︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ | ᠪᠠᠬᠢᠵᠢᠬᠦᠯᠦᠨ᠎ᠡ᠃ ᠪᠢᠳᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠤᠳᠠᠯ ᠢ ᠨᠦᠬᠦᠪᠦᠷᠢᠯᠡᠨ᠂ ᠰᠠᠭᠤᠷᠢ ᠶᠢ ᠪᠠᠬᠢᠵᠢᠬᠦᠯᠵᠦ᠂ | ᠠᠵᠤ ᠦᠢᠯᠡᠰ ᠤᠨ ᠰᠢᠰᠲ᠋ᠧᠮ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠮᠠᠯ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠨᠡᠮᠡᠭᠳᠡᠭᠦᠯᠦᠨ᠎ᠡ᠃ ᠬᠡᠪᠴᠢᠶᠡᠵᠢᠭᠰᠡᠨ᠂ ᠤᠶᠤᠨᠴᠢᠯᠠᠭᠰᠠᠨ ᠪᠠ ᠲᠦᠷᠦᠯ | ᠳᠡᠮᠳᠡᠭᠵᠢᠬᠦᠯᠦᠭᠰᠡᠨ ᠬᠦᠭᠵᠢᠯᠳᠡ ᠶᠢᠨ ᠴᠢᠭᠯᠡᠯ ᠢ ᠲᠣᠭᠲᠠᠭᠠᠨ᠂ ᠤᠳᠤ ᠦᠶ᠎ᠡ ᠶᠢᠨ ᠡᠪᠡᠰᠦᠨ ᠤ ᠠᠵᠦ ᠦᠢᠯᠡᠰ ᠤᠨ ᠬᠦᠷᠢᠶᠡᠯᠡᠩ ᠳᠤᠭᠤᠷᠢᠭ᠂ ᠸᠧ ᠶᠢᠨ | ᠮᠠᠯᠵᠢᠬᠤ ᠦᠢᠯᠡᠰ ᠤᠨ ᠮᠢᠬᠠᠨ ᠤ ᠦᠭᠡᠷ ᠤᠨ ᠡᠬᠦᠯᠡᠨ ᠬᠦᠮᠦᠷᠭᠡ᠂ ᠪᠠᠷᠭᠤ ᠴᠠᠭᠠᠨ ᠢᠳᠡᠭᠡ ᠡᠳ᠋ᠰᠢᠬᠦᠯᠬᠦ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ | ᠶᠢ ᠲᠦᠷᠭᠡᠳᠭᠡᠨ ᠪᠠᠶᠢᠭᠤᠯᠵᠦ᠂ ︽ᠪᠤᠷᠳᠤᠭᠠᠨ ᠤ ᠪᠠᠩᠬᠢ︾ ᠶᠢ ᠰᠦᠪᠡᠭᠴᠢᠯᠡᠨ ᠪᠠᠶᠢᠭᠤᠯᠵᠦ᠂ ︽ᠠᠳᠤᠭᠤᠨ ᠤ ᠠᠵᠦ ᠦᠢᠯᠡᠰ︾ ᠢ ᠶᠡᠬᠡᠪᠡᠷ ᠬᠦᠭᠵᠢᠬᠦᠯᠦᠨ᠂ | ᠪᠤᠬᠢᠷᠳᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠦᠷᠢᠯᠡᠨ ᠡᠳ᠋ᠰᠢᠬᠦᠯᠬᠦ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠦ᠂ | ᠤᠯᠠᠮᠵᠢᠯᠠᠯᠳᠦ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠵᠢᠱᠢᠶ᠎ᠡ ᠦᠵᠡᠬᠦᠯᠬᠦ ᠬᠤᠰᠢᠭᠤ ᠶᠢ ᠪᠦᠬᠦ ᠬᠦᠴᠦᠨ ᠢᠶᠠᠷ ᠢᠶᠠᠨ ᠡᠭᠦᠳᠦᠨ | ᠪᠠᠶᠢᠭᠤᠯᠤᠨ᠎ᠠ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢ ᠳᠠᠭᠠᠭᠠᠴᠢᠯᠠᠭᠤᠯᠬᠤ ᠬᠤᠭᠤᠴᠠᠭ᠎ᠠ ᠶᠢ ᠤᠷᠳᠤᠳᠬᠠᠬᠤ ᠠᠵᠢᠯ ᠢ ᠵᠢᠭᠰᠠᠭᠠᠨ ᠪᠠᠶᠢᠴᠠᠭᠠᠬᠤ ᠶᠢ | ᠯᠠᠪᠳᠠᠭᠤᠨ ᠪᠦᠭᠡᠳ ᠡᠮᠬᠢ ᠵᠢᠷᠤᠮ ᠲᠠᠢ ᠠᠬᠢᠭᠤᠯᠤᠨ᠂ ︽ᠪᠣᠷᠣ ᠵᠢᠷᠤᠭ︾ ︽ᠪᠦᠷᠬᠦᠭᠡ ᠰᠦᠯᠵᠢᠶ᠎ᠡ︾ ᠶᠢ ᠪᠦᠬᠦ ᠲᠠᠯ᠎ᠠ ᠪᠠᠷ ᠪᠦᠷᠢᠯᠳᠦᠭᠦᠯᠦᠨ᠎ᠡ᠃ | ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠵᠦ᠂ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠲᠣᠬᠢᠷᠠᠭᠤᠯᠤᠨ ᠬᠦᠷᠭᠡᠬᠦ᠂ ᠬᠡᠮᠵᠢᠶ᠎ᠡ ᠲᠠᠢ ᠪᠠᠷ | ᠬᠤᠳᠠᠯᠳᠤᠨ ᠠᠪᠬᠤ᠂ ᠬᠡᠮᠵᠢᠶ᠎ᠡ ᠪᠠᠨ ᠶᠡᠬᠡᠰᠬᠡᠨ ᠦᠨ᠎ᠡ ᠪᠠᠭᠤᠷᠠᠭᠤᠯᠬᠤ ᠪᠠᠷ ᠳᠠᠮᠵᠢᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠥᠪᠡᠷ ᠤᠨ ᠦᠷᠳᠡᠭ ᠢ | ᠪᠦᠲᠦᠮᠵᠢᠲᠡᠶ ᠪᠠᠭᠤᠷᠠᠭᠤᠯᠤᠨ᠎ᠠ᠃ ᠬᠦᠯᠦᠨ ᠪᠤᠶᠢᠷ ᠳᠡᠭᠡᠳᠦ ᠰᠤᠷᠭᠠᠭᠤᠯᠢ᠂ ᠮᠧᠩ ᠼᠤᠤ ᠪᠦᠯᠦᠭᠯᠡᠯ ᠵᠡᠷᠭᠡ ᠰᠤᠷᠭᠠᠭᠤᠯᠢ ᠠᠵᠦ ᠠᠬᠤᠶᠢᠯᠠᠯ ᠯᠤᠭ᠎ᠠ ᠪᠠᠶᠢᠯᠳᠤᠬᠤ | ᠪᠤᠳᠤᠯᠭ᠎ᠠ ᠶᠢᠨ ᠬᠠᠮᠳᠤᠷᠠᠯᠴᠠᠭᠠᠨ ᠤ ᠬᠠᠷᠢᠴᠠᠭ᠎ᠠ ᠪᠠᠨ ᠦᠷᠬᠦᠯᠵᠢᠯᠡᠨ ᠬᠦᠨᠵᠡᠭᠡᠶᠢᠷᠡᠬᠦᠯᠵᠦ᠂ ︽ᠠᠵᠦ ᠠᠬᠤᠶᠢᠯᠠᠯ ᠰᠤᠷᠭᠠᠭᠤᠯᠢ ᠰᠢᠨᠵᠢᠯᠡᠭᠡ ᠰᠤᠳᠤᠯᠭᠠᠨ︾ ᠤ | ᠰᠢᠨ᠎ᠡ ᠶᠢ ᠡᠭᠦᠳᠬᠦ ᠳᠠᠪᠴᠠᠩ ᠪᠠᠶᠢᠭᠤᠯᠵᠦ᠂ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠳᠤ ᠬᠦᠴᠦᠨ ᠨᠡᠮᠡᠷᠢᠯᠡᠨ᠎ᠡ᠃ ᠬᠦᠢᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠣᠭᠤᠷᠢᠨ ᠦᠵᠡᠬᠦ᠂ ᠲᠡᠭᠡᠭᠡᠪᠦᠷᠢᠯᠡᠬᠦ᠂ ᠬᠥᠮᠥᠷᠭᠡᠯᠡᠨ | ᠬᠠᠳᠠᠭᠠᠯᠠᠬᠤ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠪᠠᠶᠢᠭᠤᠯᠤᠨ᠎ᠠ᠃ ︽ᠪᠠᠷᠠᠭᠤᠨ ᠬᠤᠰᠢᠭᠤᠨ ᠤ ᠬᠤᠨᠢᠨ | ᠮᠢᠬ᠎ᠠ︾ ᠶᠢᠨ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ᠤ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠡᠯᠡᠳᠬᠡᠨ ᠪᠠᠶᠢᠭᠤᠯᠬᠤ ᠠᠵᠢᠯ ᠢ | ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠪᠠ ᠨᠡᠷᠡᠲᠦ ᠲᠡᠮᠳᠡᠭ ᠢ ᠨᠢᠭᠡ ᠴᠣᠭᠴᠠᠵᠢᠭᠤᠯᠬᠤ ᠶᠢ ᠪᠠᠷᠢᠮᠲᠠᠯᠠᠨ᠂ ᠠᠵᠤ ᠦᠢᠯᠡᠰ ᠤᠨ | ᠪᠠᠷᠢᠮᠵᠢᠶᠠᠵᠢᠭᠰᠠᠨ ᠰᠢᠰᠲ᠋ᠧᠮ ᠢ ᠨᠠᠶᠢᠷᠠᠭᠤᠯᠤᠨ ᠲᠣᠭᠲᠠᠭᠠᠬᠤ ᠪᠠ ᠲᠡᠭᠦᠯᠳᠡᠷᠵᠢᠭᠦᠯᠦᠨ᠂ ᠴᠢᠨᠠᠷᠯᠢᠭ ᠪᠦᠭᠡᠳ ᠰᠢᠯᠢᠳᠡᠭ ᠦᠨ᠎ᠡ ᠬᠠᠩᠰᠢ ᠲᠠᠢ ᠪᠠᠶᠢᠬᠤ ᠶᠢ | ᠪᠡᠶᠡᠯᠡᠭᠦᠯᠵᠦ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠠᠯᠲᠠᠨ ᠦᠰᠦᠭᠲᠦ ᠫᠠᠶᠢᠰᠠ ᠶᠢᠨ ᠨᠦᠭᠡᠴᠡ ᠬᠦᠴᠦᠨ ᠢ ᠨᠠᠩ ᠭᠦᠢᠴᠡᠳ ᠪᠣᠯᠭᠠᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠲᠤᠶᠢᠯ ᠢ ᠪᠤᠢ ᠪᠣᠯᠭᠠᠨ᠎ᠠ᠃ ᠴᠣᠤ ᠹᠠᠨ ᠠᠭᠤᠷᠬᠠᠢ ᠶᠢᠨ ᠦᠢᠯᠡᠰ ᠤᠨ ᠮᠠᠯᠲᠠᠵᠤ ᠰᠢᠯᠢᠬᠦ᠂ | ᠭᠤᠸᠠᠩ ᠮᠢᠩ ᠨᠡᠭᠦᠷᠡᠰᠦᠨ ᠤ ᠦᠢᠯᠡᠰ ᠢ ᠵᠠᠰᠠᠨ ᠰᠢᠨᠡᠳᠬᠡᠵᠦ ᠦᠷᠭᠡᠳᠭᠡᠨ ᠪᠠᠶᠢᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠭᠠᠷᠤᠯᠲᠠ ᠲᠠᠢ ᠪᠣᠯᠬᠤ ᠶᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠬᠤᠸᠠᠩ ᠶᠢᠨ ᠠᠭᠤᠷᠬᠠᠢ ᠶᠢᠨ ᠦᠢᠯᠡᠰ ᠤᠨ ᠳᠣᠣᠷ᠎ᠠ ᠠᠭᠤᠯᠤᠭᠳᠠᠴᠠ ᠲᠠᠢ ᠵᠡᠰ ᠤᠨ | ᠬᠠᠶᠠᠭᠳᠠᠮᠠᠯ ᠬᠦᠳᠡᠷ ᠢ ᠶᠡᠷᠦᠩᠬᠡᠶᠢᠯᠡᠨ ᠡᠭᠡᠭᠦᠯᠦᠨ ᠬᠤᠷᠢᠶᠠᠵᠤ ᠠᠰᠢᠭᠯᠠᠬᠤ ᠲᠦᠷᠦᠯ ᠵᠦᠢᠯ᠂ ᠬᠤᠩ ᠱᠧᠩ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ | ᠠᠰᠢᠭᠯᠠᠬᠤ ᠵᠡᠷᠭᠡ ᠲᠦᠷᠦᠯ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠮᠵᠢ ᠨᠡᠮᠡᠷᠢᠯᠡᠨ᠎ᠡ᠃ ᠳᠤᠮᠳᠠᠳᠤ ᠤᠯᠤᠰ ᠤᠨ ᠬᠤᠸᠠᠩ ᠶᠢᠨ ᠠᠭᠤᠷᠬᠠᠢ ᠶᠢᠨ ᠰᠢᠷᠣᠢ | ᠭᠠᠳᠠᠭᠰᠢᠯᠠᠭᠤᠯᠬᠤ ᠲᠠᠯᠠᠪᠠᠶ ᠪᠠ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠴᠢᠬᠤᠯᠠ ᠵᠦᠢᠯᠡᠰ ᠢ ᠡᠷᠬᠢᠯᠡᠨ ᠭᠦᠢᠴᠡᠳᠬᠡᠬᠦ ᠶᠢ ᠲᠦᠷᠭᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠯᠢᠶᠡᠰᠦᠯᠡᠯ ᠢ ᠪᠦᠲᠦᠮᠵᠢᠲᠡᠶ ᠰᠢᠢᠳᠪᠦᠷᠢᠯᠡᠨ᠎ᠡ᠃ | ᠵᠦᠩ ᠭᠤᠸᠠᠩ ᠾᠧ᠂ ᠬᠤᠸᠠ ᠨᠧᠩ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠠᠯᠬᠢ ᠭᠡᠷᠡᠯ ᠢᠯᠴᠢ ᠶᠢ ᠨᠦᠭᠡᠴᠡᠯᠡᠬᠦ ᠵᠡᠷᠭᠡ | ᠰᠢᠨ᠎ᠡ ᠡᠨᠧᠷᠬᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠠᠰᠢᠭᠲᠠᠢ ᠨᠥᠬᠦᠴᠡᠯ ᠬᠠᠩᠭᠠᠵᠦ ᠦᠭᠬᠦᠨ᠎ᠡ᠃ ᠰᠢᠨ᠎ᠡ ᠬᠠᠭᠤᠴᠢᠨ ᠬᠦᠳᠡᠯᠭᠡᠬᠦ ᠬᠦᠴᠦᠨ ᠤ | ᠰᠣᠯᠢᠭᠳᠠᠯ ᠢ ᠪᠠᠷᠢᠮᠲᠠᠯᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠳᠠᠶᠢᠴᠢᠯᠠᠨ ᠳᠠᠭᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠳᠠᠪᠠᠭᠤᠯᠢᠭ ᠢ ᠭᠦᠢᠴᠡᠳ | ᠪᠠᠳᠠᠷᠠᠭᠤᠯᠤᠨ᠂ ᠠᠵᠤ ᠦᠢᠯᠡᠳᠪᠦᠷᠢ ᠪᠠᠷ ᠮᠠᠯ ᠠᠵᠤ ᠠᠬᠤᠢ ᠶᠢ ᠭᠡᠳᠡᠷᠭᠦ ᠲᠡᠳᠬᠦᠬᠦ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠬᠠᠶᠢᠨ ᠰᠦᠪᠡᠭᠴᠢᠯᠡᠨ᠎ᠡ᠃ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠪᠦᠬᠦ ᠣᠷᠣᠨ ᠪᠦᠰᠡ ᠪᠦᠬᠦ ᠤᠯᠠᠷᠢᠯ ᠪᠦᠬᠦ ᠠᠵᠢᠯ ᠦᠢᠯᠡᠰ ᠤᠨ | ᠬᠥᠭᠵᠢᠯᠲᠡ ᠶᠢᠨ ᠤᠳᠤᠷᠢᠳᠤᠮᠵᠢ ᠶᠢ ᠪᠤᠢ ᠪᠣᠯᠭᠠᠨ᠂ ᠮᠠᠯ ᠠᠵᠤ ᠠᠬᠤᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠵᠡᠷᠭᠡ ᠠᠵᠤ ᠦᠢᠯᠡᠰ ᠤᠨ | ᠠᠭᠤᠰᠤᠯᠴᠠᠯ ᠢ ᠬᠦᠨᠵᠡᠭᠡᠶᠢᠷᠡᠬᠦᠯᠵᠦ᠂ ᠠᠮᠢ ᠠᠬᠤᠢ ᠶᠢᠨ ᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠲᠦᠰᠦᠪᠯᠡᠨ᠎ᠡ᠃ ︽ᠬᠠᠮᠤᠭ ᠤᠨ ᠭᠤᠶᠣ 331︾ ︱ᠬᠥᠯᠥᠨ ᠪᠤᠶᠢᠷ ᠢ ᠲᠤᠭᠤᠯᠬᠤ ᠲᠠᠯ᠎ᠠ ᠨᠤᠲᠤᠭ ᠤᠨ ᠭᠦᠨ ᠳᠠᠬᠢ ᠵᠢᠭᠤᠯᠴᠢᠯᠠᠯ ᠵᠡᠷᠭᠡ ᠰᠣᠳᠣᠨ | ᠵᠢᠭᠤᠯᠴᠢᠯᠠᠯ ᠤᠨ ᠵᠠᠮ ᠱᠤᠭᠤᠮ ᠢ ᠭᠤᠣᠯᠳᠠᠯᠭ᠎ᠠ ᠲᠠᠢ ᠪᠣᠶ ᠪᠣᠯᠭᠠᠵᠤ᠂ ᠵᠡᠭᠦᠨ ᠰᠦᠮ᠎ᠡ ᠭᠠᠴᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠬᠤ ᠪᠠ ᠪᠣᠭᠤᠮᠲᠠ ᠶᠢᠨ ᠤᠯᠤᠰ ᠤᠨ ᠡᠭᠦᠳᠡᠨ ᠤ ᠦᠵᠡᠮᠵᠢ ᠶᠢᠨ ᠣᠷᠣᠨ᠂ | ᠬᠦᠳᠡᠭᠡ ᠨᠠᠭᠤᠷ ᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠬᠠᠮᠠᠭᠠᠯᠠᠯᠳᠠ ᠪᠠ ᠵᠠᠰᠠᠯᠳᠠ ᠶᠢ | ᠳᠣᠪᠤᠶᠢᠯᠭᠠᠵᠤ᠂ ᠳᠠᠰᠢᠮᠠᠭ ᠤᠨ ᠷᠠᠰᠢᠶᠠᠨ᠂ ᠴᠢᠩᠭᠢᠰ ᠤᠨ ᠮᠣᠷᠢᠨ ᠤ ᠤᠶᠠᠭ᠎ᠠ ᠵᠡᠷᠭᠡ ᠬᠠᠯᠠᠮᠰᠢᠯ ᠭᠠᠵᠠᠷ ᠤᠨ ᠦᠢᠯᠡᠴᠢᠯᠡᠭᠡᠨ ᠤ ᠲᠦᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠤᠨ᠂ ᠵᠦᠢ ᠵᠣᠬᠢᠰᠲᠠᠢ ᠪᠠᠶᠢᠷᠢᠰᠢᠭᠤᠯᠵᠦ᠂ ᠮᠠᠯᠴᠢᠨ ᠠᠶᠢᠯ ᠤᠨ ᠵᠤᠭᠠᠴᠠᠯ ᠢ ᠶᠡᠬᠡᠪᠡᠷ | ᠬᠦᠭᠵᠢᠭᠦᠯᠦᠨ᠂ ᠠᠷᠠᠳ ᠤᠨ ᠳᠤᠮᠳᠠᠬᠢ ᠬᠥᠷᠥᠩᠭᠡ ᠪᠡᠯᠡ ᠠᠴᠠ ᠬᠡᠷᠦᠯᠦᠨ ᠪᠠᠭᠤᠴᠠ᠂ ᠪᠣᠭᠳᠠ ᠬᠤᠸᠠᠷᠠᠨ ᠤ ᠴᠢᠨᠠᠷ ᠳᠡᠰ ᠢ ᠳᠡᠭᠡᠭᠰᠢᠯᠡᠭᠦᠯᠬᠦ ᠳᠤ ᠣᠷᠣᠯᠴᠠᠬᠤ ᠶᠢ | ᠵᠣᠷᠢᠭᠵᠢᠭᠤᠯᠤᠨ ᠲᠡᠳᠬᠦᠵᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠳᠤ ᠢᠷᠡᠵᠦ ᠬᠦᠯᠦᠨ · ᠪᠤᠶᠢᠷ ᠢ ᠦᠵᠡᠬᠦ︾ ᠨᠡᠷᠡᠳᠦ ᠳᠡᠮᠳᠡᠭ ᠤᠨ ᠷᠢᠳᠢ ᠰᠢᠳᠢ ᠶᠢ | ᠬᠦᠢᠴᠡᠳ ᠢᠯᠡᠷᠡᠬᠦᠯᠦᠨ᠎ᠡ᠃ | ︵ᠭᠤᠷᠪᠠ︶ ᠬᠤᠳᠠ ᠬᠥᠳᠡᠭᠡ ᠶᠢᠨ ᠠᠭᠤᠰᠤᠯᠴᠠᠬᠤ ᠬᠦᠭᠵᠢᠯᠳᠡ ᠶᠢ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ ᠦᠷᠭᠦᠯᠵᠢᠯᠡᠨ | ᠨᠥᠬᠦᠪᠦᠷᠢᠯᠡᠨ᠎ᠡ᠃ ᠪᠢᠳᠡ ︽ᠠᠵᠤ ᠦᠢᠯᠡᠰ + ᠬᠤᠲᠠ ᠶᠢᠨ ᠰᠢᠨᠡᠴᠢᠯᠡᠯᠲᠡ + ᠬᠥᠳᠡᠭᠡ ᠲᠣᠰᠬᠤᠨ ᠤ ᠵᠠᠰᠠᠯᠲᠠ︾ ᠶᠢᠨ ᠰᠡᠳᠬᠢᠴᠡ ᠶᠢ ᠦᠨᠳᠦᠰᠦᠯᠡᠨ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠳᠤᠬᠢᠯᠢᠭ | ᠦᠢᠯᠡᠰ ᠴᠣᠭᠴᠠᠯᠠᠬᠤ ᠳᠤ ᠳᠤᠬᠢᠷᠠᠮᠵᠢᠳᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠨ᠎ᠠ᠃ | ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠦ ᠦᠢᠯᠡᠰ ᠤᠨ ᠰᠠᠭᠤᠷᠢ ᠶᠢ ᠪᠠᠬᠢᠵᠢᠬᠦᠯᠦᠨ᠎ᠡ᠃ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠯ ᠥᠯᠥ ᠡᠭᠦᠰᠬᠦ ᠬᠤᠷᠢᠭ᠎ᠠ ᠱᠤᠭᠤᠮ ᠢ ᠪᠠᠲᠤ | ᠰᠠᠬᠢᠨ᠎ᠠ᠃ ᠮᠠᠯᠵᠢᠬᠤ ᠡᠷᠦᠬᠡ ᠬᠤᠯᠪᠤᠭᠠᠯᠠᠨ ᠪᠠᠳᠤᠯᠠᠬᠤ᠂ ᠨᠤᠲᠤᠭ ᠪᠡᠯᠴᠢᠭᠡᠷ ᠢ ᠡᠷᠬᠢᠯᠳᠦᠬᠦᠯᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠮᠥᠩᠭᠦᠨ ᠬᠦᠢᠯᠭᠡᠭᠡ ᠪᠠᠷ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠲᠥᠷᠥᠯ ᠤᠨ ᠪᠦᠲᠦᠮᠵᠢᠲᠡᠢ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠨᠠᠶᠢᠳᠠᠪᠦᠷᠢᠵᠢᠭᠤᠯᠤᠯᠳᠠ ᠶᠢ ᠲᠦᠷᠭᠡᠳᠬᠡᠨ ᠠᠬᠢᠭᠤᠯᠵᠤ᠂ | 5855 ᠲᠦᠮᠡᠨ ᠲᠥᠭᠦᠷᠢᠭ ᠤᠨ ᠪᠡᠯᠡ ᠣᠷᠣᠭᠤᠯᠤᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠠᠵᠤ ᠦᠢᠯᠡᠰ ᠢ ᠥᠷᠭᠡᠳᠬᠡᠨ ᠳᠡᠭᠡᠭᠰᠢᠯᠡᠭᠦᠯᠬᠦ᠂ | ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠵᠡᠷᠭᠡ ᠲᠥᠷᠥᠯ ᠵᠦᠢᠯ ᠢ 18 ᠭᠡᠷᠡᠭᠵᠢᠬᠦᠯᠦᠨ᠂ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠭᠠᠴᠠᠭ᠎ᠠ ᠨᠡᠶᠢᠭᠡᠮ ᠲᠣᠭᠤᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢ ᠪᠤᠵᠠᠭᠠᠶᠢᠷᠠᠭᠤᠯᠤᠨ᠂ ᠥᠷᠭᠡᠨ ᠣᠯᠠᠨ | ᠮᠠᠯᠴᠢᠨ ᠲᠦᠮᠡᠨ ᠤ ︽ᠵᠣᠭᠤᠰᠤᠨ ᠪᠣᠭᠴᠣ︾ ᠶᠢ ᠳᠦᠭᠦᠷᠭᠡᠨ᠎ᠡ᠃ | ᠬᠤᠲᠠ ᠪᠠᠯᠭᠠᠰᠤ ᠶᠢᠨ ᠦᠢᠯᠡᠳᠦᠯ ᠴᠢᠳᠠᠮᠵᠢ ᠴᠢᠨᠠᠷ ᠳᠡᠰ ᠢ ᠶᠡᠬᠡᠪᠡᠷ ᠳᠡᠭᠡᠭᠰᠢᠯᠡᠭᠦᠯᠦᠨ᠎ᠡ᠃ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠵᠡᠭᠡᠯᠢ | ᠭᠤᠳᠤᠮᠵᠢ ᠶᠢ ᠬᠠᠲᠠᠭᠤᠷᠠᠭᠤᠯᠬᠤ᠂ ᠴᠢᠮᠡᠭᠡ ᠨᠡᠪᠲᠡᠷᠡᠬᠦᠯᠭᠡ ᠰᠦᠯᠵᠢᠶ᠎ᠡ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ | ᠭᠦᠨᠵᠡᠭᠡᠢ ᠭᠡᠷᠡᠭᠵᠢᠬᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠵᠡᠭᠡᠯᠢ᠂ ᠡᠮᠦᠨᠡᠰᠢ ᠭᠠᠷᠬᠤ ᠡᠭᠦᠳᠡ ᠶᠢ ᠵᠠᠰᠠᠨ ᠰᠢᠨᠡᠳᠬᠡᠬᠦ | ᠢᠨᠵᠧᠨᠧᠷᠢᠩ ᠢ ᠲᠦᠯᠦᠪᠯᠡᠨ ᠠᠬᠢᠭᠤᠯᠵᠤ᠂ ᠵᠠᠮ ᠢ ᠡᠵᠡᠯᠡᠨ ᠡᠵᠡᠩᠨᠡᠬᠦ᠂ ᠳᠤᠷ᠎ᠠ ᠪᠠᠷ ᠵᠣᠭᠰᠣᠭᠠᠵᠤ ᠡᠮᠬᠢ ᠵᠠᠮᠪᠠᠷᠠᠭ᠎ᠠ ᠦᠭᠡᠢ ᠲᠠᠯᠪᠢᠬᠤ᠂ ᠭᠠᠯ ᠤᠨᠲᠠᠷᠠᠭᠠᠬᠤ | ᠵᠠᠮ ᠢ ᠪᠥᠭᠯᠡᠬᠦ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠨ ᠴᠡᠭᠴᠡᠯᠡᠵᠦ᠂ ᠤᠯᠠᠨ ᠲᠦᠮᠡᠨ ᠤ ᠳᠡᠷᠭᠡᠳᠡᠬᠢ ︽ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ | ᠬᠦᠰᠡᠮᠵᠢᠯᠡᠵᠦ︾ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠥᠩᠭᠡᠨ ᠲᠠᠯ᠎ᠠ︾ ︽ᠳᠣᠲᠣᠷ ᠲᠠᠯ᠎ᠠ︾ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠨ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠵᠠᠰᠠᠨ ᠰᠢᠨᠡᠳᠬᠡᠬᠦ ᠶᠢ ᠡᠮᠬᠢ | ᠵᠢᠷᠤᠮ ᠲᠠᠢ ᠠᠬᠢᠭᠤᠯᠵᠤ᠂ ᠵᠢᠵᠢᠭ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠳᠠ ᠶᠢᠨ | ᠰᠢᠨᠡᠴᠢᠯᠡᠯᠳᠡ ᠶᠢᠨ ᠢᠨᠵᠧᠨᠧᠷᠢᠩ ᠢ ᠭᠡᠷᠡᠭᠵᠢᠬᠦᠯᠬᠦ ᠳᠤ ᠬᠦᠴᠦᠨ ᠢᠶᠠᠨ ᠲᠦᠪᠯᠡᠷᠡᠬᠦᠯᠵᠦ᠂ ᠣᠷᠣᠨ ᠪᠦᠰᠡ ᠶᠢᠨ ᠰᠢᠨ᠎ᠡ ᠪᠠᠶᠢᠳᠠᠯ ᠢ ᠡᠭᠦᠳᠴᠦ᠂ ᠠᠷᠠᠳ ᠣᠯᠠᠨ ᠤ | ᠠᠮᠤᠷ ᠠᠮᠤᠭᠤᠯᠠᠩ ᠰᠢᠨ᠎ᠡ ᠪᠠᠶᠢᠳᠠᠯ ᠢ ᠪᠣᠶ ᠪᠣᠯᠭᠠᠨ᠎ᠠ᠃ ︽ᠳᠤᠯᠠᠭᠠᠯᠠᠭ᠎ᠠ ᠶᠢᠨ ᠢᠨᠵᠧᠨᠧᠷᠢᠩ︾ ᠢ ᠦᠷᠭᠦᠯᠵᠢᠯᠡᠨ ᠪᠠᠬᠢᠵᠢᠭᠦᠯᠵᠦ᠂ ᠢᠯᠴᠢ ᠬᠠᠩᠭᠠᠬᠤ ᠬᠠᠭᠤᠴᠢᠨ | ᠬᠤᠭᠤᠯᠠᠢ ᠲᠣᠣᠷ ᠢ ᠵᠠᠰᠠᠨ ᠰᠢᠨᠡᠳᠬᠡᠵᠦ᠂ ︽ᠠᠷᠠᠳ ᠤᠨ ᠠᠮᠢᠳᠤᠷᠠᠯ ᠤᠨ ᠬᠦᠢᠲᠡᠨ ᠬᠠᠯᠠᠭᠤᠨ︾ ᠪᠠᠶᠢᠬᠤ ᠡᠰᠡᠬᠦ ᠶᠢ ᠬᠦᠴᠦᠯᠡᠨ ᠳᠡᠭᠡᠭᠰᠢᠯᠡᠭᠦᠯᠦᠨ᠎ᠡ᠃ ᠵᠠᠰᠠᠮᠠᠯ | ᠵᠠᠮ ᠢ ᠵᠠᠰᠠᠵᠦ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠲᠡᠰ ᠤᠨ ︽ᠲᠦᠷᠪᠡᠨ ᠰᠠᠶᠢᠲᠠᠢ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ ᠴᠢᠷᠮᠠᠶᠢᠨ ᠡᠭᠦᠳᠦᠨ᠎ᠡ᠃ | ᠬᠦᠮᠦᠨ ᠠᠷᠠᠳ ᠤᠨ ᠤᠷᠤᠰᠢᠨ ᠰᠠᠭᠤᠬᠤ ᠤᠷᠴᠢᠨ ᠳᠤᠭᠤᠷᠢᠨ ᠤ ᠵᠠᠰᠠᠯᠳᠠ ᠶᠢᠨ ᠴᠢᠨᠠᠷ ᠴᠢᠨᠰᠠᠭ᠎ᠠ ᠦᠷ᠎ᠡ ᠪᠦᠳᠦᠮᠵᠢ ᠶᠢ ᠳᠡᠭᠡᠭᠰᠢᠯᠡᠬᠦᠯᠦᠨ᠎ᠡ᠃ ᠬᠥᠯᠥᠨ | ᠨᠠᠭᠤᠷ ᠤᠨ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠡᠬᠡ ᠣᠷᠣᠨᠴᠢ | ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠪᠠ ᠮᠠᠯᠵᠢᠬᠤ ᠲᠠᠷᠢᠶᠠᠯᠠᠬᠤ ᠣᠷᠣᠨ ᠤ ᠥᠪᠡᠰᠦᠪᠡᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠦᠨ᠎ᠡ᠃ ᠬᠤᠭ ᠨᠣᠪᠰᠢ ᠪᠤᠯᠠᠬᠤ | ᠲᠠᠯᠠᠪᠤᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠲᠠ ᠬᠥᠳᠡᠭᠡ ᠶᠢᠨ ᠬᠤᠭ ᠨᠣᠪᠰᠢ ᠶᠢ ᠵᠠᠰᠠᠬᠤ ᠴᠢᠳᠠᠮᠵᠢ ᠪᠠ ᠪᠠᠲᠤᠯᠠᠭ᠎ᠠ ᠶᠢᠨ ᠡᠷᠴᠢᠮ ᠢ | ᠴᠢᠩᠭᠠᠷᠠᠭᠤᠯᠤᠨ᠂ ︽ᠬᠠᠳᠠᠭᠠᠯᠠᠯᠲᠠ ᠶᠢᠨ ᠬᠡᠮᠵᠢᠶ᠎ᠡ ᠶᠢ ᠴᠡᠪᠡᠷᠯᠡᠨ᠂ ᠨᠡᠮᠡᠭᠳᠡᠯ ᠤᠨ ᠬᠡᠮᠵᠢᠶ᠎ᠡ ᠶᠢ ᠪᠠᠭᠠᠰᠬᠠᠬᠤ︾ ᠶᠢ ᠡᠷᠡᠰ ᠪᠠᠷᠢᠮᠲᠠᠯᠠᠵᠤ᠂ ᠠᠷᠠᠳ ᠣᠯᠠᠨ ᠤ | ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠤᠨ᠎ᠠ᠃ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ ᠡᠪᠡᠳᠴᠢᠨ ᠢᠶᠠᠷ | ᠦᠬᠦᠭᠰᠡᠨ ᠮᠠᠯ ᠢ ᠬᠤᠣᠷ ᠦᠭᠡᠶᠢᠵᠢᠭᠦᠯᠬᠦ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠬᠦᠯᠵᠦ᠂ ᠦᠵᠡᠰᠬᠦᠯᠡᠩᠳᠦ ᠰᠠᠶᠢᠬᠠᠨ ᠬᠦᠳᠡᠭᠡ ᠳᠤᠰᠬᠤᠨ ᠢ ᠪᠦᠲᠦᠭᠡᠨ | ᠪᠠᠶᠢᠭᠤᠯᠤᠨ᠎ᠠ᠃ | | |