2025·ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 4
ᠨᠡᠶᠢᠲᠡᠯᠡᠭᠰᠡᠨ ᠴᠠᠭ᠄
2025/2/11
      ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ      2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢᠨ ᠪᠣᠭᠤᠮᠲᠠ ᠶᠢ ᠰᠢᠪᠲᠤᠯᠬᠤ᠂ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠬᠤ ᠵᠠᠩᠭᠢᠯᠠᠭ᠎ᠠ ᠶᠢᠨ ᠵᠢᠯ ᠮᠥᠨ᠃ ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠬᠦᠭᠵᠢᠯᠲᠡ ᠪᠠ ᠠᠮᠤᠷ ᠲᠦᠪᠰᠢᠨ ᠢ ᠨᠡᠩ ᠰᠠᠶᠢᠨ ᠲᠦᠯᠦᠪᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ᠂ ᠨᠢᠭᠡ ᠭᠤᠣᠯ ᠰᠢᠵᠢᠮ ᠢ ᠲᠤᠤᠱᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠦᠨ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠵᠤ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠤᠨ ᠦᠷ᠎ᠡ ᠪᠦᠲᠦᠭᠡᠯ ᠢ ᠬᠤᠪᠢᠷᠠᠭᠤᠯᠤᠨ᠂ ︽ᠬᠤᠶᠠᠷ ᠣᠷᠣᠨ ᠨᠢᠭᠡ ᠴᠣᠩᠬᠤᠪᠴᠢ ᠭᠤᠷᠪᠠᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠬᠤ᠂ ᠨᠡᠩ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠢ ᠠᠮᠤᠷ ᠲᠣᠭᠲᠠᠭᠤᠨ ᠬᠦᠯᠦᠨ ᠪᠣᠶᠢᠷ ᠢ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠡᠩᠨᠡᠭᠡᠨ ᠳᠤ ᠣᠷᠣᠬᠤ︾ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ᠃2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5.5% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ ᠶᠢ 5% ᠣᠷᠴᠢᠮ ᠨᠡᠮᠡᠭᠳᠡᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ  ᠲᠠᠢ ᠦᠨᠳᠦᠰᠦᠨ ᠳᠡᠭᠡᠨ ᠢᠵᠢᠯ ᠠᠯᠬᠤᠮ ᠲᠠᠢ ᠪᠣᠯᠭᠠᠵᠤ᠂ ᠪᠣᠬᠢᠷᠲᠤᠯ ᠦᠭᠡᠢ ᠬᠦᠭᠵᠢᠯᠲᠡ ᠶᠢᠨ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠂ ᠡᠯ᠎ᠡ ᠵᠦᠢᠯ ᠤᠨ ᠠᠵᠢᠯ ᠢ ᠨᠠᠩ ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠵᠤ᠂ ᠪᠣᠳᠠᠲᠤ ᠦᠢᠯᠡᠳᠦᠯᠭᠡ ᠳᠤᠮᠳᠠ ᠨᠠᠩ ᠰᠠᠶᠢᠨ ᠦᠷ᠎ᠡ ᠪᠦᠲᠦᠮᠵᠢ ᠣᠯᠣᠨ᠎ᠠ᠃      ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃      ︵ᠨᠢᠭᠡ︶ ᠠᠵᠤ ᠠᠬᠤᠢ ᠶᠢᠨ ᠰᠡᠷᠭᠦᠨ ᠰᠠᠶᠢᠵᠢᠷᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠦᠷᠭᠦᠯᠵᠢᠯᠡᠨ ᠴᠢᠩᠭᠠᠳᠬᠠᠨ᠎ᠠ᠃ ᠪᠢᠳᠡ ᠤᠯᠤᠰ ᠤᠨ ︽ᠬᠤᠶᠠᠷ ᠰᠢᠨ᠎ᠡ︾ ︽ᠬᠤᠶᠠᠷ ᠴᠢᠬᠤᠯᠠ︾ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠦᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠨ᠎ᠡ᠃      ᠴᠢᠬᠤᠯᠠ ᠶᠡᠭᠡ ᠲᠦᠷᠦᠯ ᠵᠦᠢᠯ ᠢ ᠲᠦᠯᠦᠪᠵᠢᠬᠦᠯᠬᠦ ᠠᠵᠢᠯᠯᠠᠭ᠎ᠠ ᠶᠢ ᠬᠦᠨᠵᠡᠭᠡᠶᠢᠷᠡᠬᠦᠯᠦᠨ ᠪᠣᠳᠠᠲᠠᠶᠢᠵᠢᠭᠤᠯᠤᠨ᠎ᠠ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠳᠣᠬᠢᠶᠠᠯ ᠵᠠᠪᠰᠢᠶᠠᠨ ᠳᠠᠪᠬᠤᠴᠠᠭᠰᠠᠨ ᠵᠠᠩᠭᠢᠯᠠᠭ᠎ᠠ ᠶᠢᠨ ᠵᠠᠪᠰᠠᠷ ᠤᠨ ᠬᠤᠭᠤᠴᠠᠭ᠎ᠠ ᠶᠢ ᠠᠰᠢᠭᠯᠠᠨ᠂ ᠮᠠᠯ ᠤᠨ ᠠᠰᠢᠭ ᠰᠢᠮ᠎ᠡ ᠶᠢ ᠨᠠᠷᠢᠯᠢᠭ ᠬᠦᠨ ᠡᠳ᠋ᠰᠢᠭᠦᠯᠬᠦ᠂ ᠪᠣᠭᠤᠮᠲᠠ ᠪᠠᠷ ᠰᠠᠴᠤᠷᠠᠭᠯᠠᠨ ᠳᠠᠶᠢᠴᠢᠯᠠᠬᠤ ᠪᠠ ᠰᠣᠶᠣᠯ ᠵᠢᠭᠤᠯᠴᠢᠯᠠᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠤ ᠳᠤᠭᠤᠷᠢᠨ ᠳᠤ᠂ ᠰᠠᠭᠤᠷᠢ ᠶᠢ ᠲᠠᠯᠪᠢᠬᠤ᠂ ᠢᠷᠡᠭᠡᠳᠦᠢ ᠳᠤ ᠠᠰᠢᠭᠲᠠᠢ᠂ ᠨᠦᠭᠡᠴᠡ ᠬᠦᠴᠦᠨ ᠢ ᠨᠡᠮᠡᠭᠳᠡᠭᠦᠯᠬᠦ‍ ᠨᠢᠭᠡ ᠪᠦᠯᠦᠭ ᠰᠠᠶᠢᠨ ᠲᠦᠷᠦᠯ ᠵᠦᠢᠯ᠂ ᠲᠣᠮᠣ ᠲᠦᠷᠦᠯ ᠵᠦᠢᠯ ᠢ ᠤᠶᠤᠨ ᠴᠢᠳᠠᠯ ᠢᠶᠠᠨ ᠲᠥᠪᠯᠡᠷᠡᠭᠦᠯᠦᠨ ᠠᠷᠭ᠎ᠠ ᠰᠦᠪᠡᠭᠴᠢᠯᠡᠨ ᠬᠡᠷᠡᠭᠵᠢᠭᠦᠯᠵᠦ᠂ ᠨᠡᠩ ᠤᠯᠠᠨ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠲᠦᠷᠦᠯ ᠵᠦᠢᠯ ᠤᠨ ᠬᠦᠮᠦᠷᠭᠡ ᠪᠠ ᠪᠡᠯᠡ ᠮᠦᠩᠭᠦᠨ ᠤ ᠲᠦᠰᠦᠪ ᠲᠤ ᠣᠷᠣᠭᠤᠯᠬᠤ ᠪᠠᠷ ᠴᠢᠷᠮᠠᠶᠢᠨ᠎ᠠ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠰᠢᠨ᠎ᠡ ᠨᠢᠭᠡᠨ ᠡᠭᠡᠯᠵᠢ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠠᠰᠢᠭᠲᠠᠢ ᠲᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠ ᠭᠡᠳᠦ ᠤᠷᠳᠤ ᠬᠤᠭᠤᠴᠠᠭ᠎ᠠ ᠪᠠᠷ ᠤᠯᠤᠰ ᠤᠨ ᠵᠢᠭᠡᠯᠡᠯᠭᠡ  ᠶᠢᠨ ᠳᠡᠮᠵᠢᠯᠭᠡ ᠶᠢ ᠬᠦᠷᠲᠡᠬᠦ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠭᠤᠣᠯᠳᠠᠯᠭ᠎ᠠ ᠲᠠᠢ ᠲᠦᠷᠦᠯ ᠵᠦᠢᠯ ᠢ ᠲᠦᠰᠦᠪᠯᠡᠵᠦ ᠲᠥᠯᠥᠪᠵᠢᠭᠦᠯᠬᠦ ᠨᠠᠷᠢᠯᠢᠭ ᠤᠨᠤᠪᠴᠢ ᠶᠢᠨ ᠬᠡᠮᠵᠢᠶ᠎ᠡ ᠶᠢ ᠴᠢᠩᠭᠠᠳᠬᠠᠨ᠎ᠠ᠃ ᠲᠦᠷᠥ ᠶᠢᠨ ᠪᠣᠳᠣᠯᠭ᠎ᠠ ᠶᠢᠨ ᠰᠣᠳᠣᠯᠭᠠᠨ ᠬᠢᠬᠦ ᠪᠠ  ᠲᠦᠷᠦᠯ ᠵᠦᠢᠯ ᠢ ᠴᠢᠷᠮᠠᠶᠢᠨ ᠣᠯᠬᠤ ᠶᠢ ᠴᠢᠩᠭᠠᠳᠬᠠᠵᠤ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠨᠥᠬᠡᠴᠡᠯᠡᠬᠦ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠣᠯᠣᠨ᠎ᠠ᠃ ᠭᠤᠣᠯᠳᠠᠯᠭ᠎ᠠ ᠲᠠᠢ ᠲᠦᠷᠦᠯ ᠵᠦᠢᠯ ᠢ 27 ᠭᠡᠷᠡᠭᠵᠢᠬᠦᠯᠵᠦ᠂ ᠪᠡᠯᠡ ᠤᠷᠤᠭᠤᠯᠤᠯᠳᠠ ᠶᠢ ᠲᠤᠬᠠᠢ ᠶᠢᠨ ᠵᠢᠯ ᠳᠤ ᠪᠠᠨ 20.95 ᠳ᠋ᠦᠩᠰᠢᠭᠤᠷ ᠲᠦᠬᠦᠷᠢᠭ ᠪᠡᠶᠡᠯᠡᠬᠦᠯᠬᠦ ᠪᠠᠷ ᠲᠦᠯᠦᠪᠯᠡᠵᠦ᠂ ᠪᠡᠯᠡ ᠤᠷᠤᠭᠤᠯᠤᠯᠳᠠ ᠪᠠ ᠦᠷ᠎ᠡ ᠠᠰᠢᠭ ᠤᠨ ᠬᠤᠣᠰ ᠨᠡᠮᠡᠭᠳᠡᠯ ᠢ ᠪᠡᠶᠡᠯᠡᠭᠦᠯᠦᠨ᠎ᠡ᠃      ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠦᠭᠵᠢᠭᠡᠨ᠎ᠡ᠃ ︽ᠰᠦᠯᠵᠢᠶ᠎ᠡ ᠪᠠᠷ ᠠᠩᠬᠠᠷᠤᠯ ᠢ ᠨᠢ ᠲᠠᠲᠠᠬᠤ + ᠪᠣᠳᠠᠲᠤ ᠬᠡᠷᠡᠭᠯᠡᠭᠡ︾ ᠶᠢᠨ ᠵᠠᠭᠪᠤᠷ ᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ᠂ ᠨᠥᠬᠦᠪᠦᠷᠢ ᠦᠭᠬᠦ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠡ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠰᠠᠶᠢᠲᠤᠷ ᠠᠳᠬᠤᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠲᠠᠸᠠᠷ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠢᠳᠡᠪᠬᠢᠲᠡᠢ ᠠᠬᠢᠭᠤᠯᠵᠤ᠂ ᠬᠡᠷᠡᠭᠯᠡᠭᠡᠨ ᠤ ᠨᠢᠭᠤᠭᠳᠠᠮᠠᠯ ᠬᠦᠴᠦᠨ ᠢ ᠬᠦᠨᠵᠡᠬᠡᠢ ᠠᠭᠤᠳᠠᠯᠤᠨ᠎ᠠ᠃ ᠲᠠᠯ᠎ᠠ ᠨᠤᠲᠤᠭ ᠤᠨ ᠬᠤᠨᠢᠨ ᠮᠢᠬ᠎ᠠ ᠶᠢ ᠤᠯᠤᠰ ᠤᠨ ᠲᠠᠰ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠳᠤ ᠣᠷᠣᠭᠰᠠᠨ ᠠᠵᠠ ᠲᠣᠬᠢᠶᠠᠯ ᠢ ᠡᠵᠡᠮᠳᠡᠨ᠂ ᠬᠤᠨᠢᠨ ᠮᠢᠬ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠂ ᠮᠠᠯ ᠠᠵᠤ ᠠᠬᠤᠢ ᠶᠢᠨ ᠦᠪᠡᠷᠮᠢᠴᠡ ᠣᠨᠴᠠᠯᠢᠭᠲᠤ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠵᠡᠯᠡᠬᠦ ᠬᠤᠪᠢ ᠶᠢ ᠳᠡᠭᠡᠭᠰᠢᠯᠡᠬᠦᠯᠵᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠨᠠᠷᠠᠲᠤ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠦᠨ᠎ᠡ᠃ ᠳᠤᠮᠳᠠᠳᠤ ᠣᠷᠣᠰ ᠮᠣᠩᠭᠤᠯ ᠭᠤᠷᠪᠡᠨ ᠤᠯᠤᠰ ᠤᠨ ᠳᠡᠯᠭᠡᠨ ᠪᠣᠷᠣᠯᠠᠭᠤᠯᠬᠤ ᠴᠤᠭᠯᠠᠭᠠᠨ᠂ ︽ᠪᠠᠷᠠᠭᠤᠨ ᠬᠤᠰᠢᠭᠤᠨ ᠤ ᠰᠥᠨᠢ ᠶᠢᠨ ᠵᠠᠬ᠎ᠠ ᠠᠷᠠᠯᠵᠢᠶ᠎ᠠ︾ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠤᠭ ᠪᠠᠭᠤᠳᠠᠯ᠂ ᠨᠠᠰᠤᠵᠢᠯ ᠤᠨ ᠠᠰᠠᠷᠠᠮᠵᠢ ᠨᠢᠯᠬᠠᠰ ᠤᠨ ᠬᠠᠷᠠᠭᠠᠯᠵᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ︽ᠵᠢᠭᠤᠯᠴᠢᠯᠠᠯ +︾ ︽ᠨᠠᠭᠠᠳᠤᠮ +︾ ︽ᠡᠷᠡᠭᠦᠯᠵᠢᠯ ᠰᠤᠪᠢᠯᠠᠯᠲᠠ +︾ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠬᠢᠯᠠᠰ ᠴᠡᠭ᠂ ᠬᠠᠯᠠᠮᠰᠢᠯ ᠴᠡᠭ ᠪᠠ ᠣᠨᠴᠠᠯᠠᠬᠤ ᠴᠡᠭ ᠲᠠᠢ ᠤᠯᠠᠨ ᠡᠰᠢᠵᠢᠭᠰᠡᠨ ᠬᠡᠷᠡᠭᠯᠡᠭᠡᠨ ᠤ ᠳᠠᠯᠠᠪᠤᠷ ᠢ ᠡᠭᠦᠳᠦᠨ ᠪᠠᠶᠢᠭᠤᠯᠵᠤ᠂ ᠮᠣᠩᠭᠤᠯ ᠤᠯᠤᠰ ᠤᠨ ᠵᠣᠴᠢᠳ ᠢ ᠲᠠᠲᠠᠨ ᠠᠪᠴᠢᠷᠠᠵᠤ ᠬᠤᠰᠢᠭᠤᠨ ᠤ ᠬᠡᠪᠴᠢᠶᠡᠨ ᠳᠤ ᠬᠡᠷᠡᠭᠯᠡᠭᠡ ᠳᠤ ᠣᠷᠣᠯᠴᠠᠭᠤᠯᠵᠤ᠂ ᠬᠡᠷᠡᠭᠯᠡᠭᠡᠨ ᠤ ᠨᠡᠮᠡᠭᠳᠡᠯ ᠤᠨ ᠰᠢᠨ᠎ᠡ ᠴᠡᠭ ᠢ ᠪᠣᠶ ᠪᠣᠯᠭᠠᠨ᠎ᠠ᠃ ᠰᠢᠭᠤᠳ ᠨᠡᠪᠲᠡᠷᠡᠭᠦᠯᠭᠡ ᠶᠢᠨ ᠠᠵᠤ ᠠᠬᠤᠢ᠂ ︽ᠢᠨᠲ᠋ᠧᠷ ᠰᠦᠯᠵᠢᠶ᠎ᠡ +︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠬᠥᠭᠵᠢᠭᠦᠯᠵᠦ᠂ ᠲᠣᠰ ᠭᠠᠵᠠᠷ ᠣᠷᠣᠨ ᠤ ᠪᠠᠨ ᠰᠦᠯᠵᠢᠶᠡᠨ ᠤ ᠣᠳᠣᠳ ᠢ ᠶᠡᠬᠡᠪᠡᠷ ᠪᠣᠶᠢᠵᠢᠭᠤᠯᠤᠨ᠎ᠠ᠃      ᠠᠵᠦ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠳᠤᠳᠠᠢ ᠪᠦᠭᠡᠳ ᠡᠷᠴᠢᠮᠳᠠᠢ ᠶᠠᠪᠤᠭᠳᠠᠭᠤᠯᠤᠨ᠎ᠠ᠃ ︽ᠵᠠᠬ᠎ᠠ  ᠳᠡᠯᠭᠡᠬᠦᠷ ᠤᠨ ᠭᠤᠤᠯ ᠴᠤᠭᠴᠠ ᠶᠢ ᠳᠡᠭᠡᠭᠰᠢᠯᠡᠬᠦᠯᠬᠦ ᠤᠨ︾ ᠤ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ︽ᠤᠳᠤᠷᠢᠳᠤᠯᠭ᠎ᠠ ᠠᠴᠠ ᠳᠠᠭᠠᠭᠠᠴᠢᠯᠠᠭᠰᠠᠨ᠂ ᠳᠤᠰᠬᠠᠢ ᠠᠩᠭᠢ ᠠᠴᠠ ᠲᠦᠯᠬᠢᠨ ᠠᠬᠢᠭᠤᠯᠤᠭᠰᠠᠨ᠂ ᠰᠠᠯᠠᠭ᠎ᠠ ᠮᠦᠴᠢᠷ ᠬᠤᠯᠪᠤᠭᠠᠯᠠᠨ ᠬᠦᠳᠡᠯᠦᠯᠴᠡᠭᠰᠡᠨ︾ ᠠᠵᠢᠯ ᠤᠨ ᠲᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠵᠦ᠂ ᠲᠦᠷᠦ ᠶᠢᠨ ᠪᠤᠳᠤᠯᠭ᠎ᠠ  ᠶᠢᠨ ᠠᠮᠠᠯᠠᠯᠳᠠ ᠪᠠᠨ ᠪᠡᠶᠡᠯᠡᠬᠦᠯᠬᠦ᠂ ᠭᠠᠷ ᠬᠦᠢᠴᠡᠳᠭᠡᠯ ᠢ ᠡᠷᠬᠢᠯᠡᠨ ᠬᠦᠢᠴᠡᠳᠭᠡᠬᠦ᠂ ᠬᠦᠴᠦᠨ ᠵᠦᠢᠯ ᠢ ᠪᠠᠳᠤᠯᠠᠬᠤ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠴᠢᠭᠯᠡᠬᠦᠯᠦᠨ ᠠᠵᠦ ᠠᠬᠤᠶᠢᠯᠠᠯ ᠳᠤ ᠡᠭᠡᠯᠢᠳᠡᠢ ᠦᠢᠯᠡᠴᠢᠯᠡᠭᠡ ᠬᠠᠩᠭᠠᠵᠦ᠂ ᠪᠦᠬᠦ ᠬᠦᠴᠦᠨ ᠢᠶᠠᠷ ᠢᠶᠠᠨ ᠠᠵᠦ ᠠᠬᠤᠶᠢᠯᠠᠯ ᠢ ᠳᠡᠮᠵᠢᠵᠦ ᠬᠦᠴᠢᠷᠳᠡᠯ ᠢ ᠨᠢ ᠰᠢᠢᠳᠪᠦᠷᠢᠯᠡᠵᠦ ᠦᠭᠬᠦᠨ᠎ᠡ᠃ ᠠᠵᠦ ᠠᠬᠤᠶᠢᠯᠠᠯ ᠳᠤ ᠬᠤᠯᠪᠤᠭᠳᠠᠭᠰᠠᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠦᠢᠯᠡ ᠠᠵᠢᠯᠯᠠᠭ᠎ᠠ ᠶᠢ ᠲᠦᠷᠢᠮᠵᠢᠬᠦᠯᠦᠨ᠂ ︽ᠨᠢᠭᠤᠷᠳᠠᠬᠤ ᠦᠬᠡᠢ︾ ᠪᠠᠷ ᠰᠠᠨᠠᠯ ᠬᠤᠷᠢᠶᠠᠬᠤ ᠲᠤᠭᠳᠠᠴᠠ ᠶᠢ ᠨᠠᠶᠢᠳᠠᠪᠦᠷᠢᠵᠢᠭᠤᠯᠵᠦ᠂ ᠲᠤᠷ᠎ᠠ ᠪᠠᠷ ᠰᠦᠢᠳᠭᠡᠯ ᠬᠤᠷᠢᠶᠠᠬᠤ᠂ ᠲᠤᠷ᠎ᠠ ᠪᠠᠷ ᠲᠤᠷᠭᠠᠬᠤ ᠪᠠ ᠲᠤᠷ᠎ᠠ ᠪᠠᠷ ᠪᠠᠶᠢᠴᠠᠭᠠᠯᠳᠠ ᠬᠢᠬᠦ ᠵᠡᠷᠭᠡ ᠠᠰᠠᠭᠤᠳᠠᠯ ᠢ ᠡᠷᠡᠰ ᠴᠡᠭᠴᠡᠯᠡᠨ ᠵᠠᠰᠠᠵᠦ᠂ ᠶᠠᠪᠤᠳᠠᠯ ᠦᠬᠡᠢ ᠪᠤᠯ ᠡᠷᠢᠬᠦ ᠦᠬᠡᠢ᠂ ᠱᠠᠭᠠᠷᠳᠠᠯᠭ᠎ᠠ ᠪᠠᠶᠢᠪᠠᠯ ᠡᠷᠭᠡᠪᠰᠢ ᠬᠠᠷᠢᠭᠤ ᠲᠤᠰᠬᠠᠯ ᠦᠭᠴᠦ᠂ ᠠᠵᠦ ᠠᠬᠤᠶᠢᠯᠠᠯ ᠢ ᠰᠠᠨᠠᠭ᠎ᠠ ᠠᠮᠤᠷ᠂ ᠨᠢᠭᠡ ᠯᠠ ᠰᠡᠳᠬᠢᠯ ᠢᠶᠠᠷ ᠡᠵᠡᠩᠨᠡᠭᠦᠯᠦᠨ᠎ᠡ᠃ ︽ᠨᠢᠭᠡ ᠶᠠᠪᠤᠳᠠᠯ ᠢ ᠦᠨᠳᠦᠷ ᠪᠦᠳᠦᠮᠵᠢᠳᠡᠢ ᠪᠠᠷ ᠬᠢᠵᠦ ᠪᠦᠳᠦᠭᠡᠬᠦ︾ ᠲᠤᠭ᠎ᠠ ᠬᠡᠮᠵᠢᠶ᠎ᠡ ᠪᠡ ᠳᠠᠯᠠᠪᠤᠷ ᠤᠳᠠᠭ᠎ᠠ ᠶᠢ ᠨᠡᠮᠡᠭᠳᠡᠬᠦᠯᠦᠨ᠂ 12345 ᠬᠠᠯᠠᠮᠰᠢᠯ ᠤᠳᠠᠰᠦᠨ ᠤ ᠠᠵᠢᠯ ᠤᠨ ᠬᠠᠭᠤᠳᠠᠰᠦ  ᠶᠢ ᠨᠠᠷᠢᠯᠢᠭ ᠤᠨᠤᠪᠴᠢᠳᠠᠢ ᠡᠷᠬᠢᠯᠡᠨ ᠬᠦᠢᠴᠡᠳᠭᠡᠵᠦ᠂ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠰᠢᠯᠢᠳᠡᠭᠵᠢᠬᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ  ᠤᠨ ᠭᠤᠤᠯ ᠴᠤᠭᠴᠠ ᠶᠢ ᠣᠯᠠᠰᠢᠷᠠᠭᠤᠯᠬᠤ᠂ ᠠᠮᠢᠳᠤᠯᠢᠭᠵᠢᠭᠤᠯᠬᠤ ᠪᠠ ᠬᠦᠴᠦᠷᠬᠡᠭᠵᠢᠭᠦᠯᠦᠨ᠎ᠡ᠃      ᠠᠷᠠᠯᠵᠢᠶᠠᠴᠢᠨ ᠤᠷᠢᠵᠦ ᠪᠡᠯᠡ ᠤᠷᠤᠭᠤᠯᠬᠤ ᠶᠢ ᠡᠷᠡᠰ ᠭᠤᠶᠢᠪᠢᠰᠢ ᠦᠬᠡᠢ ᠶᠡᠬᠡᠪᠡᠷ ᠠᠳᠬᠤᠨ᠎ᠠ᠃ ᠭᠤᠣᠯ ᠪᠣᠯᠬᠤ ᠦᠪᠡᠷᠮᠢᠴᠡ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠦᠪᠯᠡᠷᠡᠬᠦᠯᠦᠨ᠂ ᠬᠡᠯᠬᠢᠶ᠎ᠡ ᠶᠢ ᠪᠠᠶᠢᠭᠤᠯᠤᠨ ᠤᠷᠳᠤᠳᠬᠠᠬᠤ ᠪᠠ ᠨᠦᠬᠦᠪᠦᠷᠢᠯᠡᠬᠦ‍ ᠨᠢᠭᠡ ᠪᠦᠯᠦᠭ ᠠᠷᠠᠯᠵᠢᠶᠠᠴᠢᠨ ᠤᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠ ᠪᠦᠲᠦᠭᠡᠨ  ᠪᠠᠶᠢᠭᠤᠯᠤᠨ᠎ᠠ᠃ ︽ᠬᠥᠲᠥᠴᠢ ᠠᠵᠤ ᠠᠬᠤᠶᠢᠯᠠᠯ + ᠢᠵᠢ ᠪᠦᠷᠢᠳᠦᠭᠦᠯᠬᠦ ᠠᠵᠤ ᠦᠢᠯᠡᠰ︾ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠠᠷᠠᠯᠵᠢᠶᠠᠴᠢᠨ ᠢ ᠶᠡᠬᠡᠪᠡᠷ ᠤᠷᠢᠬᠤ ᠮᠦᠷᠲᠡᠭᠡᠨ ᠲᠣᠮᠣ ᠠᠷᠠᠯᠵᠢᠶᠠᠴᠢᠨ ᠤᠷᠢᠨ᠎ᠠ᠃ ᠬᠤᠰᠢᠭᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠦᠷᠢᠮ ᠢ ᠦᠷᠬᠦᠯᠵᠢᠯᠡᠨ ᠭᠡᠷᠡᠭᠵᠢᠬᠦᠯᠵᠦ᠂ ᠪᠠᠶᠢᠩᠭᠤ ᠶᠢᠨ ᠴᠢᠨᠠᠷᠲᠠᠢ ᠪᠠᠷ ᠵᠣᠯᠭᠠᠭᠤᠯᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠪᠦᠬᠦ ᠦᠶᠡᠯᠡᠯ ᠤᠨ ᠬᠤᠭᠤᠴᠠᠭᠠᠨ ᠳᠤ ᠮᠦᠷᠳᠡᠨ ᠳᠠᠭᠠᠬᠤ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠬᠦᠯᠦᠨ᠂ ᠠᠷᠠᠯᠵᠢᠶᠠᠴᠢᠨ ᠤᠷᠢᠬᠤ ᠭᠤᠷᠪᠠᠳᠠᠬᠢ ᠪᠠᠶᠢᠭᠤᠯᠤᠮᠵᠢ ᠶᠢᠨ ᠳᠠᠪᠠᠭᠤᠯᠢᠭ ᠢ ᠠᠰᠢᠭᠯᠠᠨ᠂ ᠠᠷᠠᠯᠵᠢᠶᠠᠴᠢᠨ ᠤᠷᠢᠬᠤ ᠲᠥᠷᠥᠯ ᠵᠦᠢᠯ ᠤᠨ ᠴᠢᠨᠠᠷ ᠴᠢᠨᠰᠠᠭ᠎ᠠ ᠪᠠ ᠣᠨᠣᠪᠴᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠤᠯᠬᠤ ᠶᠢ ᠪᠦᠬᠦ ᠳᠠᠯ᠎ᠠ ᠠᠴᠠ ᠨᠢ ᠪᠠᠳᠤᠯᠠᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ