᠷᠥᠭᠳᠡᠯ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠠᠵᠢᠯ ᠤᠨ ᠰᠢᠨ᠎ᠡ ᠡᠭᠦᠳᠦᠯᠲᠡ ᠶᠢ ᠬᠠᠮᠲᠤ ᠳᠤ ᠨᠢ ᠬᠠᠷᠠᠭᠠᠯᠵᠠᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠦᠨ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠶᠢ | ᠥᠷᠨᠢᠭᠦᠯᠵᠦ᠂ ᠦᠨᠡᠯᠡᠨ ᠵᠢᠱᠢᠯᠲᠡ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠨ᠎ᠡ᠃ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠪᠡᠶᠡᠴᠢᠯᠡᠨ ᠣᠶᠢᠯᠠᠭᠠᠬᠤ ᠡᠯᠴᠢ᠂ ᠬᠢᠨᠠᠯᠲᠠ ᠲᠠᠯᠪᠢᠭᠴᠢ᠂ ᠬᠠᠷᠢᠯᠴᠠᠬᠤ ᠴᠡᠭ ᠵᠡᠷᠭᠡ ᠣᠶᠢᠯᠠᠭᠠᠵᠤ ᠨᠡᠪᠲᠡᠷᠡᠯᠴᠡᠬᠦ ᠠᠷᠭ᠎ᠠ ᠵᠠᠮ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠢ ᠬᠠᠷᠢᠭᠤ ᠲᠤᠰᠬᠠᠬᠤ ᠪᠠ ᠰᠢᠮᠳᠠᠭᠤᠯᠤᠨ | ᠰᠢᠢᠳᠪᠦᠷᠢᠯᠡᠭᠦᠯᠬᠦ ᠴᠥᠷᠬᠡᠯᠡᠭᠡ ᠲᠣᠭᠲᠠᠴᠠ ᠶᠢ ᠲᠡᠭᠦᠯᠳᠡᠷᠵᠢᠭᠦᠯᠦᠨ᠂ ᠥᠭᠡᠷᠡᠴᠢᠯᠡᠯᠲᠡ ᠶᠢᠨ ᠣᠨᠣᠪᠴᠢ ᠶᠢᠨ ᠬᠡᠮᠵᠢᠶ᠎ᠡ ᠪᠠ ᠠᠵᠤ ᠠᠬᠤᠶᠢᠯᠠᠯ ᠤᠨ ᠬᠦᠷᠲᠡᠮᠵᠢ ᠶᠢᠨ | ᠰᠡᠳᠬᠢᠭᠳᠡᠯ ᠢ ᠨᠡᠮᠡᠭᠳᠡᠭᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠠᠮᠲᠤᠷᠠᠭᠰᠠᠨ ᠰᠢᠮᠳᠠᠭᠤᠯᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠡᠪᠳᠡᠭᠰᠡᠨ ᠤ ᠴᠠᠭᠠᠨᠠᠬᠢ ᠬᠠᠷᠢᠭᠤᠴᠠᠯᠭ᠎ᠠ᠂ | ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠠᠭ ᠲᠤᠬᠠᠢ ᠳᠤ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠬᠤ | ᠬᠡᠷᠡᠭᠲᠡᠢ᠃ | ︵ᠲᠠᠪᠤ︶ ᠤᠬᠠᠭᠤᠯᠤᠨ ᠳᠡᠯᠭᠡᠷᠡᠭᠦᠯᠵᠦ ᠲᠠᠨᠢᠯᠴᠠᠭᠤᠯᠬᠤ ᠪᠠᠨ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢ ᠬᠦᠷᠢᠶᠡᠯᠡᠩ ᠲᠣᠭᠤᠷᠢᠭ ᠲᠤ ᠣᠷᠣᠭᠤᠯᠬᠤ᠂ | ᠠᠵᠤ ᠠᠬᠤᠶᠢᠯᠠᠯ ᠳᠤ ᠣᠷᠣᠭᠤᠯᠬᠤ ᠵᠡᠷᠭᠡ ᠨᠠᠷᠢᠯᠢᠭ ᠣᠨᠣᠴᠠᠲᠠᠢ ᠪᠠᠷ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠮᠤᠷᠬᠤ | ᠬᠡᠪᠴᠢᠶ᠎ᠡ ᠪᠠ ᠠᠰᠢᠭ ᠬᠦᠷᠲᠡᠭᠡᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠥᠭᠡᠷᠡᠴᠢᠯᠡᠯᠲᠡ ᠶᠢᠨ | ᠭᠤᠣᠯᠳᠠᠯᠭ᠎ᠠ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠦᠷ᠎ᠡ ᠨᠥᠯᠥᠭᠡ᠂ ᠨᠡᠶᠢᠲᠡᠯᠢᠭ ᠦᠢᠯᠡ ᠶᠠᠪᠤᠳᠠᠯ | ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠲᠣᠪᠤᠶᠢᠯᠭᠠᠨ ᠥᠷᠨᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠳᠤᠮᠳᠠᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ | ᠰᠣᠩᠭᠤᠨ ᠢᠯᠡᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠵᠢᠴᠢ | ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ ᠠᠵᠢᠯ ᠢ ᠥᠷᠨᠢᠭᠦᠯᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ | ᠯᠠᠪᠯᠠᠯᠲᠠ ᠪᠣᠯᠭᠠᠬᠤ ᠠᠵᠢᠯ ᠢ ᠰᠠᠶᠢᠲᠤᠷ ᠬᠢᠵᠦ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠭ᠋ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ | 4 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠡᠭᠦᠷᠭᠡ ᠶᠢᠨ ᠲᠣᠳᠣᠷᠬᠠᠢ ᠬᠠᠭᠤᠳᠠᠰᠤ ︵2024 — 2025 ᠣᠨ︶ | | | | | | | | | | | | | | | | | |