ᠨᠢᠭᠡ ᠵᠢᠯ ᠤᠨ ᠲᠤᠷᠰᠢ᠂ ᠪᠢᠳᠡ ︽ᠠᠮᠤᠷ ᠲᠦᠪᠰᠢᠨ ᠢ ᠶᠡᠬᠡᠪᠡᠷ ᠪᠠᠲᠤᠯᠠᠬᠤ᠂ ᠪᠠᠴᠢᠮ ᠪᠠᠶᠢᠳᠠᠯ ᠢ ᠶᠡᠬᠡᠪᠡᠷ ᠠᠷᠭᠠᠴᠠᠬᠤ᠂ ᠭᠠᠢ ᠭᠠᠮᠰᠢᠭ ᠢ ᠶᠡᠬᠡᠪᠡᠷ ᠰᠡᠷᠭᠡᠶᠢᠯᠡᠬᠦ︾ | ᠳᠤ ᠬᠦᠴᠦᠨ ᠢᠶᠠᠨ ᠲᠦᠪᠯᠡᠷᠡᠭᠦᠯᠵᠦ᠂ ᠵᠠᠰᠠᠯᠲᠠ ᠶᠢᠨ ᠰᠢᠰᠲ᠋ᠧᠮ ᠨᠡᠩ ᠲᠡᠭᠦᠯᠳᠡᠷᠵᠢᠪᠡ᠃ ᠨᠡᠶᠢᠭᠡᠮ ᠤᠨ ᠬᠦᠷᠢᠶ᠎ᠡ ᠴᠠᠷᠠᠭᠠᠨ ᠳᠠᠬᠢ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠤᠰᠠᠳᠬᠠᠪᠠ᠃ 792 ᠲᠦᠮᠡᠨ ᠲᠦᠬᠦᠷᠢᠭ ᠤᠨ ᠪᠡᠯᠡ ᠣᠷᠤᠭᠤᠯᠵᠤ᠂ ︽ᠣᠶᠤᠨᠴᠢ ᠵᠠᠮ ᠬᠠᠷᠢᠯᠴᠠᠭ᠎ᠠ︾ ᠶᠢᠨ ᠲᠥᠷᠥᠯ ᠵᠦᠢᠯ ᠢ ᠬᠡᠷᠡᠭᠵᠢᠭᠦᠯᠦᠨ᠂ 17 | ᠳᠣᠬᠢᠶᠠᠨ ᠳ᠋ᠧᠩ᠂ 145 ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠠ ᠲᠦᠷᠭᠡᠨ ᠰᠡᠭᠦᠳᠡᠷᠯᠡᠬᠦ ᠬᠠᠶᠢᠭᠤᠷ ᠤᠭᠰᠠᠷᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠡᠷᠡᠭᠦᠦ ᠶᠢᠨ ᠬᠡᠷᠡᠭ ᠤᠨ ᠳᠠᠩᠰᠠᠯᠠᠭᠰᠠᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 5% ᠪᠠᠷ ᠪᠠᠭᠤᠷᠠᠪᠠ᠃ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠦᠨ᠂ ᠴᠠᠭ ᠲᠤᠬᠠᠢ ᠳᠤᠨᠢ ᠭᠥᠯᠢᠶᠡᠨ ᠰᠢᠢᠳᠪᠦᠷᠢᠯᠡᠭᠰᠡᠨ ᠪᠠ ᠲᠣᠭᠲᠠᠭᠰᠠᠨ ᠬᠤᠭᠤᠴᠠᠭᠠᠨ ᠳᠤ ᠭᠦᠢᠴᠡᠳᠬᠡᠵᠦ ᠳᠠᠭᠤᠰᠬᠠᠭᠰᠠᠨ ᠨᠣᠷᠮ᠎ᠠ 100% ᠳᠤ | ᠬᠦᠷᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠬᠡᠷᠡᠭᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠤᠯᠠᠮ | ᠴᠢᠩᠭᠠᠷᠠᠪᠠ᠃ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠰᠡᠷᠭᠡᠶᠢᠯᠡᠨ ᠡᠵᠡᠮᠳᠡᠬᠦ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠢᠯᠢ ᠬᠢᠵᠠᠭᠠᠷ ᠤᠨ ᠡᠶ᠎ᠡ | ᠵᠣᠬᠢᠴᠠᠩᠭᠤᠢ ᠠᠮᠤᠷ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠤᠬᠠᠰᠢᠶᠠᠲᠤ ᠬᠢᠯᠢ ᠶᠢᠨ ᠪᠠᠶᠢᠴᠠᠭᠠᠯᠲᠠ ᠶᠢᠨ ᠦᠷᠲᠡᠭᠡ ᠨᠢ ᠬᠠᠮᠲᠤ ᠨᠡᠶᠢᠲᠡ ᠪᠠ | ᠬᠤᠪᠢ ᠬᠥᠮᠥᠨ ᠤ ᠬᠤᠶᠠᠳᠤᠭᠠᠷ ᠳᠡᠰ ᠤᠨ ᠭᠠᠪᠢᠶ᠎ᠠ ᠶᠢ ᠢᠷᠠᠭᠤ ᠠᠯᠳᠠᠷᠲᠠᠢ ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠤᠰᠠᠳᠬᠠᠪᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠵᠤ ᠪᠠᠬᠢᠯᠡᠯᠲᠡ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠥᠷᠨᠢᠭᠦᠯᠵᠦ᠂ 12 ᠵᠦᠢᠯ ᠤᠨ ᠬᠦᠨᠳᠦ ᠶᠡᠭᠡ ᠲᠠᠯᠳᠠ ᠭᠡᠮ ᠪᠣᠯᠣᠨ 1000 ᠭᠠᠷᠤᠢ ᠵᠣᠷᠪᠣᠰ ᠡᠯ᠎ᠡ ᠬᠦᠷᠢᠶ᠎ᠡ ᠴᠠᠷᠠᠭᠠᠨ ᠳᠠᠬᠢ | ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ᠂ 4 ᠵᠢᠯ ᠳᠠᠷᠠᠭᠠᠯᠠᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ | ᠦᠭᠡᠢ᠃ ᠪᠠᠴᠢᠮ ᠪᠠᠶᠢᠳᠠᠯ ᠢ ᠠᠷᠭᠠᠴᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠰᠬᠠᠢ ᠲᠤᠰᠢᠶᠠᠯᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠳᠤᠮᠳᠠᠳᠤ ᠮᠣᠩᠭᠤᠯ ᠤᠨ ᠬᠢᠯᠢ ᠳᠠᠬᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠠᠮᠲᠤᠪᠠᠷ ᠰᠡᠷᠭᠡᠶᠢᠯᠡᠨ ᠬᠠᠮᠲᠤᠪᠠᠷ ᠡᠵᠡᠮᠳᠡᠬᠦ ᠲᠣᠭᠲᠠᠴᠠ ᠨᠢ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠵᠠᠷᠯᠠᠯ ᠨᠡᠶᠢᠲᠡᠯᠡᠨ ᠰᠠᠶᠢᠰᠢᠶᠠᠭᠳᠠᠪᠠ᠃ ᠢᠳᠡᠭᠡᠨ ᠪᠠ ᠡᠮ ᠤᠨ ᠵᠦᠢᠯ ᠤᠨ ︽ᠳᠥᠷᠪᠡᠨ ᠬᠠᠮᠤᠭ | ᠴᠢᠩᠭ᠎ᠠ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ︽ᠢᠳᠡᠭᠡᠨ ᠤᠮᠳᠠᠭᠠᠨ ᠤ ᠰᠠᠨᠠᠭ᠎ᠠ ᠠᠮᠤᠷ ᠬᠡᠷᠡᠭᠯᠡᠭᠡᠨ ᠤ ᠵᠡᠭᠡᠯᠢ︾ ᠶᠢ ᠪᠠᠶᠢᠭᠤᠯᠵᠤ᠂ ᠵᠠᠬ᠎ᠠ | ᠳᠡᠯᠭᠡᠭᠦᠷ ᠤᠨ ᠡᠮᠬᠢ ᠳᠢᠭᠯᠢᠮ ᠴᠢᠨᠠᠭᠰᠢᠳᠠ ᠳᠦᠷᠢᠮᠵᠢᠪᠡ᠃ ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠪᠠ᠃ | ᠤᠯᠠᠨ ᠠᠷᠭ᠎ᠠ ᠵᠠᠮ ᠣᠯᠠᠨ ᠬᠡᠯᠪᠡᠷᠢ ᠮᠠᠶ᠋ᠢᠭ ᠢᠶᠠᠷ 5.3 ᠳ᠋ᠦᠩᠰᠢᠭᠤᠷ ᠲᠦᠬᠦᠷᠢᠭ ᠤᠨ ᠪᠡᠯᠡ ᠮᠥᠩᠭᠦ ᠴᠤᠭᠯᠠᠭᠤᠯᠤᠨ᠂ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ ᠪᠠᠨ ᠲᠦᠯᠦᠪᠦᠷᠢᠯᠡᠬᠦ ᠠᠵᠢᠯ ᠢ ᠠᠬᠢᠭᠤᠯᠵᠤ᠂ ᠥᠷᠢ ᠥᠭᠴᠡᠭᠡ ᠶᠢᠨ ᠶᠡᠷᠦᠩᠬᠡᠢ ᠬᠡᠮᠵᠢᠶ᠎ᠡ ᠲᠤᠯᠤᠭᠠᠨ ᠵᠢᠯ ᠳᠠᠷᠠᠭᠠᠯᠠᠨ ᠪᠠᠭᠠᠰᠴᠤ᠂ | ᠲᠠᠯᠳᠠ ᠥᠷᠢ ᠥᠭᠴᠡᠭᠡ ᠶᠢ ᠤᠰᠠᠳᠬᠠᠬᠤ ᠡᠭᠦᠷᠭᠡ ᠶᠢ ᠭᠤᠷᠪᠠᠨ ᠵᠢᠯ ᠤᠷᠢᠳᠴᠢᠯᠠᠨ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠳᠤ | ᠴᠢᠩᠭ᠎ᠠ ᠴᠣᠬᠢᠯᠲᠠ ᠦᠭᠴᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠪᠦᠬᠦᠢ ᠪᠠᠩᠬᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ | ᠠᠬᠢᠭᠤᠯᠵᠤ᠂ ᠪᠠᠩᠬᠢ ᠶᠢᠨ ᠠᠵᠢᠯ ᠦᠢᠯᠡᠰ ᠤᠨ ᠪᠠᠶᠢᠭᠤᠯᠤᠮᠵᠢ ᠳᠤ ᠬᠠᠮᠵᠢᠯᠴᠠᠨ ᠠᠰᠠᠭᠤᠳᠠᠯ ᠲᠠᠢ ᠡᠳ᠋ ᠬᠥᠷᠥᠩᠭᠡ ᠶᠢ 88% ᠠᠴᠠ ᠳᠡᠭᠡᠭᠰᠢ ᠢᠯᠭᠠᠷᠠᠭᠤᠯᠤᠨ | ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠡᠭᠦᠰᠬᠡᠬᠦ ᠬᠤᠷᠢᠭ᠎ᠠ ᠱᠤᠭᠤᠮ ᠢ ᠪᠠᠲᠤ ᠰᠠᠬᠢᠪᠠ᠃ | ᠡᠭᠦᠨ ᠤ ᠬᠠᠮᠲᠤ᠂ ᠪᠦᠬᠦ ᠤᠯᠤᠰ ᠤᠨ ᠭᠠᠵᠠᠷ ᠰᠢᠷᠣᠢ᠂ ᠲᠡᠦᠬᠡ ᠶᠢᠨ ᠳᠤᠷᠠᠰᠬᠠᠯᠲᠤ ᠵᠦᠢᠯ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠮᠬᠢ | ᠵᠢᠷᠤᠮ ᠲᠠᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠪᠠᠶᠢᠭ᠎ᠠ ᠲᠠᠩᠰᠠ ᠡᠪᠬᠡᠮᠡᠯ ᠢ ᠲᠣᠭᠠᠵᠢᠭᠤᠯᠬᠤ ᠡᠭᠦᠷᠭᠡ ᠶᠢ | ᠤᠷᠢᠳᠴᠢᠯᠠᠨ ᠪᠡᠶᠡᠯᠡᠭᠦᠯᠵᠦ᠂ ᠭᠤᠷᠪᠠᠳᠤᠭᠠᠷ ᠡᠭᠡᠯᠵᠢ ᠶᠢᠨ ᠣᠶᠢᠯᠠᠯᠭ᠎ᠠ ᠨᠠᠶᠢᠷᠠᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠤᠯᠤᠰ ᠤᠨ ᠠᠮᠤᠷ ᠲᠦᠪᠰᠢᠨ᠂ | ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠵᠦ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠰᠢᠨ᠎ᠡ ᠠᠬᠢᠯᠲᠠ ᠲᠠᠢ | ᠪᠣᠯᠵᠤ᠂ ᠨᠢᠭᠤᠴᠠ ᠶᠢ ᠬᠠᠮᠠᠭᠠᠯᠠᠬᠤ᠂ ᠠᠵᠢᠯᠴᠢᠨ ᠵᠠᠯᠠᠭᠤᠴᠤᠳ ᠡᠮᠡᠭᠲᠡᠶᠢᠴᠦᠳ᠂ ᠤᠯᠠᠭᠠᠨ ᠵᠠᠭᠠᠯᠮᠠᠶᠢᠲᠠᠨ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ | ᠦᠨᠳᠦᠰᠦᠲᠡᠨ ᠱᠠᠰᠢᠨ ᠰᠤᠷᠲᠠᠬᠤᠨ᠂ ᠪᠠᠶᠢᠭᠤᠯᠭ᠎ᠠ ᠶᠢᠨ ᠬᠡᠷᠡᠭ ᠶᠠᠪᠤᠳᠠᠯ ᠵᠡᠷᠭᠡ ᠲᠠᠯ᠎ᠠ ᠶᠢᠨ ᠠᠵᠢᠯ ᠰᠢᠨ᠎ᠡ ᠠᠮᠵᠢᠯᠲᠠ ᠣᠯᠪᠠ᠃ | ᠨᠢᠭᠡ ᠵᠢᠯ ᠤᠨ ᠲᠤᠷᠰᠢ᠂ ᠪᠢᠳᠡ ᠬᠡᠪ ᠰᠤᠷᠲᠠᠯ ᠢᠶᠠᠨ ᠬᠤᠪᠢᠷᠠᠭᠤᠯᠵᠤ᠂ ᠬᠠᠭᠤᠴᠢᠨ ᠢᠶᠠᠨ ᠲᠠᠶᠠᠭᠳᠠᠨ ᠰᠢᠨᠡᠴᠢᠯᠡᠯᠲᠡ ᠬᠢᠵᠦ᠂ ᠪᠣᠳᠠᠲᠠᠢ ᠠᠵᠢᠯᠯᠠᠨ ᠡᠷᠡᠯᠬᠡᠭᠯᠡᠨ | ᠤᠷᠤᠭᠰᠢᠯᠠᠬᠤ ᠴᠤᠭ ᠵᠢᠪᠬᠤᠭ᠎ᠠ ᠪᠠᠷ ᠠᠷᠠᠳ ᠤᠨ ᠵᠠᠰᠠᠭ ᠤᠨ ᠣᠷᠳᠣᠨ ᠤ ᠰᠢᠨ᠎ᠡ ᠳᠦᠷᠢ ᠲᠥᠷᠬᠦ ᠶᠢ ᠢᠯᠡᠷᠡᠭᠦᠯᠪᠡ᠃ ᠪᠢᠳᠡ ᠢᠮᠠᠭᠲᠠ ᠤᠯᠤᠰ ᠲᠦᠷᠦ ᠶᠢᠨ | ᠪᠠᠶᠢᠭᠤᠯᠤᠯᠲᠠ ᠶᠢ ᠲᠡᠷᠢᠭᠦᠨ ᠳᠤ ᠪᠠᠶᠢᠷᠢᠯᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠠ ᠢᠯᠵᠢᠷᠡᠯ ᠤᠨ ᠠᠰᠠᠭᠤᠳᠠᠯ ᠢ ᠵᠠᠰᠠᠨ ᠴᠡᠭᠴᠡᠯᠡᠬᠦ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠠᠯᠳᠠᠭ᠎ᠠ ᠪᠤᠷᠤᠭᠤ᠂ ᠲᠣᠭᠲᠠᠴᠠ᠂ ᠪᠠᠶᠢᠷᠢᠰᠢᠭᠤᠯᠤᠯᠲᠠ ᠪᠠ | ᠣᠪᠣᠷ ᠰᠤᠷᠲᠠᠯ ᠢ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 46 ᠬᠤᠪᠢ ᠰᠠᠨᠠᠯ ᠵᠥᠪᠯᠡᠯᠭᠡ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ 89 ᠬᠤᠪᠢ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠡᠷᠬᠢᠯᠡᠨ ᠭᠦᠢᠴᠡᠳᠬᠡᠵᠦ᠂ ᠬᠠᠨᠤᠮᠵᠢ ᠶᠢᠨ ᠨᠤᠷᠮ᠎ᠠ 95% ᠠᠴᠠ ᠳᠡᠭᠡᠭᠰᠢ | ᠪᠠᠶᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠢᠯᠧᠲ ᠢᠶᠠᠷ ᠰᠢᠢᠳᠪᠦᠷᠢ ᠭᠠᠷᠭᠠᠭᠰᠠᠨ 10 ᠵᠦᠢᠯ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ | ᠲᠣᠭᠤᠷᠢᠨ ᠪᠠᠶᠢᠴᠠᠭᠠᠯᠲᠠ᠂ ᠱᠠᠯᠠᠪᠳᠠᠭᠤᠯᠤᠨ ᠪᠠᠶᠢᠴᠠᠭᠠᠯᠲᠠ ᠶᠢᠨ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠦᠲᠦᠮᠵᠢᠲᠡᠢ | ᠠᠬᠢᠭᠤᠯᠵᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ | ᠦᠷᠭᠦᠯᠵᠢᠯᠡᠨ ᠪᠠᠭᠠᠰᠬᠠᠵᠤ᠂ ᠲᠥᠪ ᠴᠢᠭᠡᠴᠢ ᠣᠪᠣᠷ ᠰᠤᠷᠲᠠᠯ ᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠡ ᠬᠤᠰᠢᠭᠤ ᠳᠠᠶᠠᠭᠠᠷ ᠢᠶᠠᠨ ᠠᠵᠤ ᠠᠬᠤᠢ ᠶᠢᠨ ᠤᠷᠤᠭᠤᠳᠠᠯ ᠤᠨ ᠳᠠᠷᠤᠭᠠᠰᠤ ᠦᠷᠭᠦᠯᠵᠢᠯᠡᠨ | ᠬᠦᠨᠳᠦᠷᠡᠬᠦ ᠵᠡᠷᠭᠡ ᠠᠰᠢᠭ ᠦᠭᠡᠢ ᠬᠦᠴᠦᠨ ᠵᠦᠢᠯ ᠢ ᠢᠳᠡᠪᠬᠢᠲᠡᠢ ᠠᠷᠭᠠᠴᠠᠵᠤ᠂ ᠬᠦᠨᠳᠦ ᠳᠠᠷᠤᠯᠲᠠ ᠶᠢ ᠳᠠᠭᠠᠭᠠᠴᠢᠯᠠᠨ ᠤᠷᠤᠭᠰᠢᠯᠠᠵᠤ᠂ ᠬᠦᠴᠢᠷ ᠪᠡᠷᠬᠡ ᠶᠢ ᠢᠯᠠᠨ | ᠳᠠᠪᠠᠵᠤ᠂ ᠠᠵᠤ ᠠᠬᠤᠢ ᠶᠢᠨ ᠬᠦᠭᠵᠢᠯᠲᠡ ᠶᠢ ᠲᠣᠭᠲᠠᠭᠤᠨ ᠢᠶᠠᠷ ᠤᠷᠤᠭᠰᠢᠯᠠᠭᠤᠯᠵᠤ᠂ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠰᠢᠨ᠎ᠡ | ᠠᠬᠢᠯᠲᠠ ᠳᠠᠪᠰᠢᠯᠲᠠ᠂ ᠰᠢᠨ᠎ᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠳᠡᠭᠡᠷ ᠠᠮᠵᠢᠯᠲᠠ ᠶᠢ ᠣᠯᠬᠤ ᠳᠤ ᠬᠡᠷᠴᠢᠯᠡᠨ ᠬᠢᠯᠪᠠᠷ ᠪᠤᠰᠤ᠂ ᠲᠤᠶᠢᠯ ᠤᠨ ᠡᠷᠬᠢᠮ | ᠨᠠᠨᠳᠢᠨ ᠪᠠᠶᠢᠨ᠎ᠠ᠃ ᠡᠲᠡᠭᠡᠷ ᠠᠮᠵᠢᠯᠲᠠ ᠪᠦᠲᠦᠮᠵᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠭᠤᠯᠤᠭᠰᠠᠨ ᠤ ᠦᠷ᠎ᠡ ᠳ᠋ᠦᠩ ᠮᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠠᠴᠠ ᠪᠠᠲᠤ ᠴᠢᠩᠭ᠎ᠠ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠦᠭᠰᠡᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠵᠤ ᠠᠬᠢᠭᠤᠯᠤᠨ᠂ ᠢᠳᠡᠪᠬᠢᠲᠡᠢ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠮᠥᠨ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠪᠦᠯᠬᠦᠮᠳᠡᠨ ᠤᠷᠤᠭᠰᠢᠯᠠᠵᠤ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠥ ᠶᠢᠨ ᠵᠥᠪᠯᠡᠯᠭᠡᠨ ᠤ | ᠭᠡᠰᠢᠭᠦᠳ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠠ ᠨᠦᠬᠦᠳ ᠲᠤ ᠪᠠᠨ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠳᠤ ᠪᠠᠰᠠ ᠵᠣᠬᠢᠬᠤ ᠬᠦᠴᠢᠷᠳᠡᠯ | ᠪᠠ ᠳᠤᠲᠠᠭᠳᠠᠯ ᠲᠠᠢ ᠲᠠᠯ᠎ᠠ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ ᠭᠤᠣᠯᠳᠠᠭᠤ᠄ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠨᠡᠯᠢᠶᠡᠳ ᠲᠣᠪᠣᠶᠢᠮ᠎ᠠ᠂ ᠵᠠᠶᠢᠯᠠᠰᠢ ᠦᠭᠡᠢ ᠵᠠᠷᠤᠯᠭ᠎ᠠ ᠲᠠᠰᠤᠷᠠᠯᠳᠠ ᠦᠭᠡᠢ ᠨᠡᠮᠡᠭᠳᠡᠵᠦ᠂ ᠣᠷᠣᠯᠭ᠎ᠠ ᠵᠠᠷᠤᠯᠭ᠎ᠠ ᠠᠷᠠᠢ ᠲᠡᠩᠴᠡᠭᠦᠷᠢ ᠦᠭᠡᠢ | ᠪᠠᠶᠢᠳᠠᠯ ᠳᠤ ᠣᠷᠣᠰᠢᠵᠤ ᠪᠠᠶᠢᠨ᠎ᠠ︔ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠣᠲᠣᠭᠠᠳᠤ ᠬᠥᠳᠡᠯᠭᠡᠬᠦ ᠬᠦᠴᠦᠨ | ᠬᠦᠷᠦᠯᠴᠡᠬᠦ ᠦᠭᠡᠢ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢᠨ ᠤᠷᠲᠤᠳᠬᠠᠯ ᠭᠦᠢᠴᠡᠳ ᠦᠭᠡᠢ᠂ ᠵᠠᠬ᠎ᠠ ᠳᠡᠯᠭᠡᠭᠦᠷ ᠤᠨ | ᠡᠵᠡᠯᠡᠬᠦ ᠬᠠᠷᠢᠴᠠᠯ ᠦᠨᠳᠦᠷ ᠪᠣᠰᠤ︔ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠣᠷᠣᠩᠭᠤᠢ᠂ | ᠡᠬᠢ ᠪᠠᠶᠠᠯᠢᠭ ᠢ ᠴᠤᠮᠬᠠᠳᠬᠠᠬᠤ᠂ ᠨᠡᠷᠡᠲᠦ ᠲᠡᠮᠳᠡᠭ ᠢ ᠡᠵᠡᠩᠨᠡᠨ ᠪᠣᠷᠤᠯᠠᠭᠤᠯᠬᠤ ᠬᠡᠮᠵᠢᠶ᠎ᠡ ᠳᠣᠣᠷ᠎ᠠ︔ ᠵᠠᠷᠢᠮ ᠺᠠᠳ᠋ᠷᠴᠤᠳ ᠲᠤ ᠪᠠᠰᠠ ︽ᠬᠦᠯᠢᠶᠡᠬᠦ︾ ︽ᠲᠦᠰᠢᠬᠦ︾ | ᠦᠵᠡᠯ ᠰᠠᠨᠠᠭ᠎ᠠ ᠣᠷᠣᠰᠢᠵᠤ᠂ ᠰᠢᠭᠤᠷᠬᠠᠶᠢᠯᠠᠨ ᠲᠡᠮᠡᠴᠡᠬᠦ ᠵᠣᠷᠢᠭ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠳᠣᠣᠷ᠎ᠠ ᠵᠡᠷᠭᠡ ᠲᠠᠯ᠎ᠠ ᠪᠠᠷ ᠢᠯᠡᠷᠡᠵᠦ | ᠪᠠᠶᠢᠨ᠎ᠠ᠃ ᠡᠶᠢᠮᠦ ᠠᠴᠠ ᠪᠢᠳᠡ ᠡᠷᠬᠡᠪᠰᠢ ᠰᠡᠳᠬᠢᠴᠡ ᠶᠢᠨ ᠰᠢᠨ᠎ᠡ ᠶᠢ ᠡᠭᠦᠳᠴᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ᠂ ᠨᠢᠭᠡᠳ ᠨᠢᠭᠡ ᠪᠠᠷ | ᠰᠢᠢᠳᠪᠦᠷᠢᠯᠡᠬᠦ ᠴᠢᠬᠤᠯᠠᠲᠠᠢ᠃ | |