ᠨᠢᠭᠡ ᠵᠢᠯ ᠤᠨ ᠲᠤᠷᠰᠢ᠂ ᠪᠢᠳᠡ ︽ᠠᠰᠠᠭᠤᠳᠠᠯ ᠢ ᠰᠢᠢᠳᠪᠦᠷᠢᠯᠡᠬᠦ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ︾ ᠳᠤ | ᠬᠦᠴᠦᠨ ᠢᠶᠠᠨ ᠲᠦᠪᠯᠡᠷᠡᠭᠦᠯᠵᠦ᠂ ᠬᠦᠳᠡᠯᠭᠡᠬᠦ ᠬᠦᠴᠦᠨ ᠨᠠᠩ ᠡᠷᠴᠢᠮᠵᠢᠪᠡ᠃ ᠪᠣᠳᠠᠲᠠᠢ ᠠᠵᠢᠯᠯᠠᠭ᠎ᠠ ᠰᠢᠷᠭᠠᠭᠤ ᠴᠢᠷᠮᠠᠶᠢᠯᠭ᠎ᠠ ᠪᠠᠷ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠪᠡ᠃ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠳᠣᠬᠢᠶᠠᠯ ᠵᠠᠪᠰᠢᠶᠠᠨ ᠳᠠᠪᠬᠤᠴᠠᠭᠰᠠᠨ ᠵᠠᠩᠭᠢᠯᠠᠭ᠎ᠠ ᠶᠢᠨ ᠵᠠᠪᠰᠠᠷ ᠤᠨ | ᠬᠤᠭᠤᠴᠠᠭ᠎ᠠ ᠶᠢ ᠠᠯᠳᠠᠯ ᠦᠭᠡᠢ ᠪᠠᠷᠢᠮᠲᠠᠯᠠᠵᠤ᠂ ᠲᠥᠪ ᠤᠨ ᠲᠥᠰᠥᠪ ᠲᠤ ᠪᠠᠶᠢᠭ᠎ᠠ ᠪᠡᠯᠡ ᠣᠷᠣᠭᠤᠯᠤᠯᠲᠠ᠂ ᠬᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ | ᠵᠢᠭᠡᠯᠡᠯᠭᠡ ᠵᠡᠷᠭᠡ ᠲᠡᠳᠬᠦᠮᠵᠢ ᠶᠢᠨ ᠲᠦᠷᠦᠯ ᠵᠦᠢᠯ ᠢ 9 ᠭᠤᠶᠤᠴᠢᠯᠠᠵᠤ᠂ 7887 ᠲᠦᠮᠡᠨ ᠲᠥᠭᠦᠷᠢᠭ ᠤᠨ ᠪᠡᠯᠡ ᠮᠦᠩᠭᠦ ᠶᠢ ᠨᠠᠶᠢᠳᠠᠪᠤᠷᠢᠵᠢᠭᠤᠯᠪᠠ᠃ | ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ ᠠᠷᠠᠳ ᠲᠦᠮᠡᠨ ᠬᠦᠴᠢᠷᠳᠡᠯ ᠢ ᠰᠢᠢᠳᠪᠦᠷᠢᠯᠡᠪᠡ ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠳᠤᠯᠠᠭᠠᠨ | ᠪᠦᠯᠢᠶᠡᠨ ᠪᠠᠶᠢᠬᠤ ᠡᠰᠡᠬᠦ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ᠂ 690 ᠲᠦᠮᠡᠨ ᠲᠥᠭᠦᠷᠢᠭ ᠤᠨ ᠪᠡᠯᠡ ᠣᠷᠤᠭᠤᠯᠤᠨ᠂ 2.6 | ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠲᠣᠣᠷ ᠪᠠ 13 ᠺᠢᠯᠣᠮᠧᠲᠷ ᠤᠨ ᠠᠰᠠᠷ ᠳᠣᠲᠣᠷᠠᠬᠢ ᠪᠣᠰᠤᠭ᠎ᠠ ᠬᠤᠭᠤᠯᠠᠢ ᠶᠢ ᠵᠠᠰᠠᠨ ᠰᠢᠨᠡᠳᠬᠡᠵᠦ᠂ ᠬᠠᠯᠠᠮᠵᠢ ᠶᠢᠨ | ᠨᠡᠭᠦᠷᠡᠰᠦ ᠶᠢ 8000 ᠲᠣᠨ ᠰᠢᠬᠠᠮ ᠲᠠᠷᠬᠠᠭᠠᠵᠤ᠂ 5255 ᠡᠷᠦᠬᠡ ᠳᠤ ᠠᠰᠢᠭ ᠬᠦᠷᠲᠡᠭᠡᠪᠡ᠃ ᠭᠡᠷ ᠤᠨ ᠳᠤᠯᠠᠭᠠᠨ ᠤ ᠬᠡᠮᠵᠢᠶ᠎ᠡ ᠶᠢ ᠬᠢᠨᠠᠨ ᠬᠡᠮᠵᠢᠬᠦ | ᠲᠥᠬᠦᠭᠡᠷᠦᠮᠵᠢ ᠶᠢ 466 ᠤᠭᠰᠠᠷᠠᠨ᠂ ᠢᠯᠴᠢ ᠬᠠᠩᠭᠠᠯᠭ᠎ᠠ ᠶᠢᠨ ᠦᠢᠯᠡᠳᠦᠯ ᠴᠢᠳᠠᠪᠬᠢ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ | ᠠᠷᠠᠳ ᠣᠯᠠᠨ ᠤ ᠪᠡᠶ᠎ᠡ ᠰᠡᠳᠬᠢᠯ ᠢ ᠨᠠᠩ ᠳᠤᠯᠠᠭᠠᠴᠠᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠬᠦᠳᠡᠯᠭᠡᠭᠦᠷ ᠲᠤ ᠬᠦᠴᠦᠨ ᠨᠡᠮᠡᠷᠢᠯᠡᠪᠡ᠃ | ᠷᠦᠩ ᠳ᠋ᠠ᠂ ᠶᠢᠨ ᠱᠠᠨ ᠠᠭᠤᠷᠬᠠᠢ ᠶᠢᠨ ᠦᠢᠯᠡᠰ ᠤᠨ ᠮᠡᠷᠭᠡᠵᠢᠯ ᠢ ᠰᠠᠶᠢᠵᠢᠷᠠᠭᠤᠯᠬᠤ ᠲᠦᠷᠦᠯ ᠵᠦᠢᠯ ᠢ ᠪᠡᠶᠡᠯᠡᠭᠦᠯᠪᠡ᠃ ᠳᠤᠮᠳᠠᠳᠤ ᠤᠯᠤᠰ ᠤᠨ ᠬᠤᠸᠠᠩ ᠶᠢᠨ | ᠠᠭᠤᠷᠬᠠᠢ ᠶᠢᠨ ᠦᠢᠯᠡᠰ ᠤᠨ ᠨᠠᠯᠠᠤ ᠬᠥᠲᠥᠯ ᠢ ᠷᠠᠳᠠᠷ ᠢᠶᠠᠷ ᠬᠢᠨᠠᠨ ᠬᠡᠮᠵᠢᠬᠦ ᠡᠭᠦᠯᠡᠨ ᠲᠠᠪᠴᠠᠩ᠂ ᠬᠠᠶᠠᠭᠳᠠᠮᠠᠯ ᠠᠭᠤᠷᠬᠠᠢ ᠶᠢᠨ ᠬᠥᠮᠥᠷᠭᠡ ᠶᠢ ᠭᠠᠷ ᠡᠵᠡᠮᠳᠡᠭᠦᠷ | ᠨᠢᠰᠬᠡᠯ ᠢᠶᠠᠷ ᠲᠣᠭᠤᠷᠢᠨ ᠪᠠᠶᠢᠴᠠᠭᠠᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠷᠢᠭᠦᠨ ᠤ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠪᠠ᠃ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ | ᠬᠤᠭᠤᠴᠠᠭᠠᠨ ᠤ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠦᠭᠰᠡᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ᠃ | ᠰᠠᠶᠢᠬᠠᠨ ᠲᠠᠷᠢᠶᠠᠯᠠᠩ ᠤᠨ ᠮᠠᠰᠢᠨ ᠤᠯᠤᠰ ᠤᠨ ᠲᠤᠰᠬᠠᠢ ᠠᠰᠢᠭ ᠤᠨ ᠡᠷᠬᠡ ᠣᠯᠭᠤᠯᠲᠠ ᠶᠢ ᠢᠷᠠᠭᠤ ᠠᠯᠳᠠᠷᠲᠠᠢ ᠪᠠᠷ ᠬᠦᠷᠲᠡᠪᠡ᠃ | ᠨᠢᠭᠡ ᠵᠢᠯ ᠤᠨ ᠲᠤᠷᠰᠢ᠂ ᠪᠢᠳᠡ ︽ᠰᠠᠭᠤᠷᠢ ᠶᠢ ᠪᠠᠬᠢᠵᠢᠭᠦᠯᠬᠦ᠂ ᠨᠠᠭᠠᠳᠤ ᠵᠠᠬ᠎ᠠ ᠶᠢ ᠪᠠᠲᠤᠯᠠᠬᠤ᠂ ᠳᠤᠲᠠᠭᠤᠳᠠᠯ ᠢ ᠨᠦᠬᠦᠪᠦᠷᠢᠯᠡᠬᠦ︾ ᠳᠤ ᠬᠦᠴᠦᠨ ᠢᠶᠠᠨ | ᠲᠦᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠠᠩ ᠪᠠᠶᠠᠯᠢᠭᠵᠢᠪᠠ᠃ ᠰᠠᠭᠤᠷᠢ ᠲᠦᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ 1 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 16 ᠺᠢᠯᠤᠮᠧᠲᠷ ᠤᠨ ᠤᠰᠤ ᠬᠠᠩᠭᠠᠬᠤ ᠬᠤᠭᠤᠯᠠᠢ ᠲᠣᠣᠷ ᠤᠭᠰᠠᠷᠠᠬᠤ᠂ 72 ᠺᠢᠯᠣᠮᠧᠲᠷ ᠤᠨ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ︽ᠬᠢᠯᠢ ᠬᠢᠵᠠᠭᠠᠷ ᠤᠨ ᠬᠦᠭᠵᠢᠯᠲᠡ ᠶᠢᠨ ᠰᠢᠨ᠎ᠡ ᠵᠠᠮ ᠤᠨ ᠬᠦᠲᠦᠯᠦᠯᠲᠡ︾ ᠶᠢᠨ ᠠᠷᠭ᠎ᠠ | ᠲᠤᠷᠰᠢᠯᠭ᠎ᠠ ᠨᠢ ᠪᠦᠬᠦ ᠤᠯᠤᠰ ᠤᠨ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠪᠦᠬᠦ ᠵᠢᠯ ᠳᠤ ᠪᠣᠭᠳᠠ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠠᠴᠠ ᠨᠢᠰᠴᠦ ᠪᠠᠭᠤᠭᠰᠠᠨ ᠨᠢ 477 ᠤᠳᠠᠭ᠎ᠠ ᠳᠤ ᠬᠦᠷᠴᠦ᠂ 55% ᠪᠠᠷ ᠨᠡᠮᠡᠭᠳᠡᠵᠦ᠂ ᠲᠡᠦᠬᠡᠨ ᠰᠢᠨ᠎ᠡ | ᠲᠡᠮᠳᠡᠭᠯᠡᠯ ᠢ ᠡᠭᠦᠳᠪᠡ᠃ 5566 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠡᠯᠡ ᠮᠥᠩᠭᠦ ᠶᠢ ᠵᠣᠯᠭᠠᠭᠤᠯᠬᠤ ᠲᠥᠷᠥᠯ ᠵᠦᠢᠯ ᠢ 30 ᠬᠡᠷᠡᠭᠵᠢᠭᠦᠯᠵᠦ᠂ | ᠲᠥᠪᠯᠡᠷᠡᠭᠦᠯᠦᠨ ᠬᠠᠰᠢᠶᠠᠯᠠᠨ ᠲᠡᠵᠢᠭᠡᠬᠦ ᠰᠠᠭᠤᠷᠢᠨ ᠭᠠᠵᠠᠷ ᠢ 3 ᠪᠠᠶᠢᠭᠤᠯᠤᠨ᠂ ᠠᠵᠤ ᠦᠢᠯᠡᠰ ᠤᠨ ᠰᠠᠭᠤᠷᠢ ᠨᠡᠩ ᠪᠠᠬᠢᠵᠢᠪᠡ᠃ ᠪᠤᠶᠢᠳᠠ ᠪᠥᠭᠯᠡᠭᠦᠦ ᠣᠷᠣᠨ ᠳᠤ | ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ︽ᠴᠠᠬᠢᠯᠭᠠᠨ ᠲᠣᠣᠷ ᠢ ᠤᠷᠲᠤᠳᠬᠠᠬᠤ︾ ᠢᠨᠵᠧᠨᠧᠷᠢᠩ ᠢ ᠬᠡᠷᠡᠭᠵᠢᠭᠦᠯᠵᠦ᠂ 532 ᠮᠠᠯᠵᠢᠬᠤ ᠡᠷᠦᠬᠡ ᠠᠰᠢᠭ | ᠬᠦᠷᠲᠡᠪᠡ᠃ ᠰᠠᠭᠤᠷᠢ ᠦᠷᠲᠡᠭᠡ ᠶᠢ ᠰᠢᠨ᠎ᠡ ᠪᠠᠷ 25 ᠪᠠᠶᠢᠭᠤᠯᠵᠤ᠂ ᠴᠢᠮᠡᠭᠡ ᠨᠡᠪᠲᠡᠷᠡᠭᠦᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠤᠯᠠᠮ ᠳᠡᠭᠡᠭᠰᠢᠯᠡᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶ᠎ᠡ ᠦᠷᠭᠡᠵᠢᠨ ᠦᠷ᠎ᠡ ᠠᠰᠢᠭ ᠨᠡᠮᠡᠭᠳᠡᠪᠡ᠃ ᠠᠷᠠᠳ ᠲᠦᠮᠡᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ | ᠠᠷᠠᠳ ᠢ ᠬᠠᠷᠠᠭᠠᠯᠵᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ | ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ 63% ᠳᠤ ᠬᠦᠷᠪᠡ᠃ ᠠᠵᠢᠯ ᠣᠯᠭᠤᠯᠲᠠ ᠶᠢᠨ ᠠᠷᠭ᠎ᠠ ᠵᠠᠮ ᠢ ᠣᠯᠠᠨ ᠬᠦᠷᠢᠶ᠎ᠡ ᠴᠠᠷᠠᠭᠠᠨ ᠳᠤ | ᠪᠥᠬᠦ ᠲᠠᠯ᠎ᠠ ᠪᠠᠷ ᠥᠷᠭᠡᠳᠬᠡᠵᠦ᠂ ᠬᠤᠲᠠ ᠪᠠᠯᠭᠠᠰᠤ ᠶᠢᠨ ᠠᠵᠢᠯ ᠣᠯᠣᠭᠰᠠᠳ ᠰᠢᠨ᠎ᠡ ᠪᠠᠷ 184 ᠬᠥᠮᠥᠨ ᠨᠡᠮᠡᠭᠳᠡᠵᠦ᠂ 124 ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠪᠠ᠃ ᠭᠠᠭᠴᠠᠭᠠᠷ ᠰᠠᠭᠤᠭ᠎ᠠ ᠨᠠᠰᠤᠲᠠᠶᠢᠴᠤᠳ ᠪᠠ ᠵᠡᠮᠳᠡᠭᠴᠦᠳ ᠲᠤ ᠤᠲᠤᠭ᠎ᠠ ᠮᠠᠨᠠᠨ ᠤ ᠲᠦᠭᠰᠢᠭᠦᠷᠢ ᠮᠡᠳᠡᠭᠦᠯᠬᠦ ᠮᠠᠰᠢᠨ ᠢ 265 | ᠤᠭᠰᠠᠷᠠᠨ ᠦᠭᠴᠦ᠂ ᠨᠠᠰᠤᠲᠠᠶᠢᠴᠤᠳ ᠤᠨ ᠠᠰᠠᠷᠠᠨ ᠰᠣᠪᠢᠯᠠᠬᠤ ᠬᠦᠷᠢᠶᠡᠯᠡᠩ ᠤᠨ ︽ᠡᠮᠴᠢᠯᠡᠭᠡ ᠪᠠ ᠰᠣᠪᠢᠯᠠᠯᠲᠠ︾ ᠶᠢ ᠤᠶᠠᠯᠳᠤᠭᠤᠯᠬᠤ ᠰᠢᠨ᠎ᠡ ᠵᠠᠭᠪᠤᠷ ᠢ | ᠡᠭᠦᠳᠦᠨ᠂ ᠰᠠᠭᠤᠭ᠎ᠠ ᠨᠣᠷᠮ᠎ᠠ ᠨᠢ ᠪᠥᠬᠦ ᠬᠤᠲᠠ ᠶᠢᠨ ᠬᠠᠮᠤᠭ ᠦᠨᠳᠦᠷ ᠬᠡᠮᠵᠢᠶᠡᠨ ᠳᠤ ᠬᠦᠷᠪᠡ᠃ ᠡᠯ᠎ᠡ ᠵᠦᠢᠯ ᠤᠨ ᠨᠦᠬᠦᠪᠦᠷᠢ ᠮᠦᠩᠭᠦ ᠶᠢ 3.3 ᠳ᠋ᠦᠩᠰᠢᠭᠤᠷ | ᠲᠥᠭᠦᠷᠢᠭ ᠲᠠᠷᠬᠠᠭᠠᠨ᠂ 11 ᠲᠦᠮᠡᠨ ᠬᠥᠮᠥᠨ ᠤᠳᠠᠭ᠎ᠠ ᠬᠠᠷᠠᠭᠠᠯᠵᠠᠯ ᠦᠵᠡᠭᠦᠯᠪᠡ᠃ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠯᠲᠠ ᠶᠢᠨ ᠮᠥᠩᠭᠦ ᠶᠢ | 1820 ᠲᠦᠮᠡᠨ ᠲᠥᠭᠦᠷᠢᠭ ᠲᠠᠷᠬᠠᠭᠠᠵᠤ᠂ ᠪᠠᠭᠤᠷᠠᠶᠢᠴᠤᠤᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠬᠢᠵᠢᠭᠦᠯᠪᠡ᠃ ᠰᠤᠷᠭᠠᠨ ᠬᠥᠮᠦᠵᠢᠯ ᠡᠮ ᠡᠮᠨᠡᠯᠭᠡ ᠨᠡᠩ | ᠰᠢᠯᠢᠳᠡᠭᠵᠢᠪᠡ᠃ ᠪᠥᠬᠦ ᠬᠢᠴᠢᠶᠡᠯ ᠲᠦᠷᠦᠯ ᠢ ᠪᠦᠷᠢᠮᠦᠰᠦᠨ ᠤᠯᠤᠰ ᠤᠨ ᠨᠡᠶᠢᠳᠡᠮ ᠬᠡᠷᠡᠭᠯᠡᠭᠡᠨ ᠦᠭᠡ ᠬᠡᠯᠡ ᠪᠠᠷ ᠬᠢᠴᠢᠶᠡᠯᠯᠡᠬᠦ ᠠᠵᠢᠯ ᠢ ᠪᠦᠬᠦ ᠬᠤᠲᠠ ᠳᠤ | ᠲᠡᠷᠢᠭᠦᠯᠡᠨ ᠪᠡᠶᠡᠯᠡᠭᠦᠯᠵᠦ᠂ ︽ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠰᠢᠶᠠᠨ︾ ᠤ ᠦᠨᠡᠯᠡᠨ | ᠰᠢᠯᠭᠠᠬᠤ ᠵᠠᠩᠭᠢᠯᠠᠭ᠎ᠠ ᠶᠢᠨ ᠭᠤᠭᠴᠤᠭ᠎ᠠ ᠶᠢ ᠤᠷᠤᠭᠰᠢᠲᠠᠢ ᠲᠤᠭᠤᠯᠵᠤ᠂ ᠪᠦᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠵᠤ ᠬᠦᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠂ ᠤᠯᠤᠰ ᠤᠨ ᠡᠭᠦᠳᠡᠨ ᠳᠠᠬᠢ 15 ᠠᠩᠭᠢᠲᠤ | ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢᠨ ᠠᠵᠢᠯ ᠢ ᠳᠠᠭᠤᠰᠬᠠᠵᠤ᠂ 46 ᠪᠠᠭᠰᠢ ᠡᠯᠰᠡᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠨᠡᠩ | ᠪᠦᠷᠢᠨ ᠭᠦᠢᠴᠡᠳ ᠪᠣᠯᠪᠠ᠃ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠴᠢᠨᠠᠭᠰᠢᠳᠠ ᠳᠡᠭᠡᠭᠰᠢᠯᠡᠵᠦ᠂ ᠠᠷᠠᠳ ᠤᠨ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠪᠣᠯᠣᠨ ᠮᠣᠩᠭᠤᠯ ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠲᠠᠰ ᠳᠡᠪᠰᠢᠭᠦᠯᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠤ ᠬᠠᠤᠯᠢ ᠴᠠᠭᠠᠵᠠ ᠪᠠ ᠳᠦᠷᠢᠮ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ︽ᠠᠮᠢ ᠠᠪᠤᠷᠠᠬᠤ ᠵᠣᠭᠤᠰ︾ ᠢ ᠪᠠᠲᠤ ᠰᠠᠬᠢᠪᠠ | ᠃ ᠦᠨᠳᠦᠰᠦᠲᠡᠨ ᠤ ᠪᠦᠯᠬᠦᠮᠳᠡᠯ ᠭᠦᠨᠵᠡᠭᠡᠶᠢᠷᠡᠨ ᠪᠠᠬᠢᠵᠢᠪᠡ᠃ ︽ᠬᠢᠯᠢ ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠩᠭᠢᠯ︾ ᠢ ᠴᠣᠭᠴᠠᠯᠠᠨ ᠪᠠᠶᠢᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠢ ᠰᠢᠯᠢᠨ ᠰᠣᠩᠭᠤᠵᠤ᠂ ᠨᠠᠨᠺᠠᠢ ᠶᠡᠭᠡ ᠰᠤᠷᠭᠠᠭᠤᠯᠢ ᠶᠢᠨ ᠦᠨᠳᠦᠰᠦᠲᠡᠨ ᠤ | ᠬᠡᠷᠡᠭ ᠡᠷᠬᠢᠯᠡᠬᠦ ᠰᠤᠳᠤᠯᠭᠠᠨ ᠤ ᠲᠥᠪ ᠤᠨ ᠦᠢᠯᠡᠳᠦᠯᠭᠡ ᠶᠢᠨ ᠰᠠᠭᠤᠷᠢᠨ ᠭᠠᠵᠠᠷ ᠮᠠᠨ ᠤ ᠬᠤᠰᠢᠭᠤᠨ ᠳᠤ ᠫᠠᠶᠢᠰᠠ ᠡᠯᠭᠦᠨ ᠰᠠᠭᠤᠷᠢᠰᠢᠵᠤ᠂ ᠨᠢᠭᠡᠳᠦᠭᠡᠷ ᠪᠠᠭ᠎ᠠ | ᠰᠤᠷᠭᠠᠭᠤᠯᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ | ᠰᠤᠷᠭᠠᠭᠤᠯᠢ ᠪᠠᠷ ᠦᠨᠡᠯᠡᠭᠳᠡᠵᠦ᠂ ︽ᠤᠮᠠᠷᠠᠲᠤ ᠬᠢᠯᠢ ᠶᠢᠨ ᠠᠨᠠᠷ︾ ᠤᠨ ᠬᠤᠪᠢᠰᠬᠠᠯᠲᠤ ᠭᠡᠷᠡᠯ ᠭᠢᠯᠪᠠᠭ᠎ᠠ ᠨᠡᠩ ᠥᠳᠬᠡᠷᠡᠪᠡ᠃ | ᠨᠢᠭᠡ ᠵᠢᠯ ᠤᠨ ᠲᠤᠷᠰᠢ᠂ ᠪᠢᠳᠡ ︽ᠥᠭᠡᠷᠡᠴᠢᠯᠡᠯᠲᠡ ᠶᠢ ᠠᠳᠬᠤᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠨᠡᠭᠡᠭᠡᠯᠲᠡ ᠶᠢ ᠠᠬᠢᠭᠤᠯᠬᠤ︾ ᠳᠤ | ᠬᠦᠴᠦᠨ ᠢᠶᠠᠨ ᠲᠦᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠨᠡᠮᠡᠭᠳᠡᠪᠡ᠃ ᠥᠭᠡᠷᠡᠴᠢᠯᠡᠯᠲᠡ ᠶᠢᠨ ᠬᠦᠳᠡᠯᠭᠡᠬᠦ ᠬᠦᠴᠦᠨ | ᠦᠷᠭᠦᠯᠵᠢᠯᠡᠨ ᠪᠠᠳᠠᠷᠠᠪᠠ᠃ ︽ᠣᠯᠠᠨ ᠦᠨᠡᠮᠯᠡᠯ ᠢ ᠨᠢᠭᠡᠳᠬᠡᠬᠦ︾ ︽ᠦᠨᠡᠮᠯᠡᠯ ᠪᠠ ᠭᠡᠷᠡᠴᠢ ᠶᠢ ᠲᠤᠰᠠᠭᠠᠷᠯᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ | ᠠᠬᠤᠶᠢᠯᠠᠯ ᠡᠷᠬᠢᠯᠡᠬᠦ ᠭᠠᠷ ᠭᠦᠢᠴᠡᠳᠬᠡᠯ ᠢ ᠳᠦᠭᠦᠮᠴᠢᠯᠡᠵᠦ᠂ ᠡᠷᠬᠢᠯᠡᠨ ᠭᠦᠢᠴᠡᠳᠬᠡᠬᠦ ᠴᠠᠭ ᠢ ᠤᠯᠠᠮ ᠴᠢᠨᠠᠭᠰᠢᠳᠠ ᠪᠣᠭᠤᠨᠢᠰᠬᠠᠪᠠ᠃ ᠬᠥᠳᠡᠭᠡ ᠲᠣᠰᠬᠤᠨ ᠤ | ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ | ᠬᠡᠷᠡᠭᠯᠡᠭᠡᠨ ᠤ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠠᠵᠢᠯ ᠡᠯᠪᠡᠭ ᠪᠦᠲᠦᠮᠵᠢ ᠣᠯᠪᠠ᠃ ︽ᠭᠤᠷᠪᠠ ᠶᠢ ᠬᠤᠪᠢᠷᠠᠭᠤᠯᠬᠤ | ᠥᠭᠡᠷᠡᠴᠢᠯᠡᠯᠲᠡ︾ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ ᠮᠠᠯ ᠠᠵᠤ ᠠᠬᠤᠢ ᠶᠢᠨ | ᠦᠢᠯᠡᠴᠢᠯᠡᠭᠡᠨ ᠤ ᠺᠣᠮᠫᠠᠨᠢ ᠶᠢ ᠪᠦᠬᠦ ᠬᠤᠲᠠ ᠳᠤ ᠲᠡᠷᠢᠭᠦᠯᠡᠨ ᠪᠠᠶᠢᠭᠤᠯᠵᠤ᠂ 12 ᠲᠤᠷᠰᠢᠯᠲᠠ ᠶᠢᠨ ᠭᠠᠴᠠᠭ᠎ᠠ ᠪᠦᠬᠦᠨ ᠢᠶᠠᠷ ᠢᠶᠠᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠪᠠᠶᠢᠭᠤᠯᠵᠤ᠂ ᠦᠭᠡᠷᠡᠴᠢᠯᠡᠯᠲᠡ ᠶᠢᠨ ᠦᠷ᠎ᠡ ᠠᠰᠢᠭ ᠠᠩᠬ᠎ᠠ ᠠᠯᠬᠤᠮ ᠢᠯᠡᠷᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ | ᠰᠢᠯᠢᠳᠡᠭᠵᠢᠪᠡ᠃ ︽ᠵᠦᠢᠯ ᠵᠣᠷᠪᠣᠰ ᠢ ᠮᠡᠳᠡᠭᠳᠡᠨ ᠠᠮᠠᠯᠠᠯᠲᠠ ᠬᠢᠬᠦ + ᠠᠯᠳᠠᠭ᠎ᠠ ᠪᠤᠷᠤᠭᠤ ᠶᠢ ᠪᠠᠭᠲᠠᠭᠠᠨ ᠭᠦᠢᠴᠡᠳᠬᠡᠬᠦ︾ ᠬᠢᠨᠠᠨ ᠵᠥᠪᠰᠢᠶᠡᠷᠡᠯ ᠤᠨ | ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠭᠰᠡᠨ ᠨᠣᠷᠮ᠎ᠠ 98% ᠶᠢ ᠳᠠᠪᠠᠪᠠ᠃ ︽ᠡᠷᠦᠬᠡ ᠶᠢᠨ ᠪᠠᠭᠤᠳᠠᠯ | ᠡᠵᠡᠩᠨᠡᠬᠦ︾ ᠦᠪᠡᠷᠮᠢᠴᠡ ᠣᠨᠴᠠᠯᠢᠭᠲᠤ ᠶᠠᠪᠤᠳᠠᠯ ᠢ ᠲᠦᠯᠬᠢᠨ ᠠᠬᠢᠭᠤᠯᠵᠤ᠂ 12345 ᠤᠲᠠᠰᠤ ᠪᠠᠷ ᠢᠷᠡᠭᠦᠯᠦᠭᠰᠡᠨ ᠬᠦᠰᠡᠯ ᠱᠠᠭᠠᠷᠳᠠᠯᠭ᠎ᠠ ᠶᠢ ᠳᠠᠷᠤᠶᠢᠬᠠᠨ | ᠰᠢᠢᠳᠪᠦᠷᠢᠯᠡᠬᠦ ᠠᠵᠢᠯ ᠤᠨ ︽ᠳᠥᠷᠪᠡᠨ ᠨᠣᠷᠮ᠎ᠠ︾ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠬᠤᠰᠢᠭᠤᠷᠠᠵᠤ᠂ ︽ᠬᠦᠰᠡᠯ ᠱᠠᠭᠠᠷᠳᠠᠯᠭ᠎ᠠ ᠪᠠᠶᠢᠪᠠᠯ ᠡᠷᠬᠡᠪᠰᠢ | ᠬᠠᠷᠢᠭᠤ ᠲᠤᠰᠬᠠᠯ ᠥᠭᠬᠦ︾ ᠨᠡᠷᠡᠲᠦ ᠲᠡᠮᠳᠡᠭ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠨᠢᠭᠤᠷᠳᠠᠬᠤ ᠦᠭᠡᠢ ᠪᠠᠷ ᠳᠠᠭᠠᠭᠠᠴᠢᠯᠠᠯᠲᠠ ᠵᠠᠷᠯᠠᠬᠤ ᠪᠠ | ᠠᠯᠤᠰ ᠡᠵᠡᠮᠰᠢᠯ ᠢᠶᠠᠷ ᠬᠠᠷᠢ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠳᠤ ᠦᠢᠯᠡᠴᠢᠯᠡᠬᠦ ᠦᠢᠯᠡᠳᠦᠯ | ᠴᠢᠳᠠᠮᠵᠢ ᠦᠷᠭᠦᠯᠵᠢᠯᠡᠨ ᠳᠡᠭᠡᠭᠰᠢᠯᠡᠪᠡ᠃ ᠠᠵᠤ ᠠᠬᠤᠶᠢᠯᠠᠯ ᠤᠨ ᠭᠠᠷ ᠭᠦᠢᠴᠡᠳᠬᠡᠯ ᠢ ᠡᠷᠬᠢᠯᠡᠨ ᠭᠦᠢᠴᠡᠳᠬᠡᠬᠦ ᠳᠤ ᠲᠤᠰᠬᠠᠢ ᠠᠩᠭᠢᠴᠢᠯᠠᠨ ᠦᠢᠯᠡᠴᠢᠯᠡᠵᠦ᠂ ᠴᠣᠤ | ᠹᠠᠨ ᠠᠭᠤᠷᠬᠠᠢ ᠶᠢᠨ ᠦᠢᠯᠡᠰ ᠤᠨ ᠮᠠᠯᠲᠠᠵᠤ ᠰᠢᠯᠢᠬᠦ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠤᠨ | ᠬᠤᠷᠳᠤᠴᠠ ᠶᠢᠨ ᠰᠢᠨ᠎ᠡ ᠲᠡᠮᠳᠡᠭᠯᠡᠯ ᠢ ᠡᠭᠦᠳᠴᠦ᠂ ᠷᠦᠩ ᠳ᠋ᠡ ᠪᠠ ᠶᠢᠨ ᠱᠠᠨ ᠠᠭᠤᠷᠬᠠᠢ ᠶᠢᠨ ᠦᠢᠯᠡᠰ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ | ᠦᠨᠡᠮᠯᠡᠯ ᠢ ᠨᠢᠭᠡ ᠰᠠᠷ᠎ᠠ ᠣᠷᠢᠳᠴᠢᠯᠠᠨ ᠣᠯᠭᠤᠪᠠ᠃ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ 59 ᠵᠦᠢᠯ ᠤᠨ ᠪᠣᠳᠠᠲᠠᠢ ᠡᠭᠦᠷᠭᠡ ᠶᠢ ᠯᠠᠪᠳᠠᠭᠤᠨ | ᠪᠠᠲᠤᠲᠠᠢ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠮᠦᠩᠭᠦ ᠶᠢ 1118 ᠲᠦᠮᠡᠨ | ᠲᠥᠭᠦᠷᠢᠭ ᠲᠥᠯᠥᠵᠦ ᠳᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠢᠲᠡᠭᠡᠮᠵᠢᠲᠦ ᠠᠵᠤ ᠠᠬᠤᠶᠢᠯᠠᠯ ᠨᠢ 181 ᠳᠤ ᠬᠦᠷᠴᠦ᠂ ᠳᠤᠮᠳᠠᠳᠤ | ᠤᠯᠤᠰ ᠤᠨ ᠬᠤᠸᠠᠩ ᠶᠢᠨ ᠪᠦᠯᠦᠭᠯᠡᠯ ᠤᠨ ᠦᠪᠦᠷ ᠮᠣᠩᠭᠤᠯ ᠳᠠᠬᠢ ᠠᠭᠤᠷᠬᠠᠢ ᠶᠢᠨ ᠦᠢᠯᠡᠰ ᠨᠢ ᠦᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠢᠲᠡᠭᠡᠮᠵᠢᠲᠦ ᠠᠵᠤ ᠠᠬᠤᠶᠢᠯᠠᠯ ᠢᠶᠠᠷ ᠦᠨᠡᠯᠡᠭᠳᠡᠪᠡ᠃ ᠭᠠᠳᠠᠭᠠᠳᠤ ᠨᠡᠭᠡᠭᠡᠯᠲᠡ ᠦᠷᠬᠦᠯᠵᠢᠯᠡᠨ ᠦᠷᠭᠡᠵᠢᠪᠡ᠃ ᠬᠢᠯᠢ ᠶᠢᠨ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠲᠠᠯᠠᠪᠤᠷ ᠢ ᠬᠠᠲᠠᠭᠤᠷᠠᠭᠤᠯᠤᠯᠲᠠ ᠬᠢᠵᠦ ᠥᠷᠭᠡᠳᠬᠡᠨ ᠪᠠᠶᠢᠭᠤᠯᠬᠤ ᠪᠠ ᠤᠯᠤᠰ ᠤᠨ ᠡᠭᠦᠳᠡ ᠶᠢ ᠳᠡᠰ ᠳᠡᠪᠰᠢᠭᠦᠯᠦᠨ ᠵᠠᠰᠠᠨ ᠰᠢᠨᠡᠳᠬᠡᠬᠦ ᠵᠡᠷᠭᠡ | ᠪᠠᠷᠢᠯᠭ᠎ᠠ ᠶᠢᠨ ᠠᠵᠢᠯ ᠢ ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠢ ᠳ᠋ᠠ ᠽᠦᠩ ᠣᠯᠠᠨ ᠤᠯᠤᠰ ᠤᠨ ᠪᠠᠷᠠᠭᠠᠨ ᠤ ᠭᠦᠢᠯᠭᠡᠭᠡ ᠶᠢᠨ ᠬᠦᠷᠢᠶᠡᠯᠡᠩ | ᠲᠣᠭᠤᠷᠢᠭ ᠤᠨ ᠪᠠᠷᠢᠯᠭ᠎ᠠ ᠶᠢᠨ ᠠᠵᠢᠯ ᠢ ᠡᠬᠢᠯᠡᠭᠦᠯᠵᠦ᠂ ᠪᠠᠷᠠᠭ᠎ᠠ ᠲᠡᠭᠡᠭᠡᠪᠦᠷᠢ ᠶᠢᠨ ᠲᠤᠰᠬᠠᠢ ᠨᠡᠪᠲᠡᠷᠡᠬᠦ ᠵᠠᠮ ᠤᠨ ᠲᠥᠷᠥᠯ ᠵᠦᠢᠯ ᠪᠣᠳᠠᠲᠤ ᠠᠬᠢᠯᠲᠠ ᠲᠠᠢ ᠪᠣᠯᠵᠤ᠂ | ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠪᠠᠬᠢᠵᠢᠪᠡ᠃ ᠭᠠᠶᠢᠯᠢ ᠠᠴᠠ ᠬᠡᠯᠲᠦᠷᠢᠭᠦᠯᠬᠦ 2 ᠬᠤᠳᠠᠯᠳᠤᠭᠠᠨ ᠤ ᠲᠥᠪ ᠤᠨ | ᠡᠵᠡᠩᠨᠡᠯᠲᠡ ᠶᠢᠨ ᠬᠡᠮᠵᠢᠶ᠎ᠡ ᠨᠡᠶᠢᠲᠡ 55.7 ᠲᠦᠮᠡᠨ ᠲᠦᠬᠦᠷᠢᠭ ᠲᠤ ᠬᠦᠷᠴᠦ᠂ ᠵᠢᠯ ᠳᠡᠭᠡᠨ 7 ᠪᠦᠯᠦᠭ ᠤᠳᠠᠭ᠎ᠠ ᠪᠣᠭᠤᠮᠲᠠ ᠪᠠᠷ ᠬᠠᠷᠢᠯᠴᠠᠨ ᠠᠷᠠᠯᠵᠢᠶᠠᠯᠠᠵᠤ᠂ | 27.67 ᠲᠦᠮᠡᠨ ᠲᠥᠭᠦᠷᠢᠭ ᠤᠨ ᠠᠷᠠᠯᠵᠢᠶ᠎ᠠ ᠶᠢ ᠪᠡᠶᠡᠯᠡᠭᠦᠯᠪᠡ᠃ ᠳᠤᠮᠳᠠᠳᠤ ᠤᠯᠤᠰ ᠤᠨ ᠰᠢᠨ᠎ᠡ ᠪᠠᠷᠭᠤ ᠪᠠᠷᠠᠭᠤᠨ ᠬᠤᠰᠢᠭᠤ · ᠮᠣᠩᠭᠤᠯ ᠤᠯᠤᠰ ᠤᠨ | ᠳᠣᠷᠣᠨᠠᠲᠤ ᠠᠶᠢᠮᠠᠭ ᠤᠨ ᠵᠣᠯᠭᠠᠯᠲᠠ ᠶᠠᠪᠤᠯᠴᠠᠭᠠᠨ ᠤ ᠬᠤᠷᠠᠯ ᠢ ᠠᠮᠵᠢᠯᠲᠠᠲᠠᠢ ᠡᠷᠬᠢᠯᠡᠵᠦ᠂ ᠮᠣᠩᠭᠤᠯ ᠤᠯᠤᠰ ᠤᠨ ᠬᠡᠨᠲᠡᠢ ᠠᠶᠢᠮᠠᠭ ᠤᠨ ᠴᠢᠩᠭᠢᠰ ᠬᠤᠲᠠ ᠯᠤᠭ᠎ᠠ | ᠣᠯᠠᠨ ᠤᠯᠤᠰ ᠤᠨ ᠨᠥᠬᠦᠷᠰᠡᠭ ᠬᠤᠲᠠ ᠶᠢᠨ ᠰᠠᠨᠠᠮᠵᠢ ᠪᠢᠴᠢᠭ ᠲᠣᠭᠲᠠᠯᠴᠠᠵᠤ᠂ ᠮᠣᠩᠭᠤᠯ ᠤᠯᠤᠰ ᠯᠤᠭ᠎ᠠ ᠶᠢᠨ ᠣᠯᠠᠨ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭ᠎ᠠ | ᠦᠷᠭᠦᠯᠵᠢᠯᠡᠨ ᠭᠦᠨᠵᠡᠭᠡᠶᠢᠷᠡᠪᠡ᠃ ᠳᠤᠮᠳᠠᠳᠤ ᠮᠣᠩᠭᠤᠯ ᠤᠨ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠨᠡᠪᠲᠡᠷᠡᠬᠦ ᠶᠢ ᠰᠡᠷᠭᠦᠭᠡᠵᠦ᠂ ᠬᠠᠷ᠎ᠠ | ᠲᠤᠭᠤᠯᠭ᠎ᠠ ᠴᠠᠶᠢᠷ ᠤᠨ ᠠᠭᠤᠷᠬᠠᠢ ᠶᠢᠨ ᠨᠠᠷᠢᠯᠢᠭ ᠨᠤᠨᠳᠠᠭ ᠢ ᠭᠠᠳᠠᠭᠠᠳᠤ ᠠᠴᠠ ᠣᠷᠣᠭᠤᠯᠬᠤ ᠵᠠᠮ ᠢ ᠳᠠᠬᠢᠨ ᠨᠡᠪᠲᠡᠷᠡᠭᠦᠯᠵᠦ᠂ ᠨᠡᠭᠦᠷᠡᠰᠦᠨ ᠤ ᠪᠦᠬᠦᠯᠢ | ᠴᠣᠭᠴᠠ ᠪᠠᠷ ᠢᠶᠠᠨ ᠪᠣᠭᠤᠮᠲᠠ ᠪᠠᠷ ᠨᠡᠪᠲᠡᠷᠡᠬᠦ ᠴᠠᠭ ᠢ 69% ᠪᠠᠷ ᠪᠣᠭᠤᠨᠢᠰᠬᠠᠨ᠂ ᠪᠥᠬᠦ ᠵᠢᠯ ᠳᠤ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ | ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 34 ᠲᠦᠮᠡᠨ ᠲᠣᠨ ᠳᠤ ᠬᠦᠷᠴᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠬᠡᠮᠵᠢᠶ᠎ᠡ 3. | 6 ᠳ᠋ᠦᠩᠰᠢᠭᠤᠷ ᠲᠥᠭᠦᠷᠢᠭ ᠲᠤ ᠬᠦᠷᠴᠦ᠂ 93.1% ᠪᠠᠷ ᠨᠡᠮᠡᠭᠳᠡᠨ᠂ ᠬᠢᠯᠢ ᠪᠠᠷ ᠣᠷᠣᠵᠤ ᠭᠠᠷᠤᠭᠰᠠᠳ 12.8 ᠲᠦᠮᠡᠨ ᠬᠥᠮᠥᠨ ᠤᠳᠠᠭ᠎ᠠ ᠳᠤ ᠬᠦᠷᠴᠦ᠂ | ᠲᠡᠦᠬᠡᠨ ᠰᠢᠨ᠎ᠡ ᠦᠨᠳᠦᠷ ᠲᠤ ᠬᠦᠷᠪᠡ᠃ | | |