— —2025 ᠣᠨ ᠤ 1 ᠰᠠᠷ᠎ᠠ ᠶᠢᠨ 19 ᠤ ᠡᠳᠦᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ | ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠠᠩ ᠴᠢᠩ | | ᠲᠥᠯᠥᠭᠡᠯᠡᠭᠴᠢᠳ ᠡ᠄ | ᠣᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠵᠢᠴᠢ ᠬᠤᠷᠠᠯ ᠳᠤ ᠰᠤᠯᠠ ᠣᠷᠣᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ | ᠫᠢᠩ ᠤᠨ ᠦᠪᠦᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠦᠪᠡᠷᠲᠡᠭᠡᠨ ᠵᠠᠰᠠᠬᠤ ᠣᠷᠣᠨ ᠪᠠ ᠬᠦᠯᠦᠨ | ᠪᠣᠶᠢᠷ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ | ᠲᠣᠮᠣ ᠶᠠᠪᠤᠳᠠᠯ ᠢ ᠰᠠᠶᠢᠲᠤᠷ ᠬᠢᠬᠦ ᠳᠤ ᠬᠦᠴᠦᠨ ᠢᠶᠠᠨ ᠲᠦᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ | ᠤᠷᠢᠳᠠᠪᠠᠷ ᠪᠣᠳᠣᠯᠬᠢᠯᠠᠨ᠂ ᠪᠤᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ︽ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ | ᠠᠳᠬᠤᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ︾ ᠲᠠᠯ᠎ᠠ ᠪᠠᠷ ᠬᠦᠴᠦᠯᠡᠨ | ᠴᠢᠷᠮᠠᠶᠢᠵᠤ᠂ ᠪᠦᠬᠦ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠪᠠᠲᠤ ᠴᠢᠩᠭ᠎ᠠ ᠤᠷᠤᠭᠰᠢᠯᠠᠯᠲᠠ ᠶᠢ ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ︽ᠬᠠᠳᠠᠭᠠᠯᠠᠭᠳᠠᠴᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠠᠬᠢᠭᠤᠯᠬᠤ᠂ ᠴᠢᠨᠰᠠᠭ᠎ᠠ ᠶᠢ ᠳᠡᠭᠡᠭᠰᠢᠯᠡᠭᠦᠯᠬᠦ︾ ᠳᠤ | ᠬᠦᠴᠦᠨ ᠢᠶᠠᠨ ᠲᠦᠪᠯᠡᠷᠡᠭᠦᠯᠵᠦ ᠬᠥᠭᠵᠢᠯᠲᠡ ᠶᠢᠨ ᠬᠠᠷᠢᠮᠠᠬᠠᠢ ᠴᠢᠨᠠᠷ ᠲᠠᠰᠤᠷᠠᠯᠲᠠ ᠦᠭᠡᠢ ᠡᠷᠴᠢᠮᠵᠢᠪᠡ᠃ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ | ᠲᠣᠭᠲᠠᠪᠤᠷᠢᠵᠢᠪᠠ᠃ ᠣᠷᠣᠨ ᠨᠤᠲᠤᠭ ᠤᠨ ᠦᠢᠯᠡᠳᠪᠦᠷᠢᠯᠡᠯ ᠤᠨ ᠵᠢᠱᠢᠯᠲᠡ ᠶᠡᠷᠦᠩᠬᠡᠢ ᠦᠷᠳᠡᠭ 90 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠰᠠᠭᠤᠭᠠᠯᠢ | ᠠᠷᠠᠳ ᠤᠨ ᠬᠦᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 5% ᠪᠠᠷ ᠨᠡᠮᠡᠭᠳᠡᠪᠡ᠃ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 9.53 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ | ᠲᠤᠭ᠎ᠠ ᠶᠢ 7.53 ᠳ᠋ᠦᠩᠰᠢᠭᠤᠷ ᠲᠦᠬᠦᠷᠢᠭ ᠪᠡᠶᠡᠯᠡᠭᠦᠯᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7.89 ᠳ᠋ᠦᠩᠰᠢᠭᠤᠷ ᠲᠥᠭᠦᠷᠢᠭ ᠲᠤ | ᠬᠦᠷᠴᠦ᠂ ᠲᠡᠦᠬᠡᠨ ᠰᠢᠨ᠎ᠡ ᠥᠨᠳᠥᠷ ᠪᠠᠷᠢᠮᠲᠠ ᠶᠢ ᠡᠭᠦᠳᠦᠨ᠂ 41.29% ᠪᠠᠷ ᠨᠡᠮᠡᠭᠳᠡᠵᠦ᠂ ᠣᠶᠢᠷ᠎ᠠ ᠶᠢᠨ ᠠᠷᠪᠠᠨ ᠵᠢᠯ ᠤᠨ ᠬᠠᠮᠤᠭ ᠦᠨᠳᠦᠷ ᠲᠤ ᠬᠦᠷᠪᠡ᠃ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠨᠡᠮᠡᠭᠳᠡᠨ ᠦᠷ᠎ᠡ ᠠᠰᠢᠭ ᠨᠡᠮᠡᠭᠳᠡᠪᠡ᠃ ᠭᠤᠣᠯᠳᠠᠯᠭ᠎ᠠ ᠲᠠᠢ ᠲᠥᠷᠥᠯ ᠵᠦᠢᠯ ᠢ 22 | ᠬᠡᠷᠡᠭᠵᠢᠭᠦᠯᠦᠨ᠂ ᠣᠨ ᠤ ᠪᠡᠯᠡ ᠣᠷᠤᠭᠤᠯᠤᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠲᠦᠷᠦᠯ ᠵᠦᠢᠯ ᠤᠨ ᠲᠤᠭ᠎ᠠ ᠪᠠ ᠪᠡᠯᠡ ᠣᠷᠤᠭᠤᠯᠤᠯᠲᠠ ᠶᠢᠨ | ᠬᠡᠮᠵᠢᠶ᠎ᠡ ᠲᠤᠰᠪᠦᠷᠢ 83% ᠪᠠ 59% ᠪᠠᠷ ᠨᠡᠮᠡᠭᠳᠡᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠯᠠᠪᠰᠢᠷᠠᠨ ᠭᠦᠨᠵᠡᠭᠡᠶᠢᠷᠡᠪᠡ᠃ ᠰᠢᠨ᠎ᠡ ᠪᠠᠷ | ᠬᠡᠯᠡᠯᠴᠡᠭᠡᠷ ᠲᠣᠭᠲᠠᠭᠰᠠᠨ ᠲᠥᠷᠥᠯ ᠵᠦᠢᠯ 15 ᠪᠠᠶᠢᠵᠤ᠂ ᠤᠯᠤᠰ ᠤᠨ ᠳᠣᠲᠣᠭᠠᠳᠤ ᠶᠢᠨ ᠪᠡᠯᠡ ᠮᠥᠩᠭᠦ ᠶᠢ 8.4 ᠳ᠋ᠦᠩᠰᠢᠭᠤᠷ ᠲᠥᠭᠦᠷᠢᠭ ᠣᠷᠣᠭᠤᠯᠤᠨ | ᠠᠪᠴᠢᠷᠠᠵᠤ᠂ 14.9% ᠪᠠᠷ ᠨᠡᠮᠡᠭᠳᠡᠪᠡ︔ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ 2600 ᠲᠦᠮᠡᠨ ᠲᠥᠭᠦᠷᠢᠭ ᠲᠤ ᠬᠦᠷᠴᠦ᠂ ︽ᠲᠡᠭ︾ ᠪᠠᠶᠢᠭᠰᠠᠨ ᠢ | ᠰᠢᠪᠲᠤᠯᠬᠤ ᠶᠢᠨ ᠬᠠᠮᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠠᠮᠢᠵᠢᠷᠠᠯ ᠤᠨ ᠬᠦᠴᠦᠨ ᠢᠶᠠᠷ ᠪᠠᠳᠠᠷᠠᠪᠠ᠃ ᠪᠠᠶᠠᠷ | ᠳᠤᠷᠠᠰᠬᠠᠯ ᠤᠨ ᠡᠳᠦᠷ ᠢ ᠪᠦᠲᠦᠮᠵᠢᠲᠡᠶ ᠠᠳᠬᠤᠵᠤ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 22 ᠲᠠᠯᠠᠪᠤᠷ ᠤᠳᠠᠭ᠎ᠠ ᠡᠷᠬᠢᠯᠡᠨ᠂ ᠵᠠᠰᠠᠭ ᠤᠨ ᠣᠷᠳᠣᠨ ᠤ | ᠬᠡᠷᠡᠭᠯᠡᠭᠡᠨ ᠤ ᠲᠡᠮᠳᠡᠭᠲᠦ ᠶᠢ 50 ᠲᠦᠮᠡᠨ ᠲᠥᠭᠦᠷᠢᠭ ᠲᠠᠷᠬᠠᠭᠠᠵᠤ᠂ 500 ᠭᠠᠷᠤᠢ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ︽ᠪᠠᠷᠠᠭᠤᠨ | ᠬᠤᠰᠢᠭᠤᠨ ᠤ ᠰᠥᠨᠢ ᠶᠢᠨ ᠵᠠᠬ᠎ᠠ ᠠᠷᠠᠯᠵᠢᠶ᠎ᠠ︾ ᠶᠢᠨ ᠭᠠᠭᠴᠠ ᠡᠳᠦᠷ ᠤᠨ ᠬᠡᠷᠡᠭᠯᠡᠭᠡᠨ ᠤ ᠬᠡᠮᠵᠢᠶ᠎ᠡ 20 ᠲᠦᠮᠡᠨ ᠲᠥᠭᠦᠷᠢᠭ ᠢ ᠳᠠᠪᠠᠵᠤ᠂ ᠰᠦᠨᠢ ᠶᠢᠨ ᠠᠵᠤ | ᠠᠬᠤᠢ ᠶᠢᠨ ᠬᠦᠭᠵᠢᠯᠲᠡ ᠳᠤ ᠦᠷᠬᠦᠯᠵᠢᠯᠡᠨ ᠬᠦᠴᠦᠨ ᠨᠡᠮᠡᠷᠢᠯᠡᠪᠡ᠃ | ᠨᠢᠭᠡ ᠵᠢᠯ ᠤᠨ ᠲᠤᠷᠰᠢ᠂ ᠪᠢᠳᠡ ︽ᠪᠦᠲᠦᠴᠡ ᠶᠢ ᠲᠣᠬᠢᠷᠠᠭᠤᠯᠬᠤ᠂ ᠬᠡᠪᠴᠢᠶ᠎ᠡ ᠶᠢ ᠥᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ︾ ᠳᠤ ᠬᠦᠴᠦᠨ ᠢᠶᠠᠨ | ᠲᠦᠪᠯᠡᠷᠡᠭᠦᠯᠵᠦ᠂ ᠠᠵᠤ ᠦᠢᠯᠡᠰ ᠤᠨ ᠬᠥᠭᠵᠢᠯᠲᠡ ᠲᠣᠭᠲᠠᠭᠤᠨ ᠤ ᠳᠠᠭᠠᠤ ᠳᠤ ᠴᠢᠨᠠᠷ ᠤᠨ ᠳᠡᠭᠡᠭᠰᠢᠯᠡᠯᠲᠡ ᠲᠠᠢ ᠪᠣᠯᠪᠠ᠃ ᠮᠠᠯ ᠠᠵᠤ ᠠᠬᠤᠢ ᠶᠢᠨ ᠰᠠᠭᠤᠷᠢ ᠨᠡᠩ | ᠪᠠᠬᠢᠵᠢᠪᠡ᠃ 4769 ᠲᠦᠮᠡᠨ ᠲᠥᠭᠦᠷᠢᠭ ᠤᠨ ᠪᠡᠯᠡ ᠣᠷᠣᠭᠤᠯᠵᠤ᠂ 7.5 ᠲᠦᠮᠡᠨ ᠲᠡᠭᠰᠢ ᠳᠥᠷᠪᠡᠯᠵᠢᠨ ᠮᠧᠲᠷ ᠤᠨ ᠬᠠᠰᠢᠶ᠎ᠠ ᠰᠠᠷᠠᠪᠴᠢ᠂ 29 ᠰᠠᠭᠤᠷᠢ | ᠲᠡᠵᠢᠭᠡᠯ ᠪᠣᠷᠳᠣᠭᠠᠨ ᠤ ᠬᠥᠮᠥᠷᠭᠡ᠂ 63 ᠰᠠᠭᠤᠷᠢ ᠤᠰᠤᠨ ᠰᠤᠷᠪᠤᠯᠵᠢ ᠶᠢᠨ ᠬᠤᠳᠳᠤᠭ ᠢ ᠪᠦᠲᠦᠭᠡᠨ ᠪᠠᠶᠢᠭᠤᠯᠵᠤ᠂ 43 ᠡᠷᠦᠬᠡ ᠣᠶᠤᠨᠴᠢ ᠮᠠᠯᠵᠢᠯ ᠤᠨ | ᠲᠠᠯᠠᠪᠠᠶ ᠶᠢ ᠪᠦᠲᠦᠭᠡᠨ ᠪᠠᠶᠢᠭᠤᠯᠪᠠ᠃ 83 ᠲᠦᠮᠡᠨ ᠲᠣᠯᠣᠭᠠᠢ ᠮᠠᠯ ᠪᠣᠷᠤᠯᠠᠭᠤᠯᠵᠤ᠂ ᠮᠢᠬᠠᠨ ᠤ ᠭᠠᠷᠤᠯᠲᠠ᠂ ᠰᠦᠨ ᠤ ᠭᠠᠷᠤᠯᠲᠠ ᠨᠢ ᠲᠤᠰᠪᠦᠷᠢ 2.56 | ᠲᠦᠮᠡᠨ ᠲᠣᠨ ᠪᠠ 1742 ᠲᠣᠨ ᠳᠤ ᠬᠦᠷᠴᠦ᠂ 8% ᠪᠠ 5.5% ᠪᠠᠷ ᠨᠡᠮᠡᠭᠳᠡᠪᠡ᠃ ᠬᠥᠲᠥᠴᠢ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠤᠨ᠂ | ᠬᠤᠩᠭᠢᠷᠠᠳ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠦᠢᠯᠡᠳᠪᠦᠷᠢᠯᠡᠯ ᠢᠶᠠᠨ ᠡᠬᠢᠯᠡᠭᠦᠯᠦᠨ ᠦᠷ᠎ᠡ ᠠᠰᠢᠭ ᠣᠯᠪᠠ᠃ ︽ᠪᠠᠷᠠᠭᠤᠨ ᠬᠤᠰᠢᠭᠤᠨ ᠤ ᠬᠤᠨᠢᠨ | ᠮᠢᠬ᠎ᠠ︾ ᠶᠢᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠡᠯᠡᠳᠬᠡᠨ ᠪᠠᠶᠢᠭᠤᠯᠬᠤ ᠠᠵᠢᠯ ᠱᠠᠲᠤᠴᠢ | ᠠᠬᠢᠯᠲᠠ ᠲᠠᠢ ᠪᠣᠯᠵᠤ᠂ ︽ᠳᠤᠮᠳᠠᠳᠤ ᠤᠯᠤᠰ ᠤᠨ ᠴᠠᠭ ᠠᠭᠤᠷ︾ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠠᠭ | ᠤᠯᠠᠷᠢᠯ ᠤᠨ ᠨᠡᠷᠡᠲᠦ ᠲᠡᠮᠳᠡᠭ ᠢᠶᠠᠷ ᠰᠣᠩᠭᠤᠭᠳᠠᠵᠤ᠂ ︽ᠮᠣᠩᠭᠤᠯ︾ ᠥᠰᠥᠭ ᠤᠨ ᠲᠡᠮᠳᠡᠭᠲᠦ ᠠᠵᠤ ᠠᠬᠤᠶᠢᠯᠠᠯ ᠰᠢᠨ᠎ᠡ ᠪᠠᠷ 2 ᠨᠡᠮᠡᠭᠳᠡᠨ᠂ ᠦᠪᠡᠷᠲᠡᠭᠡᠨ | ᠵᠠᠰᠠᠬᠤ ᠣᠷᠣᠨ ᠤ ᠳᠡᠰ ᠤᠨ ᠭᠤᠣᠯᠯᠠᠭᠴᠢ ᠡᠭᠦᠯᠳᠡᠷ ᠪᠣᠶᠢᠵᠢᠭᠤᠯᠬᠤ ᠲᠠᠯᠠᠪᠠᠢ ᠰᠢᠨ᠎ᠡ ᠪᠠᠷ 1 ᠨᠡᠮᠡᠭᠳᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ︽ᠬᠤᠣᠰ ᠭᠡᠷᠡᠴᠢᠯᠡᠯᠲᠡ︾ ᠨᠢ ᠰᠢᠯᠭᠠᠨ ᠪᠠᠶᠢᠴᠠᠭᠠᠵᠤ ᠬᠤᠷᠢᠶᠠᠨ ᠠᠪᠬᠤ ᠱᠠᠲᠤᠨ ᠳᠤ ᠣᠷᠣᠪᠠ᠃ | ᠦᠢᠯᠡᠳᠪᠦᠷᠢ ᠠᠭᠤᠷᠬᠠᠢ ᠶᠢᠨ ᠠᠵᠤ ᠦᠢᠯᠡᠰ ᠤᠨ ᠴᠢᠨᠠᠷ ᠴᠢᠨᠰᠠᠭ᠎ᠠ ᠦᠷ᠎ᠡ ᠠᠰᠢᠭ ᠨᠡᠩ ᠳᠡᠭᠡᠭᠰᠢᠯᠡᠪᠡ᠃ ᠳᠤᠮᠳᠠᠳᠤ ᠤᠯᠤᠰ ᠤᠨ ᠬᠤᠸᠠᠩ ᠶᠢᠨ ᠠᠭᠤᠷᠬᠠᠢ ᠶᠢᠨ | ᠦᠢᠯᠡᠰ ᠤᠨ ᠳᠣᠣᠷ᠎ᠠ ᠠᠭᠤᠯᠤᠭᠳᠠᠴᠠ ᠲᠠᠢ ᠵᠡᠰ ᠤᠨ ᠬᠠᠶᠠᠭᠳᠠᠮᠠᠯ ᠬᠦᠳᠡᠷ ᠢ ᠠᠰᠢᠭᠯᠠᠬᠤ ᠲᠥᠷᠥᠯ ᠵᠦᠢᠯ ᠪᠠᠷᠢᠯᠭ᠎ᠠ ᠳᠠᠭᠤᠰᠤᠨ ᠠᠰᠢᠭᠯᠠᠯᠲᠠ ᠳᠤ ᠣᠷᠣᠵᠤ᠂ | ᠪᠥᠬᠦ ᠣᠷᠣᠨ ᠤ ᠵᠡᠰ ᠬᠠᠪᠲᠠᠰᠤ ᠦᠢᠯᠡᠳᠪᠦᠷᠢᠯᠡᠬᠦ ᠠᠩᠬᠠᠳᠠᠭᠴᠢ ᠠᠵᠤ ᠠᠬᠤᠶᠢᠯᠠᠯ ᠪᠣᠯᠪᠠ᠃ ᠴᠤᠤ ᠹᠠᠨ ᠠᠭᠤᠷᠬᠠᠢ ᠶᠢᠨ ᠦᠢᠯᠡᠰ ᠤᠨ ᠮᠠᠯᠲᠠᠵᠤ ᠰᠢᠯᠢᠬᠦ ᠲᠥᠷᠥᠯ | ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠤᠨ ᠴᠣᠬᠤᠯᠠᠪᠤᠷᠢ ᠶᠢ ᠣᠯᠵᠤ᠂ ᠣᠯᠠᠨ ᠲᠡᠮᠦᠷᠯᠢᠭ ᠤᠨ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠪᠠ᠃ 8 ᠠᠵᠤ ᠠᠬᠤᠶᠢᠯᠠᠯ ᠯᠤᠭ᠎ᠠ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠰᠠᠨᠠᠮᠵᠢ ᠲᠣᠭᠲᠠᠵᠤ᠂ | ᠬᠤᠸᠠ ᠳ᠋ᠢᠶᠠᠨ ᠤ ᠭᠡᠷᠡᠯᠴᠢ ᠴᠡᠨᠡᠭ ᠤᠨ ᠲᠥᠷᠥᠯ ᠵᠦᠢᠯ ᠢ ᠰᠦᠯᠵᠢᠶᠡᠨ ᠳᠤ ᠣᠷᠤᠭᠤᠯᠤᠨ ᠡᠵᠡᠩᠨᠡᠵᠦ᠂ ᠰᠢᠨ᠎ᠡ ᠬᠠᠭᠤᠴᠢᠨ ᠬᠦᠳᠡᠯᠭᠡᠭᠴᠢ ᠬᠦᠴᠦᠨ ᠤ ᠬᠤᠪᠢᠷᠠᠯ | ᠰᠢᠨ᠎ᠡ ᠠᠯᠬᠤᠮ ᠲᠠᠯᠪᠢᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠨᠡᠩ ᠠᠮᠢᠵᠢᠷᠠᠯ ᠤᠨ ᠬᠦᠴᠦᠨ ᠲᠠᠢ ᠪᠣᠯᠪᠠ᠃ ᠠᠷᠠᠳ ᠤᠨ ᠨᠠᠭᠠᠳᠤᠮ ᠬᠥᠳᠡᠭᠡ | ᠲᠣᠰᠬᠤᠨ ᠤ ᠨᠠᠶᠢᠷ ᠬᠤᠯᠠ ᠣᠶᠢᠷ᠎ᠠ ᠳᠤ ᠠᠯᠳᠠᠷᠰᠢᠵᠤ᠂ ᠪᠦᠬᠦ ᠤᠯᠤᠰ ᠤᠨ ᠣᠯᠠᠨ ᠲᠦᠮᠡᠨᠴᠢ ᠰᠣᠶᠣᠯ ᠤᠨ ᠨᠡᠷᠡᠲᠦ ᠲᠡᠮᠳᠡᠭ ᠤᠨ ᠨᠡᠶᠢᠲᠡᠯᠢᠭ ᠵᠢᠱᠢᠶ᠎ᠡ ᠪᠠᠷ | ᠦᠨᠡᠯᠡᠭᠳᠡᠪᠡ᠃ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠤᠨ ᠠᠯᠳᠠᠷᠰᠢᠯ ᠢ ᠳᠠᠭᠤᠷᠢᠰᠬᠠᠨ᠂ ᠣᠯᠠᠨ ᠲᠦᠮᠡᠨ ᠤ ᠲᠣᠭᠯᠠᠯᠲᠠ ᠶᠢᠨ ᠲᠠᠶᠢᠰᠠ᠂ | ᠳᠤᠮᠳᠠᠳᠤ ᠮᠣᠩᠭᠤᠯ ᠤᠨ ᠵᠠᠯᠠᠭᠤᠴᠤᠳ ᠪᠠᠭᠠᠴᠤᠳ ᠤᠨ ᠰᠤᠷᠤᠯᠴᠠᠯᠭ᠎ᠠ ᠰᠣᠳᠣᠯᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ 210 ᠲᠠᠯᠠᠪᠤᠷ ᠤᠳᠠᠭ᠎ᠠ | ᠡᠷᠬᠢᠯᠡᠨ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ 18 ᠵᠣᠬᠢᠶᠠᠨ ᠪᠦᠲᠦᠭᠡᠵᠦ᠂ ᠠᠷᠠᠰᠤᠨ ᠰᠡᠶᠢᠯᠦᠮᠡᠯ᠂ ᠬᠦᠭᠢᠮᠡᠢ ᠵᠡᠷᠭᠡ ᠪᠣᠳᠠᠰ ᠤᠨ ᠪᠣᠰᠤ ᠰᠣᠶᠣᠯ ᠤᠨ | ᠥᠪ ᠤᠨ ᠲᠦᠷᠦᠯ ᠵᠦᠢᠯ ᠨᠢ ᠤᠯᠤᠰ ᠤᠨ ᠪᠣᠳᠠᠰ ᠤᠨ ᠪᠣᠰᠤ ᠰᠣᠶᠣᠯ ᠤᠨ ᠥᠪ ᠤᠨ ᠣᠷᠳᠣᠨ ᠤ ᠦᠵᠡᠭᠦᠯᠦᠯᠭᠡ ᠳᠤ ᠣᠷᠣᠯᠴᠠᠪᠠ᠃ ᠬᠡᠷᠦᠯᠦᠨ ᠪᠠᠭᠤᠴᠠ᠂ | ᠵᠡᠭᠦᠨ ᠰᠦᠮ᠎ᠡ ᠶᠢᠨ ᠡᠷᠦᠬᠡ ᠶᠢᠨ ᠪᠠᠭᠤᠳᠠᠯ ᠭᠡᠭᠴᠢ ᠬᠦᠳᠡᠭᠡ ᠲᠣᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠰᠢᠨ᠎ᠡ ᠠᠷᠭ᠎ᠠ ᠵᠠᠮ ᠢ ᠰᠡᠲᠦᠵᠦ᠂ | ᠪᠦᠲᠦᠭᠡᠭᠳᠡᠬᠦᠨ ᠤ ᠬᠠᠩᠭᠠᠯᠭ᠎ᠠ ᠪᠠ ᠵᠢᠭᠤᠯᠴᠢᠯᠠᠯ ᠤᠨ ᠦᠢᠯᠡᠰ ᠤᠨ ᠠᠬᠤᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠪᠠ᠃ ᠵᠢᠭᠤᠯᠴᠢᠯᠠᠯ ᠤᠨ ᠤᠯᠠᠭ᠎ᠠ | ᠥᠷᠲᠡᠭᠡ ᠶᠢ ᠳᠡᠰ ᠳᠡᠪᠰᠢᠭᠦᠯᠦᠨ ᠵᠠᠰᠠᠨ ᠰᠢᠨᠡᠳᠭᠡᠵᠦ᠂ ᠪᠣᠭᠳᠠᠠᠭᠤᠯᠠ ᠰᠣᠶᠣᠯ ᠵᠢᠭᠤᠯᠴᠢᠯᠠᠯ ᠤᠨ e ᠦᠷᠲᠡᠭᠡ ᠶᠢᠨ ︽ᠠᠷᠠᠯᠵᠢᠶ᠎ᠠ ᠬᠤᠳᠠᠯᠳᠤᠭ᠎ᠠ ᠪᠠᠷ | ᠦᠷᠲᠡᠭᠡ ᠪᠠᠨ ᠡᠵᠡᠩᠨᠡᠬᠦ︾ ᠨᠡᠶᠢᠲᠡᠯᠢᠭ ᠵᠢᠱᠢᠶ᠎ᠡ ᠨᠢ ᠪᠥᠬᠦ ᠤᠯᠤᠰ ᠤᠨ ᠠᠷᠪᠠᠨ ᠰᠣᠳᠣᠨ ᠤ ᠢᠷᠠᠭᠤ ᠠᠯᠳᠠᠷ ᠢ ᠬᠦᠷᠲᠡᠪᠡ᠃ ᠪᠥᠬᠦ ᠵᠢᠯ ᠳᠤ ᠵᠤᠭᠠᠴᠠᠭᠰᠠᠳ ᠢ | 55.6 ᠲᠦᠮᠡᠨ ᠬᠥᠮᠥᠨ ᠤᠳᠠᠭ᠎ᠠ ᠭᠥᠯᠢᠶᠡᠨ ᠵᠣᠴᠢᠯᠠᠵᠤ᠂ ᠵᠢᠭᠤᠯᠴᠢᠯᠠᠯ ᠤᠨ ᠣᠷᠣᠯᠭ᠎ᠠ ᠶᠢ 6.1 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠲᠤᠰᠪᠦᠷᠢ 14. | 7% ᠪᠠ 21.5% ᠪᠠᠷ ᠨᠡᠮᠡᠭᠳᠡᠵᠦ᠂ ᠲᠠᠪᠤᠨ ᠵᠢᠯ ᠳᠠᠷᠠᠭᠠᠯᠠᠨ ︽ᠳᠤᠮᠳᠠᠳᠤ ᠤᠯᠤᠰ ᠤᠨ ᠬᠠᠮᠤᠭ ᠤᠨ ᠦᠵᠡᠰᠬᠦᠯᠡᠩᠲᠦ ᠰᠠᠶᠢᠬᠠᠨ ᠰᠢᠶᠠᠨ ᠤ ᠨᠡᠷᠡᠰ ᠤᠨ | ᠵᠢᠭᠰᠠᠭᠠᠯᠲᠠ︾ ᠳᠤ ᠢᠷᠠᠭᠤ ᠠᠯᠳᠠᠷᠲᠠᠢ ᠳᠣᠳᠣᠷᠠᠪᠠ᠃ | ᠨᠢᠭᠡ ᠵᠢᠯ ᠤᠨ ᠲᠤᠷᠰᠢ᠂ ᠪᠢᠳᠡ ︽ᠲᠡᠭᠷᠢ ᠪᠠᠨ ᠨᠡᠩ ᠴᠡᠯᠮᠡᠭ ᠲᠠᠯ᠎ᠠ ᠪᠠᠨ ᠨᠡᠩ ᠨᠣᠭᠤᠭᠠᠨ᠂ ᠤᠰᠤ ᠪᠠᠨ ᠨᠡᠩ ᠴᠡᠩᠬᠡᠭ ᠪᠠᠶᠢᠯᠭᠠᠬᠤ︾ ᠳᠤ ᠬᠦᠴᠦᠨ ᠢᠶᠠᠨ | ᠲᠦᠪᠯᠡᠷᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠬᠦᠯᠵᠢᠯᠡᠨ ᠪᠠᠬᠢᠵᠢᠪᠡ᠃ ᠠᠮᠢ ᠠᠬᠤᠢ ᠶᠢᠨ ᠣᠷᠴᠢᠨ ᠲᠣᠭᠤᠷᠢᠨ ᠲᠣᠭᠲᠠᠭᠤᠨ ᠢᠶᠠᠷ ᠰᠠᠶᠢᠵᠢᠷᠠᠪᠠ᠃ | ᠪᠥᠬᠦ ᠵᠢᠯ ᠤᠨ ᠠᠭᠠᠷ ᠤᠨ ᠴᠢᠨᠠᠷ ᠴᠢᠨᠰᠠᠭ᠎ᠠ ᠴᠡᠪᠡᠷ ᠰᠠᠶᠢᠨ ᠡᠳᠦᠷ ᠤᠨ ᠲᠣᠭᠠᠨ ᠤ ᠬᠠᠷᠢᠴᠠᠯ 99.7% ᠳᠤ ᠬᠦᠷᠴᠦ᠂ ᠪᠥᠬᠦ ᠬᠤᠲᠠ ᠳᠤ ᠲᠡᠷᠢᠭᠦᠯᠡᠪᠡ᠃ | ᠭᠤᠣᠯ ᠨᠠᠭᠤᠷ ᠢ ᠬᠠᠮᠢᠶᠠᠷᠬᠤ ᠳᠠᠷᠤᠭ᠎ᠠ ᠪᠠ ᠣᠶ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠦᠯᠦᠨ | ᠨᠠᠭᠤᠷ ᠳᠠᠭᠠᠤ ᠣᠷᠣᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠢᠳᠡᠭᠳᠡᠮᠡᠯ ᠭᠤᠤ ᠶᠢ 6.2 ᠺᠢᠯᠣᠮᠧᠲᠷ ᠵᠠᠰᠠᠨ ᠴᠡᠭᠴᠡᠯᠡᠵᠦ᠂ ᠬᠥᠯᠥᠨ ᠨᠠᠭᠤᠷ ᠤᠨ | ᠤᠰᠤᠨ ᠤ ᠬᠡᠮᠵᠢᠶ᠎ᠡ ᠪᠠ ᠲᠠᠯᠠᠪᠠᠶ ᠶᠢᠨ ᠲᠣᠭᠲᠠᠭᠤᠨ ᠢ ᠪᠠᠲᠤᠯᠠᠪᠠ᠃ ᠭᠠᠵᠠᠷ ᠰᠢᠷᠣᠢ ᠶᠢᠨ ᠶᠡᠷᠦᠩᠬᠡᠶᠢᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠰᠢᠢᠳᠪᠦᠷᠢᠯᠡᠬᠦ ᠪᠠᠷ ᠬᠢᠨᠠᠨ ᠵᠥᠪᠰᠢᠶᠡᠷᠡᠭᠰᠡᠨ ᠪᠣᠯᠪᠠᠴᠤ ᠰᠢᠢᠳᠪᠦᠷᠢᠯᠡᠭᠡᠳᠦᠢ ᠰᠤᠯᠠ | ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠠᠵᠢᠯ ᠢ ᠤᠷᠢᠳᠴᠢᠯᠠᠨ ᠪᠡᠶᠡᠯᠡᠭᠦᠯᠪᠡ᠃ 153 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠠᠭᠠᠷ ᠬᠦᠷᠦᠰᠦ ᠶᠢ | ᠨᠢᠭᠡ ᠴᠣᠭᠴᠠᠵᠢᠭᠤᠯᠤᠨ ᠬᠤᠯᠪᠣᠭᠠᠯᠠᠵᠤ ᠲᠤᠨᠳᠠᠰᠤ ᠨᠡᠮᠡᠭᠳᠡᠭᠦᠯᠬᠦ ᠠᠵᠢᠯᠯᠠᠭ᠎ᠠ ᠶᠢ 14 ᠤᠳᠠᠭ᠎ᠠ ᠥᠷᠨᠢᠭᠦᠯᠵᠦ᠂ ᠪᠦᠬᠦ ᠵᠢᠯ ᠤᠨ ᠲᠤᠨᠳᠠᠰᠤᠨ ᠤ ᠬᠡᠮᠵᠢᠶ᠎ᠡ | 20% ᠪᠠᠷ ᠨᠡᠮᠡᠭᠳᠡᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ 8% ᠪᠠᠷ ᠳᠡᠭᠡᠭᠰᠢᠯᠡᠪᠡ᠃ ᠠᠮᠢ ᠠᠬᠤᠢ ᠶᠢᠨ ᠵᠠᠰᠠᠯᠲᠠ ᠭᠦᠨᠵᠡᠭᠡᠶᠢᠷᠡᠪᠡ᠃ ᠠᠭᠤᠯᠠ | ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠡᠭᠦᠷᠭᠡ ᠶᠢ 9.43 ᠲᠦᠮᠡᠨ ᠮᠦ ᠪᠡᠶᠡᠯᠡᠭᠦᠯᠵᠦ᠂ | 20 ᠲᠦᠮᠡᠨ ᠮᠦ ᠬᠢᠶᠠᠭ ᠡᠪᠡᠰᠦ ᠲᠠᠷᠢᠵᠤ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 2335 ᠮᠦ ᠰᠡᠷᠭᠦᠭᠡᠨ ᠵᠠᠰᠠᠪᠠ᠃ ᠪᠡᠯᠴᠢᠭᠡᠷ ᠤᠨ | ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠪᠤᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠬᠦ ᠵᠡᠷᠭᠡ ᠲᠤᠰᠬᠠᠢ ᠠᠵᠢᠯ ᠢ ᠭᠦᠨᠵᠡᠭᠡᠢ ᠦᠷᠨᠢᠭᠦᠯᠦᠨ᠂ 61.47 ᠲᠦᠮᠡᠨ ᠬᠤᠨᠢᠨ ᠤ ᠨᠢᠭᠡᠴᠡ ᠶᠢᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠰᠡᠨ ᠮᠠᠯ | ᠤᠨᠤᠭ᠎ᠠ ᠶᠢ ᠪᠦᠲᠦᠮᠵᠢᠲᠡᠢ ᠰᠢᠢᠳᠪᠦᠷᠢᠯᠡᠵᠦ᠂ ᠣᠶ ᠰᠢᠭᠤᠢ ᠨᠤᠲᠤᠭ ᠪᠡᠯᠴᠢᠭᠡᠷ᠂ ᠤᠯᠤᠰ ᠤᠨ ᠭᠠᠵᠠᠷ ᠰᠢᠷᠤᠢ ᠵᠡᠷᠭᠡ ᠬᠦᠷᠢᠶ᠎ᠡ ᠴᠠᠷᠠᠭᠠᠨ ᠳᠠᠬᠢ ᠲᠣᠭᠲᠠᠭᠠᠯ ᠠᠴᠠ | ᠵᠦᠷᠢᠴᠡᠭᠰᠡᠨ ᠭᠠᠵᠠᠷ ᠤᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠣᠨ ᠤ ᠡᠭᠦᠷᠭᠡ ᠪᠠᠨ ᠥᠨᠳᠥᠷ ᠪᠦᠲᠦᠮᠵᠢᠲᠡᠶ ᠪᠡᠶᠡᠯᠡᠭᠦᠯᠪᠡ᠃ | | |