︵ᠳᠥᠷᠪᠡ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ | ᠬᠦᠴᠦᠨ ᠢ ᠦᠷᠬᠦᠯᠵᠢᠯᠡᠨ ᠬᠥᠭᠵᠢᠭᠡᠨ᠎ᠡ᠃ ᠪᠢᠳᠡ ᠬᠥᠭᠵᠢᠯᠲᠡ ᠪᠠᠷ ᠰᠡᠳᠦᠪ ᠭᠠᠷᠭᠠᠬᠤ᠂ ᠥᠭᠡᠷᠡᠴᠢᠯᠡᠯᠲᠡ ᠪᠠᠷ ᠰᠡᠳᠦᠪ ᠢᠶᠠᠨ ᠳᠡᠯᠭᠡᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠳᠠᠮᠵᠢᠭᠤᠯᠤᠨ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠠᠴᠠ ᠶᠢᠨ ᠪᠠᠬᠢᠯᠡᠯᠲᠡ ᠶᠢ ᠬᠦᠴᠦᠯᠡᠨ ᠡᠪᠳᠡᠵᠦ᠂ ᠨᠡᠩ ᠶᠡᠭᠡ ᠠᠮᠢᠵᠢᠷᠠᠯ ᠤᠨ | ᠬᠦᠴᠦᠨ ᠪᠠ ᠥᠷᠢᠰᠦᠯᠳᠦᠬᠦ ᠬᠦᠴᠦᠨ ᠲᠠᠢ ᠬᠥᠭᠵᠢᠯᠲᠡ ᠶᠢᠨ ᠣᠷᠴᠢᠨ ᠳᠤᠭᠤᠷᠢᠨ ᠢ ᠲᠦᠷᠭᠡᠪᠴᠢᠯᠡᠨ ᠪᠤᠢ ᠪᠣᠯᠭᠠᠨ᠎ᠠ᠃ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠲᠠᠲᠠᠬᠤ ᠦᠢᠯᠡᠳᠦᠯ ᠢ ᠴᠢᠩᠭᠠᠳᠬᠠᠨ᠎ᠠ᠃ ︽1+13+30︾ ᠳᠦᠷᠢᠮ ᠤᠨ ᠰᠢᠰᠲ᠋ᠧᠮ ᠢ ᠰᠠᠶᠢᠳᠦᠷ ᠠᠰᠢᠭᠯᠠᠨ | ᠬᠦᠢᠴᠡᠳ ᠭᠡᠷᠡᠭᠯᠡᠵᠦ᠂ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠣᠳᠣᠯᠭ᠎ᠠ ᠲᠥᠷᠥ ᠶᠢᠨ ᠪᠣᠳᠣᠯᠭ᠎ᠠ ᠶᠣᠰᠣᠭᠠᠷ᠂ ︽ᠭᠤᠷᠪᠠ ᠶᠢ ᠬᠤᠪᠢᠷᠠᠭᠤᠯᠬᠤ | ᠥᠭᠡᠷᠡᠴᠢᠯᠡᠯᠲᠡ︾ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠦᠨ᠂ ᠮᠠᠯᠴᠢᠳ ᠤᠨ ᠬᠤᠷᠰᠢᠶᠠᠵᠢᠯ ᠳᠤ | ᠣᠷᠣᠬᠤ ᠨᠣᠷᠮ᠎ᠠ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠬᠦᠯᠵᠦ᠂ ︽ᠮᠠᠩᠯᠠᠢ ᠵᠠᠭᠪᠤᠷ 2.0︾ ᠤᠨ ᠰᠢᠨ᠎ᠡ ᠬᠡᠪ ᠢ | ᠪᠣᠢ ᠪᠣᠯᠭᠠᠨ᠎ᠠ᠃ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠲᠡᠳᠬᠦᠵᠦ᠂ ᠰᠢᠨ᠎ᠡ ᠬᠡᠯᠪᠡᠷᠢ ᠶᠢᠨ ᠮᠠᠯ ᠠᠵᠦ ᠠᠬᠤᠢ ᠳᠤ | ᠦᠢᠯᠡᠴᠢᠯᠡᠬᠦ ᠰᠢᠰᠲ᠋ᠧᠮ ᠢ ᠪᠠᠶᠢᠭᠤᠯᠵᠦ᠂ ᠶᠡᠷᠦᠩᠭᠡᠶᠢᠯᠡᠭᠰᠡᠨ ᠬᠠᠮᠳᠤᠷᠠᠯᠴᠠᠭᠠᠨ ᠤ ᠵᠤᠬᠢᠶᠠᠨ ᠪᠠᠶᠢᠭᠤᠯᠤᠯᠳᠠ ᠶᠢ ᠰᠢᠨ᠎ᠡ ᠪᠠᠷ 2 ᠪᠠᠶᠢᠭᠤᠯᠤᠨ᠂ ᠰᠠᠴᠤᠷᠠᠨ | ᠳᠠᠶᠢᠴᠢᠯᠠᠬᠤ ᠬᠦᠴᠦᠨ ᠢ ᠪᠦᠲᠦᠮᠵᠢᠲᠡᠢ ᠳᠡᠭᠡᠭᠰᠢᠯᠡᠬᠦᠯᠦᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠬᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠭᠤᠣᠯᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠦᠷᠢᠲᠦᠬᠦ | ᠨᠤᠷᠮ᠎ᠠ ᠶᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠤᠷᠴᠢᠨ | ᠳᠤᠭᠤᠷᠢᠨ ᠢ ᠬᠠᠮᠠᠭᠠᠯᠠᠬᠤ ᠠᠵᠢᠯ ᠤᠨ ᠶᠡᠷᠦᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠶᠢᠨ ᠦᠭᠡᠷᠡᠴᠢᠯᠡᠯᠳᠡ ᠶᠢ ᠠᠬᠢᠭᠤᠯᠵᠦ᠂ ᠬᠠᠤᠯᠢ | ᠭᠡᠷᠡᠭᠵᠢᠬᠦᠯᠦᠯᠳᠡ ᠶᠢᠨ ᠦᠢᠯᠡᠳᠦᠯ ᠴᠢᠳᠠᠮᠵᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠰᠢᠨ᠎ᠡ ᠪᠠᠷ ᠪᠤᠢ ᠪᠤᠯᠤᠭᠰᠠᠨ ᠠᠵᠦ ᠦᠢᠯᠡᠰ ᠢ ᠬᠦᠭᠵᠢᠬᠦᠯᠬᠦ ᠳᠤ | ᠬᠦᠴᠦᠨ ᠢᠶᠠᠨ ᠲᠦᠪᠯᠡᠷᠡᠬᠦᠯᠦᠨ᠂ ᠲᠤᠤᠭᠤᠷ ᠨᠢᠰᠬᠦ ᠤᠷᠤᠨ ᠬᠡᠪᠴᠢᠶᠡᠨ ᠤ ᠳᠤᠷᠰᠢᠯᠳᠠ ᠶᠢᠨ ᠴᠡᠭ ᠤᠨ ᠦᠭᠡᠷᠡᠴᠢᠯᠡᠯᠳᠡ ᠳᠤ ᠬᠦᠴᠦᠨ ᠨᠡᠮᠡᠷᠢᠯᠡᠵᠦ᠂ ᠪᠤᠭᠳᠠ | ᠨᠢᠰᠭᠡᠯ ᠤᠨ ᠪᠠᠭᠤᠳᠠᠯ ᠢᠶᠠᠷ ᠲᠦᠰᠢᠭ ᠪᠤᠯᠭᠠᠨ᠂ ᠲᠠᠯ᠎ᠠ ᠨᠤᠲᠤᠭ ᠪᠠ ᠨᠠᠭᠤᠷ ᠴᠦᠬᠦᠷᠦᠮ ᠢ ᠳᠡᠭᠡᠷ᠎ᠡ ᠠᠴᠠ ᠨᠢ ᠰᠣᠨᠢᠷᠬᠠᠬᠤ ᠵᠡᠷᠭᠡ ᠪᠡᠶᠡᠴᠢᠯᠡᠨ ᠤᠶᠢᠯᠠᠭᠠᠬᠤ | ᠪᠦᠲᠦᠭᠡᠭᠳᠡᠬᠦᠨ ᠢ ᠨᠡᠭᠡᠭᠡᠨ ᠬᠦᠭᠵᠢᠭᠦᠯᠦᠨ᠎ᠡ᠃ | ᠭᠠᠳᠠᠭᠰᠢ ᠨᠡᠭᠡᠭᠡᠯᠳᠡ ᠬᠢᠬᠦ ᠴᠢᠳᠠᠪᠦᠷᠢ ᠶᠢᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠪᠦᠬᠦ ᠬᠤᠳᠠ ᠶᠢᠨ ︽ᠨᠢᠭᠡ ᠭᠠᠷᠠᠮ ᠲᠠᠪᠤᠨ ᠰᠠᠭᠤᠷᠢᠨ ᠭᠠᠵᠠᠷ︾ | ᠤᠨ ᠰᠢᠰᠲ᠋ᠧᠮ ᠢ ᠪᠠᠶᠢᠭᠤᠯᠬᠤ ᠠᠵᠠ ᠳᠤᠬᠢᠶᠠᠯ ᠢ ᠴᠢᠩᠭ᠎ᠠ ᠠᠳᠬᠤᠨ᠂ ᠠᠷᠤᠬᠠᠰᠢᠶᠠᠳᠦ ᠳᠤ ᠮᠤᠩᠭᠤᠯ ᠤᠯᠤᠰ ᠤᠨ ᠨᠡᠬᠦᠷᠡᠰᠦ ᠶᠢ ᠨᠦᠭᠡᠴᠡᠯᠡᠬᠦ ᠰᠠᠭᠤᠷᠢᠨ ᠭᠠᠵᠠᠷ | ᠢ ᠢᠳᠡᠪᠬᠢᠳᠠᠢ ᠪᠠᠶᠢᠭᠤᠯᠵᠦ᠂ ᠬᠢᠯᠢ ᠶᠢᠨ ᠪᠤᠭᠤᠮᠳᠠ ᠶᠢᠨ ᠪᠠᠷᠠᠭ᠎ᠠ ᠳᠡᠭᠡᠭᠡᠪᠦᠷᠢ ᠶᠢᠨ ᠨᠡᠪᠲᠡᠷᠡᠬᠦ ᠵᠠᠮ᠂ ᠤᠯᠠᠨ ᠤᠯᠤᠰ ᠤᠨ ᠪᠤᠳᠠᠰ ᠤᠨ ᠬᠦᠢᠯᠭᠡᠭᠡᠨ ᠤ ᠬᠦᠷᠢᠶᠡᠯᠡᠩ | ᠳᠤᠭᠤᠷᠢᠭ᠂ ︽ᠣᠶᠤᠨᠴᠢ ᠪᠣᠭᠤᠮᠲᠠ︾ ᠶᠢᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠ ᠪᠠᠷᠠᠭ᠎ᠠ ᠨᠡᠪᠲᠡᠷᠡᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠢᠯᠢ ᠶᠢᠨ ᠪᠤᠭᠤᠮᠳᠠ ᠶᠢᠨ ᠬᠢᠨᠠᠨ ᠬᠠᠮᠢᠶᠠᠷᠬᠤ ᠬᠦᠯᠳᠡᠬᠦᠦ ᠬᠦᠮᠦᠷᠭᠡ᠂ ᠲᠡᠷᠭᠡᠨ ᠵᠣᠭᠰᠣᠭᠠᠯ ᠤᠨ ᠦᠢᠯᠡᠴᠢᠯᠡᠭᠡᠨ ᠤ ᠲᠣᠭᠤᠷᠢᠭ᠂ ᠠᠷᠤᠬᠠᠰᠢᠶᠠᠲᠤ ᠪᠠᠯᠭᠠᠰᠤ ᠶᠢᠨ | ᠶᠡᠷᠦᠩᠬᠡᠶᠢᠯᠡᠭᠰᠡᠨ ᠴᠣᠭᠴᠠ ᠵᠡᠷᠭᠡ ᠠᠷᠠᠯᠵᠢᠶᠠᠴᠢᠨ ᠤᠷᠢᠬᠤ ᠲᠥᠷᠥᠯ ᠵᠦᠢᠯ ᠢ ᠰᠦᠪᠡᠭᠴᠢᠯᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠤᠰᠤᠨ ᠤ | ᠭᠠᠷᠤᠯᠲᠠ᠂ ᠡᠪᠡᠰᠦ ᠪᠣᠷᠳᠤᠭ᠎ᠠ ᠵᠡᠷᠭᠡ ᠶᠡᠭᠡ ᠬᠡᠮᠵᠢᠶᠡᠨ ᠤ ᠲᠠᠸᠠᠷ ᠢ ᠭᠠᠳᠠᠭᠠᠳᠤ ᠠᠴᠠ ᠣᠷᠣᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ | ᠃ ᠭᠠᠳᠠᠭᠠᠳᠦ ᠪᠡᠯᠡ ᠶᠢᠨ ᠠᠵᠦ ᠠᠬᠤᠶᠢᠯᠠᠯ᠂ ᠭᠠᠳᠠᠭᠠᠳᠦ ᠳᠤ ᠬᠤᠯᠪᠤᠭᠳᠠᠭᠰᠠᠨ ᠦᠢᠯᠡᠴᠢᠯᠡᠭᠡᠨ ᠤ ᠪᠠᠶᠢᠭᠤᠯᠤᠮᠵᠢ ᠶᠢ ᠵᠢᠯᠤᠭᠤᠳᠤᠨ ᠬᠦᠮᠦᠵᠢᠬᠦᠯᠬᠦ ᠡᠷᠴᠢᠮ ᠢ | ᠴᠢᠩᠭᠠᠷᠠᠭᠤᠯᠵᠦ᠂ ᠪᠤᠭᠤᠮᠳᠠ ᠶᠢᠨ ᠠᠵᠦ ᠠᠬᠤᠢ ᠶᠢ ᠪᠤᠵᠠᠭᠠᠶᠢᠷᠠᠭᠤᠯᠤᠨ ᠬᠦᠴᠦᠷᠭᠡᠭᠵᠢᠬᠦᠯᠦᠨ᠎ᠡ᠃ | ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠬᠦ ᠠᠵᠢᠯᠯᠠᠭ᠎ᠠ ᠶᠢ ᠦᠷᠨᠢᠬᠦᠯᠦᠨ᠎ᠡ᠃ ᠮᠣᠩᠭᠤᠯ ᠤᠯᠤᠰ ᠤᠨ ᠳᠣᠷᠣᠨᠠᠲᠤ ᠠᠶᠢᠮᠠᠭ᠂ ᠬᠡᠨᠲᠡᠢ | ᠠᠶᠢᠮᠠᠭ ᠵᠡᠷᠭᠡ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠴᠢᠩᠭᠢᠰ ᠬᠤᠲᠠ ᠯᠤᠭ᠎ᠠ ᠶᠢᠨ ᠨᠥᠬᠦᠷᠰᠡᠭ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠪᠤᠳᠠᠳᠦ ᠠᠬᠢᠯᠲᠠ ᠲᠠᠢ ᠪᠣᠯᠭᠠᠬᠤ ᠶᠢ ᠠᠬᠢᠭᠤᠯᠤᠨ᠎ᠠ᠃ ᠵᠠᠬ᠎ᠠ ᠶᠢᠨ ᠠᠷᠠᠯᠵᠢᠶᠠᠨ ᠤ ᠦᠢᠯᠡᠴᠢᠯᠡᠭᠡᠨ ᠤ ᠲᠥᠪ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠷᠠᠯᠵᠢᠶᠠᠨ ᠤ ᠲᠦᠷᠦᠯ ᠵᠦᠢᠯ ᠪᠠ ᠬᠡᠪᠴᠢᠶ᠎ᠡ ᠶᠢ ᠪᠠᠶᠠᠯᠢᠠᠠᠵᠢᠭᠤᠯᠤᠨ ᠦᠷᠭᠡᠳᠭᠡᠵᠦ᠂ ᠨᠡᠩ ᠤᠯᠠᠨ ᠦᠷ᠎ᠡ ᠠᠰᠢᠭ ᠢ ᠳᠤᠬᠠᠢ ᠶᠢᠨ ᠭᠠᠵᠠᠷ | ᠲᠠᠭᠠᠨ ᠦᠯᠡᠳᠡᠭᠡᠨ᠎ᠡ᠃ ᠰᠦᠨᠢᠳ ᠵᠡᠬᠦᠨ ᠬᠤᠰᠢᠭᠤ᠂ ᠡᠸᠡᠩᠬᠢ ᠬᠤᠰᠢᠭᠤ ᠯᠤᠭ᠎ᠠ ᠶᠢᠨ ᠮᠡᠳᠡᠯᠭᠡ ᠶᠢᠨ ᠦᠮᠴᠢᠯᠡᠬᠦ ᠡᠷᠭᠡ ᠶᠢ ᠬᠠᠮᠠᠭᠠᠯᠠᠬᠤ᠂ ᠦᠨᠳᠦᠰᠦᠳᠡᠨ ᠤ | ᠪᠦᠯᠬᠦᠮᠳᠡᠯ ᠳᠠᠪᠰᠢᠯᠳᠠ ᠶᠢ ᠠᠬᠢᠭᠤᠯᠬᠤ ᠵᠡᠷᠭᠡ ᠳᠠᠯ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠵᠤ᠂ ᠬᠦᠯᠦᠨ ᠪᠤᠶᠢᠷ ᠬᠤᠳᠠ ᠶᠢᠨ ᠠᠵᠦ ᠠᠬᠤᠢ ᠶᠢᠨ ᠨᠡᠭᠡᠭᠡᠯᠳᠡ | ᠶᠢᠨ ᠳᠤᠭᠤᠷᠢᠭ ᠯᠤᠭ᠎ᠠ ᠶᠢᠨ ᠣᠷᠣᠨ ᠠᠯᠤᠰᠯᠠᠭᠰᠠᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠯᠢ ᠬᠤᠩ᠂ ᠵᠢᠦ ᠵᠢᠶᠠ ᠵᠡᠷᠭᠡ ︽ᠬᠤᠷᠰᠢᠯᠴᠠᠭᠠᠨ ᠤ ᠠᠵᠤ | ᠠᠬᠤᠢ︾ ᠶᠢᠨ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠦᠭᠡᠢ ᠦᠷᠭᠡᠳᠬᠡᠵᠦ᠂ ᠣᠷᠣᠨ ᠪᠦᠰᠡ | ᠬᠤᠯᠪᠤᠭᠠᠯᠠᠨ ᠬᠥᠳᠡᠯᠦᠯᠴᠡᠬᠦ᠂ ᠬᠢᠯᠢ ᠬᠢᠵᠠᠭᠠᠷ ᠨᠢ ᠤᠷᠤᠨ ᠨᠤᠲᠤᠭ ᠯᠤᠭ᠎ᠠ ᠬᠠᠷᠢᠯᠴᠠᠨ ᠬᠥᠳᠡᠯᠦᠯᠴᠡᠬᠦ ᠪᠠ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠰᠢᠨ᠎ᠡ | ᠪᠠᠶᠢᠷᠢᠰᠢᠯ ᠢ ᠡᠭᠦᠳᠦᠨ ᠪᠠᠶᠢᠭᠤᠯᠤᠨ᠎ᠠ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠷᠦᠯᠬᠢ ᠥᠩᠭᠡ ᠶᠢ ᠦᠷᠭᠦᠯᠵᠢᠯᠡᠨ | ᠵᠤᠵᠠᠭᠠᠳᠬᠠᠨ᠎ᠠ᠃ ᠪᠢᠳᠡ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠪᠣᠷᠣ ᠵᠢᠷᠤᠭ︾ ︽ᠪᠦᠷᠬᠦᠭᠡ ᠰᠦᠯᠵᠢᠶ᠎ᠡ︾ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠢᠶᠠᠨ ᠲᠥᠪᠯᠡᠷᠡᠭᠦᠯᠦᠨ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠬᠠᠮᠠᠭᠠᠯᠠᠯᠳᠠ ᠪᠠ ᠴᠢᠨᠠᠷ ᠰᠠᠶᠢᠲᠠᠢ ᠬᠦᠭᠵᠢᠯᠳᠡ ᠶᠢ | ᠤᠷᠭᠠᠨᠢᠭ ᠢᠶᠠᠷ ᠨᠢᠭᠡᠳᠭᠡᠬᠦ ᠶᠢ ᠠᠬᠢᠭᠤᠯᠤᠨ᠎ᠠ᠃ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ︽ᠤᠮᠠᠷᠠᠲᠤ ᠶᠢᠨ ᠭᠤᠷᠪᠠᠨ ᠣᠷᠣᠨ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠤᠢ ᠪᠡᠯᠴᠢᠭᠡᠷ ᠨᠤᠭᠤ ᠭᠠᠵᠠᠷ ᠲᠠᠴᠢᠷᠳᠠᠭᠰᠠᠨ ᠤᠷᠤᠨ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ᠂ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠡᠯᠴᠢᠭᠡᠷᠯᠡᠭᠦᠯᠬᠦ ᠶᠢ | ᠵᠣᠭᠰᠣᠭᠠᠵᠤ᠂ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠦᠬᠦᠪᠦᠷᠢ ᠱᠠᠩᠨᠠᠯ ᠤᠨ | ᠮᠥᠩᠭᠦ ᠶᠢ ᠪᠡᠶᠡᠯᠡᠭᠦᠯᠬᠦ ᠡᠷᠬᠡ ᠬᠠᠷᠢᠭᠤᠴᠠᠯᠭ᠎ᠠ ᠶᠢ ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠨᠤᠲᠤᠭ ᠪᠡᠯᠴᠢᠭᠡᠷ ᠤᠨ ᠠᠮᠤᠷᠵᠢᠨ ᠰᠠᠶᠢᠵᠢᠷᠠᠬᠤ ᠶᠢ | ᠠᠬᠢᠭᠤᠯᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠨᠠᠭᠤᠷ ᠢ | ᠬᠠᠮᠢᠶᠠᠷᠬᠤ ᠳᠠᠷᠤᠭ᠎ᠠ᠂ ᠤᠢ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠤᠳᠠᠳᠠᠶᠢᠵᠢᠭᠤᠯᠵᠦ᠂ ᠭᠤᠣᠯ | ᠨᠠᠭᠤᠷ ᠤᠨ ︽ᠲᠦᠷᠪᠡᠨ ᠡᠮᠬᠢ ᠵᠠᠮᠪᠠᠷᠠᠭ᠎ᠠ ᠦᠭᠡᠢ ᠪᠠᠶᠢᠬᠤ︾ ᠶᠢ ᠴᠡᠪᠡᠷᠯᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠵᠦ᠂ ᠭᠤᠣᠯᠳᠠᠯᠭ᠎ᠠ ᠲᠠᠢ ᠣᠷᠣᠨ | ᠪᠦᠰᠡ ᠶᠢᠨ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠲᠦᠷᠭᠡᠳᠬᠡᠵᠦ᠂ ᠮᠠᠯᠲᠠᠵᠤ ᠬᠠᠶᠠᠭᠳᠠᠭᠰᠠᠨ ᠨᠦᠬᠡ ᠶᠢ ᠴᠡᠭᠴᠡᠯᠡᠨ ᠵᠠᠰᠠᠬᠤ ᠲᠥᠷᠥᠯ ᠵᠦᠢᠯ ᠢ | ᠪᠡᠶᠡᠯᠡᠭᠦᠯᠦᠨ᠎ᠡ᠃ ᠡᠬᠢ ᠪᠠᠶᠠᠯᠢᠭ ᠤᠨ ᠡᠳ᠋ ᠬᠦᠷᠦᠩᠭᠡ ᠶᠢᠨ ᠪᠦᠬᠦ ᠬᠦᠴᠦᠨ ᠵᠦᠢᠯ ᠪᠦᠬᠦ ᠬᠦᠷᠢᠶ᠎ᠡ ᠴᠠᠷᠠᠭᠠᠨ ᠳᠠᠬᠢ ᠵᠢᠠᠠᠰᠠᠭᠠᠨ ᠪᠠᠶᠢᠴᠠᠭᠠᠯᠳᠠ ᠶᠢ ᠯᠠᠪᠳᠠᠭᠤᠨ | ᠪᠠᠳᠤᠳᠠᠢ ᠦᠷᠨᠢᠬᠦᠯᠤᠨ᠂ ᠲᠠᠷᠢᠶᠠᠨ ᠭᠠᠵᠠᠷ᠂ ᠨᠤᠲᠤᠭ ᠪᠡᠯᠴᠢᠭᠡᠷ᠂ ᠠᠭᠤᠷᠬᠠᠢ ᠶᠢᠨ ᠭᠠᠷᠤᠯᠳᠠ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠦᠨ᠂ ᠡᠬᠢ ᠪᠠᠶᠠᠯᠢᠭ ᠤᠨ ᠰᠠᠭᠤᠷᠢ ᠳᠤᠭ᠎ᠠ ᠶᠢ ᠰᠢᠰᠲ᠋ᠧᠮ ᠲᠠᠢ ᠡᠮᠬᠢᠯᠡᠵᠦ᠂ ᠰᠤᠯᠠ | ᠪᠠᠶᠢᠭ᠎ᠠ ᠡᠬᠢ ᠪᠠᠶᠠᠯᠢᠭ ᠤᠨ ᠡᠳ᠋ ᠬᠦᠷᠦᠩᠭᠡ ᠶᠢ ᠪᠦᠳᠦᠮᠵᠢᠳᠡᠢ ᠠᠮᠢᠯᠠᠭᠤᠯᠵᠦ᠂ ᠡᠬᠢ ᠪᠠᠶᠠᠯᠢᠭ ᠢ ᠡᠳ᠋ ᠬᠦᠷᠦᠩᠭᠡ ᠪᠤᠯᠭᠠᠬᠤ ᠪᠠ ᠡᠳ᠋ ᠬᠦᠷᠦᠩᠭᠡ ᠶᠢ ᠡᠳ᠋ ᠮᠦᠩᠬᠦ | ᠪᠤᠯᠭᠠᠨ᠎ᠠ᠃ ︽ᠬᠤᠶᠠᠷ ᠠᠭᠤᠯᠠ︾ ᠶᠢᠨ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠬᠤ ᠠᠵᠢᠯ ᠢ ᠲᠦᠷᠭᠡᠳᠭᠡᠨ ᠠᠬᠢᠭᠤᠯᠵᠦ᠂ ᠰᠧᠨ ᠭᠦᠩ ᠪᠦᠯᠦᠭᠯᠡᠯ | ᠯᠦᠭᠡ ᠶᠢᠨ ᠤᠢ ᠰᠢᠭᠤᠢ ᠨᠤᠲᠤᠭ ᠪᠡᠯᠴᠢᠭᠡᠷ ᠤᠨ ᠨᠡᠬᠦᠷᠡᠰᠦᠳᠦ᠋ᠷᠦᠭᠴᠢ ᠶᠢ ᠰᠢᠩᠭᠡᠭᠡᠨ ᠠᠪᠬᠤ ᠬᠠᠮᠳᠤᠷᠠᠯᠴᠠᠭ᠎ᠠ ᠶᠢ ᠠᠬᠢᠭᠤᠯᠤᠨ᠂ ᠠᠮᠢ ᠠᠬᠤᠢ ᠶᠢᠨ ᠦᠨ᠎ᠡ | ᠦᠷᠲᠡᠭ ᠤᠨ ᠬᠤᠪᠢᠷᠠᠭᠤᠯᠤᠯᠳᠠ ᠶᠢ ᠠᠬᠢᠭᠤᠯᠵᠦ᠂ ᠪᠤᠬᠢᠷᠳᠤᠯ ᠦᠬᠡᠢ ᠠᠮᠢ ᠠᠬᠤᠢ ᠶᠢ ᠦᠨ᠎ᠡ ᠴᠡᠨ᠎ᠡ ᠲᠠᠢ ᠠᠮᠢ ᠠᠬᠤᠢ ᠪᠤᠯᠭᠠᠨ ᠬᠦᠭᠵᠢᠭᠦᠯᠦᠨ᠎ᠡ᠃ | ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠬᠦᠯᠦᠨ᠎ᠡ᠃ ᠬᠥᠷᠥᠰᠥ ᠰᠢᠷᠣᠢ ᠶᠢ ᠬᠠᠮᠠᠭᠠᠯᠠᠬᠤ ︽ᠭᠤᠷᠪᠠ ᠶᠢ ᠵᠡᠷᠭᠡ ᠳᠤᠨᠢ ᠪᠠᠶᠢᠯᠭᠠᠬᠤ︾ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ | ᠤᠰᠤ ᠶᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠪᠠ ᠬᠤᠲᠠ ᠪᠠᠯᠭᠠᠰᠤ ᠶᠢᠨ ᠤᠰᠤ ᠠᠷᠪᠢᠯᠠᠵᠤ ᠬᠤᠷᠤᠭᠳᠠᠯ ᠢ ᠪᠠᠭᠠᠰᠬᠠᠬᠤ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠪᠤᠬᠢᠷᠲᠤᠯ ᠤᠰᠤᠨ ᠤ ᠲᠣᠬᠢᠷᠠᠭᠤᠯᠤᠯᠲᠠ ᠶᠢ ᠤᠷᠢᠳ ᠢᠶᠠᠷ | ᠪᠣᠳᠣᠯᠬᠢᠯᠠᠨ᠂ ᠳᠠᠬᠢᠨ ᠠᠰᠢᠭᠯᠠᠵᠤ ᠪᠣᠯᠬᠤ ᠤᠰᠤ ᠶᠢ ᠡᠭᠡᠭᠦᠯᠦᠨ ᠬᠤᠷᠢᠶᠠᠵᠤ ᠬᠠᠳᠠᠭᠠᠯᠠᠬᠤ ᠡᠷᠴᠢᠮ ᠢ ᠴᠢᠩᠭᠠᠷᠠᠭᠤᠯᠤᠨ᠂ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠦᠷᠢ ᠶᠢ ᠪᠦᠬᠦ ᠳᠠᠯ᠎ᠠ ᠪᠠᠷ ᠳᠡᠭᠡᠭᠰᠢᠯᠡᠬᠦᠯᠦᠨ᠎ᠡ᠃ ᠤᠰᠤ ᠭᠡᠷᠡᠭᠯᠡᠬᠦ ᠬᠦᠷᠢᠶ᠎ᠡ ᠴᠠᠷᠠᠭᠠᠨ ᠳᠠᠬᠢ ᠢᠳᠡᠭᠡᠮᠵᠢ ᠶᠢᠨ | ᠦᠨᠡᠯᠡᠯᠳᠡ ᠬᠢᠬᠦ ᠠᠵᠢᠯ ᠢ ᠠᠬᠢᠭᠤᠯᠵᠦ᠂ ᠬᠢᠨᠠᠨ ᠬᠠᠮᠢᠶᠠᠷᠤᠯᠳᠠ ᠶᠢ ᠴᠢᠩᠭᠠᠳᠬᠠᠨ᠂ ᠡᠮᠬᠢ ᠲᠢᠭᠯᠢᠮ ᠢ ᠵᠢᠷᠤᠮᠵᠢᠭᠤᠯᠤᠨ᠎ᠠ᠃ ᠵᠠᠬ᠎ᠠ ᠳᠡᠯᠭᠡᠬᠦᠷᠴᠢᠯᠡᠬᠦ ᠠᠷᠭ᠎ᠠ ᠪᠠᠷᠢᠯ | ᠢᠶᠠᠷ ᠱᠠᠳᠤᠯᠢᠭ ᠦᠨ᠎ᠡ ᠬᠠᠩᠰᠢ ᠪᠠ ᠲᠤᠭᠳᠠᠭᠰᠠᠨ ᠬᠡᠮᠵᠢᠶᠡᠨ ᠠᠴᠠ ᠬᠡᠳᠦᠷᠡᠳᠡᠯ᠎ᠡ ᠤᠰᠤ ᠭᠡᠷᠡᠭᠯᠡᠪᠡᠯ ᠦᠨ᠎ᠡ ᠶᠢ ᠱᠠᠲᠤᠯᠠᠨ ᠨᠡᠮᠡᠬᠦ ᠵᠡᠷᠭᠡ ᠲᠦᠷᠦ ᠶᠢᠨ ᠪᠤᠳᠤᠯᠭ᠎ᠠ | ᠶᠢ ᠬᠠᠪᠰᠤᠷᠭᠠᠨ ᠳᠡᠬᠦᠯᠳᠡᠷᠵᠢᠬᠦᠯᠬᠦ ᠶᠢᠨ ᠤᠯᠠᠮ ᠠᠴᠠ ᠤᠰᠤ ᠶᠢ ᠠᠷᠪᠢᠯᠠᠨ ᠭᠠᠮᠨᠠᠬᠤ ᠶᠢ ᠭᠡᠳᠡᠷᠭᠦ ᠠᠬᠢᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ᠎ᠡ᠃ ᠴᠡᠯᠮᠡᠭ ᠲᠡᠭᠷᠢ ᠴᠡᠩᠬᠡᠭ ᠤᠰᠤ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠪᠦᠦ ᠲᠠᠢ ᠢᠯᠴᠢ ᠶᠢᠨ ᠬᠦᠴᠦᠨ ᠤ ᠭᠦᠸᠧᠯᠦ ᠶᠢᠨ ᠬᠡᠳᠤ ᠳᠣᠣᠷ᠎ᠠ ᠭᠠᠳᠠᠭᠰᠢᠯᠠᠭᠤᠯᠬᠤ ᠪᠠᠷ ᠵᠠᠰᠠᠨ | ᠰᠢᠨᠡᠳᠭᠡᠬᠦ ᠶᠢ ᠪᠡᠶᠡᠯᠡᠭᠦᠯᠵᠦ᠂ ᠪᠦᠬᠦ ᠵᠢᠯ ᠤᠨ ᠠᠭᠠᠷ ᠤᠨ ᠴᠢᠨᠠᠷ ᠴᠢᠨᠰᠠᠭ᠎ᠠ ᠴᠡᠪᠡᠷ ᠰᠠᠶᠢᠨ ᠡᠳᠦᠷ ᠤᠨ ᠲᠣᠭᠠᠨ ᠤ ᠬᠠᠷᠢᠴᠠᠯ ᠢ ᠣᠶᠢᠷ᠎ᠠ ᠶᠢᠨ ᠭᠤᠷᠪᠠᠨ ᠵᠢᠯ ᠤᠨ | ᠬᠤᠭᠤᠴᠠᠭᠠᠨ ᠳᠠᠬᠢ ᠬᠠᠮᠤᠭ ᠤᠨ ᠰᠠᠶᠢᠨ ᠬᠢᠷᠢ ᠲᠦᠪᠰᠢᠨ ᠳᠤ ᠪᠠᠶᠢᠯᠭᠠᠬᠤ ᠶᠢ ᠪᠠᠳᠤᠯᠠᠨ᠎ᠠ᠃ ᠮᠠᠯ ᠵᠢᠬᠦᠷᠳᠡᠨ ᠤ ᠢᠯᠭᠠᠳᠠᠰᠤ ᠶᠢᠨ ᠪᠤᠬᠢᠷᠳᠤᠯ ᠢ ᠡᠬᠢ | ᠪᠠᠶᠠᠯᠢᠠᠠᠵᠢᠭᠤᠯᠤᠨ ᠠᠰᠢᠭᠯᠠᠬᠤ ᠲᠦᠷᠦᠯ ᠵᠦᠢᠯ ᠤᠨ ᠦᠷ᠎ᠡ ᠠᠰᠢᠭ ᠢ ᠨᠡᠮᠡᠭᠳᠡᠭᠦᠯᠵᠦ᠂ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠡᠭᠦᠰᠦᠮᠡᠯ | ᠪᠦᠲᠦᠭᠡᠭᠳᠡᠬᠦᠨ ᠢ ᠳᠠᠬᠢᠨ ᠠᠰᠢᠭᠯᠠᠬᠤ ᠡᠬᠢ ᠪᠠᠶᠠᠯᠢᠭ ᠪᠣᠯᠭᠠᠨ ᠬᠤᠪᠢᠷᠠᠭᠤᠯᠵᠤ᠂ ︽ᠬᠠᠶᠠᠭᠳᠠᠮᠠᠯ ᠢ ᠡᠷᠳᠡᠨᠢ ᠪᠣᠯᠭᠠᠬᠤ︾ ᠶᠢ ᠪᠡᠶᠡᠯᠡᠭᠦᠯᠦᠨ᠎ᠡ᠃ ᠬᠠᠤᠯᠢ ᠠᠴᠠ | ᠵᠦᠷᠢᠴᠡᠨ ᠠᠲᠠᠷ ᠬᠠᠭᠠᠯᠪᠦᠷᠢᠯᠠᠬᠤ᠂ ᠬᠠᠤᠯᠢ ᠪᠤᠰᠤ ᠪᠠᠷ ᠨᠤᠲᠤᠭ ᠪᠡᠯᠴᠢᠭᠡᠷ ᠲᠠᠷᠢᠶᠠᠨ ᠭᠠᠵᠠᠷ ᠢ ᠡᠵᠡᠯᠡᠨ ᠭᠡᠷᠡᠭᠯᠡᠬᠦ᠂ ᠠᠭᠤᠷᠬᠠᠢ ᠶᠢᠨ ᠡᠬᠢ ᠪᠠᠶᠠᠯᠢᠭ ᠢ ᠲᠤᠷ᠎ᠠ | ᠪᠠᠷ ᠨᠡᠭᠡᠭᠡᠵᠦ ᠳᠤᠷ᠎ᠠ ᠪᠠᠷ ᠮᠠᠯᠳᠠᠬᠤ ᠵᠡᠷᠭᠡ ᠬᠠᠤᠯᠢ ᠴᠠᠭᠠᠵᠠ ᠪᠠ ᠲᠦᠷᠢᠮ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ | ᠂ ᠵᠠᠰᠠᠭ ᠵᠠᠬᠢᠷᠭᠠᠨ ᠪᠠ ᠡᠷᠡᠬᠦᠦ ᠰᠢᠢᠳᠭᠡᠯ ᠢ ᠵᠤᠯᠭᠠᠭᠤᠯᠬᠤ ᠶᠢ ᠴᠢᠩᠭᠠᠳᠬᠠᠨ᠂ ᠬᠠᠤᠯᠢ ᠠᠴᠠ ᠵᠦᠷᠢᠴᠡᠪᠡᠯ ᠡᠷᠬᠡᠪᠰᠢ ᠵᠠᠯᠬᠠᠭᠠᠨ ᠰᠢᠢᠳᠭᠡᠨ᠎ᠡ᠃ ᠲᠦᠷᠦᠯ ᠵᠦᠢᠯ ᠢ | ᠤᠷᠤᠭᠤᠯᠤᠨ ᠠᠪᠴᠢᠷᠠᠬᠤ ᠪᠤᠭᠤᠮᠳᠠ ᠶᠢ ᠰᠠᠶᠢᠳᠦᠷ ᠰᠠᠬᠢᠵᠦ᠂ ᠠᠵᠦ ᠠᠬᠤᠶᠢᠯᠠᠯ ᠤᠨ ᠲᠡᠷᠢᠬᠦᠨ ᠤ ᠤᠷ᠎ᠠ ᠮᠡᠷᠭᠡᠵᠢᠯ ᠪᠠ ᠦᠢᠯᠡᠳᠪᠦᠷᠢᠯᠡᠯ ᠤᠨ ᠮᠡᠷᠭᠡᠵᠢᠯ | ᠬᠡᠷᠡᠭᠯᠡᠬᠦ ᠶᠢ ᠬᠦᠲᠦᠯᠦᠨ ᠵᠢᠯᠣᠭᠤᠳᠴᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠠᠭᠠᠰᠬᠠᠨ᠎ᠠ᠃ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶᠡᠨ ᠳᠠᠬᠢ ︽ᠨᠠᠷᠢᠯᠢᠭ ᠣᠨᠣᠪᠴᠢᠲᠠᠢ ᠪᠠᠷ ᠵᠢᠷᠤᠵᠤ ᠲᠦᠯᠦᠪᠯᠡᠬᠦ︾ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠳᠠᠯ ᠢ ᠲᠣᠳᠣᠷᠬᠠᠢ | ᠣᠶᠢᠯᠠᠭᠠᠵᠤ᠂ ᠳᠠᠯᠳᠠ ᠬᠡᠮ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠦᠪ ᠤᠨ ᠠᠮᠢ ᠠᠬᠤᠢ ᠶᠢᠨ ᠤᠷᠴᠢᠨ ᠳᠤᠭᠤᠷᠢᠨ ᠤ | ᠱᠠᠯᠠᠪᠳᠠᠭᠤᠯᠤᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠡᠭᠦᠷᠭᠡ ᠪᠠ ᠭᠤᠷᠪᠠᠳᠤᠭᠠᠷ ᠡᠭᠡᠯᠵᠢ ᠶᠢᠨ ᠪᠠᠶᠢᠴᠠᠭᠠᠯᠳᠠ ᠶᠢ | ᠤᠭᠳᠤᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠨ᠎ᠡ᠃ | | |