︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢᠨ | ᠦᠷ᠎ᠡ ᠪᠦᠲᠦᠭᠡᠯ ᠢ ᠦᠷᠭᠦᠯᠵᠢᠯᠡᠨ ᠬᠠᠮᠲᠤᠪᠠᠷ ᠡᠳ᠋ᠯᠡᠨ᠎ᠡ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ ᠪᠠ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠠ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠣᠶᠢᠷ᠎ᠠ ᠬᠠᠪᠢ ᠠᠴᠠ ᠠᠵᠢᠯᠴᠢᠨ ᠬᠡᠷᠡᠭᠯᠡᠬᠦ ᠳᠦᠷᠢᠮ ᠪᠠ ᠰᠠᠯᠠᠭ᠎ᠠ ᠮᠥᠴᠢᠷ ᠤᠨ | ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠲᠤᠰ ᠭᠠᠵᠠᠷ ᠤᠨ ᠬᠥᠳᠡᠯᠮᠦᠷᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠰᠢᠩᠭᠡᠬᠡᠨ | ᠠᠪᠴᠤ ᠠᠵᠢᠯ ᠣᠯᠭᠤᠨ᠎ᠠ᠃ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠷᠭ᠎ᠠ ᠵᠠᠮ ᠢ ᠰᠢᠯᠤᠭᠤᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠣᠶᠤᠲᠠᠳ᠂ ᠮᠠᠯᠴᠢᠨ ᠲᠠᠷᠢᠶᠠᠴᠢᠨ ᠬᠥᠯᠥᠰᠦᠨ ᠠᠵᠢᠯᠴᠢᠳ ᠪᠠ ᠴᠡᠷᠢᠭ ᠠᠴᠠ ᠬᠠᠯᠠᠭᠳᠠᠭᠰᠠᠳ ᠵᠡᠷᠭᠡ ᠪᠦᠯᠬᠦᠮ ᠨᠡᠶᠢᠲᠡ ᠶᠢᠨ ᠠᠵᠢᠯ ᠣᠯᠭᠤᠯᠲᠠ ᠳᠤ ᠳᠡᠮᠵᠢᠯᠭᠡ | ᠦᠵᠡᠬᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠤᠨ | ᠦᠯᠡᠭᠦᠦ ᠬᠦᠳᠡᠯᠮᠦᠷᠢ ᠬᠦᠴᠦᠨ ᠳᠤ ᠨᠡᠩ ᠣᠯᠠᠨ ᠠᠵᠢᠯ ᠣᠯᠭᠤᠯᠲᠠ ᠶᠢᠨ ᠠᠵᠠ ᠲᠣᠬᠢᠶᠠᠯ ᠣᠯᠭᠤᠵᠤ ᠥᠭᠭᠦᠨ᠎ᠡ᠃ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠴᠢᠩᠭ᠎ᠠ ᠠᠩᠬᠠᠷᠤᠨ᠂ ᠲᠠᠰ ᠳᠠᠪᠬᠤᠷᠭ᠎ᠠ ᠪᠠ ᠲᠥᠷᠥᠯ ᠵᠦᠢᠯ ᠢᠶᠠᠷ ᠨᠢ ᠬᠤᠪᠢᠶᠠᠵᠤ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠢ | ᠦᠷᠨᠢᠭᠦᠯᠵᠦ᠂ ᠨᠡᠶᠢᠲᠡ 500 ᠬᠦᠮᠦᠨ ᠤᠳᠠᠭ᠎ᠠ ᠣᠷᠣᠯᠴᠠᠨ᠂ ᠰᠢᠨ᠎ᠡ ᠮᠠᠶ᠋ᠢᠭ ᠤᠨ ᠮᠠᠯᠴᠢᠳ ᠢ ᠬᠥᠮᠥᠵᠢᠭᠦᠯᠬᠦ ᠶᠢ ᠴᠢᠩᠭᠠᠳᠬᠠᠵᠤ᠂ ︽ᠠᠵᠢᠯ ᠨᠢ ᠪᠠᠶᠢᠭᠠᠳ | ᠬᠢᠬᠦ ᠬᠦᠮᠦᠨ ᠦᠭᠡᠢ︾ ︽ᠬᠦᠮᠦᠨ ᠨᠢ ᠪᠠᠶᠢᠭᠠᠳ ᠬᠢᠬᠦ ᠠᠵᠢᠯ ᠦᠭᠡᠢ︾ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠵᠥᠪ ᠪᠦᠲᠦᠮᠵᠢᠲᠡᠢ ᠠᠵᠢᠯ | ᠣᠯᠭᠤᠯᠲᠠ ᠶᠢᠨ ᠲᠤᠰᠠᠯᠠᠮᠵᠢ ᠶᠢᠨ ᠲᠣᠭᠲᠠᠴᠠ ᠶᠢ ᠪᠠᠶᠢᠭᠤᠯᠵᠤ᠂ ᠠᠵᠢᠯ ᠣᠯᠭᠤᠯᠲᠠ ᠶᠢᠨ ᠠᠷᠭ᠎ᠠ ᠵᠠᠮ ᠢ ᠰᠢᠯᠤᠭᠤᠳᠬᠠᠨ᠂ ᠵᠢᠯ ᠤᠨ ᠳᠣᠲᠣᠷ᠎ᠠ ᠬᠤᠲᠠ | ᠪᠠᠯᠭᠠᠰᠤ ᠶᠢᠨ ᠠᠵᠢᠯ ᠣᠯᠣᠭᠰᠠᠳ ᠢ ᠰᠢᠨ᠎ᠡ ᠪᠠᠷ 120 ᠠᠴᠠ ᠳᠡᠭᠡᠭᠰᠢ ᠬᠦᠮᠦᠨ ᠨᠡᠮᠡᠭᠳᠡᠬᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠢ ᠰᠢᠯᠵᠢᠭᠦᠯᠦᠨ | 100 ᠠᠴᠠ ᠳᠡᠭᠡᠭᠰᠢ ᠬᠦᠮᠦᠨ ᠳᠤ ᠠᠵᠢᠯ ᠤᠯᠭᠤᠨ᠎ᠠ᠃ | ᠰᠤᠷᠭᠠᠨ ᠬᠥᠮᠦᠵᠢᠯ ᠡᠮ ᠡᠮᠨᠡᠯᠭᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ | ᠨᠡᠶᠢᠳᠡᠮ ᠠᠰᠢᠭ ᠬᠦᠷᠲᠡᠭᠡᠬᠦ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠤᠰ ᠤᠨ ᠡᠭᠦᠳᠡᠨ ᠤ 15 ᠠᠩᠭᠢᠲᠤ ᠬᠡᠦᠬᠡᠳ ᠤᠨ ᠴᠡᠴᠡᠷᠯᠢᠭ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠂ ᠬᠡᠦᠬᠡᠳ ᠤᠨ ᠴᠡᠴᠡᠷᠯᠢᠭ ᠤᠨ ᠪᠠᠭᠰᠢ᠂ ᠬᠡᠦᠬᠡᠳ ᠠᠰᠠᠷᠠᠭᠴᠢ ᠶᠢ 50 ᠬᠦᠮᠦᠨ ᠨᠦᠬᠦᠵᠦ | ᠤᠷᠤᠭᠤᠯᠤᠨ᠎ᠠ᠃ ᠵᠢᠯ ᠤᠨ ᠳᠣᠲᠣᠷ᠎ᠠ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠳᠡᠯᠭᠡᠷᠡᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ | ᠰᠢᠶᠠᠨ ᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠠᠵᠢᠯ ᠢ ᠥᠩᠭᠡᠷᠡᠭᠡᠬᠦ ᠪᠠᠷ ᠴᠢᠷᠮᠠᠶᠢᠨ᠎ᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ | ᠴᠢᠳᠠᠮᠵᠢ ᠶᠢᠨ ᠲᠠᠰᠤᠭ ᠤᠨ ᠲᠥᠷᠥᠯ ᠵᠦᠢᠯ ᠢ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢᠳ᠂ ᠬᠡᠦᠬᠡᠳ ᠤᠨ | ᠴᠡᠴᠡᠷᠯᠢᠭ ᠤᠨ ᠬᠤᠭᠤᠯᠠᠨ ᠤ ᠰᠦᠢᠳᠬᠡᠯ ᠤᠨ ᠨᠥᠬᠦᠪᠦᠷᠢ ᠦᠭᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠪᠠᠭᠰᠢ ᠨᠠᠷ ᠢ ᠵᠣᠷᠢᠭᠵᠢᠭᠤᠯᠤᠨ | ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠦᠶᠡᠯᠡᠯ ᠤᠨ ᠬᠤᠭᠤᠴᠠᠭᠠᠨ ᠳᠠᠬᠢ ᠨᠠᠷᠠᠲᠤ ᠪᠠᠭᠰᠢ ᠨᠠᠷᠠᠲᠤ ᠠᠩᠭᠢ ᠶᠢᠨ ᠡᠷᠬᠢᠯᠡᠭᠴᠢ ᠶᠢᠨ | ᠵᠠᠮᠴᠢᠯᠠᠬᠤ ᠲᠥᠯᠥᠪᠯᠡᠭᠡ ᠶᠢ ᠬᠡᠷᠡᠭᠵᠢᠭᠦᠯᠵᠦ᠂ ᠪᠠᠭᠰᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠪᠠ ᠰᠤᠷᠤᠭᠴᠢᠳ ᠤᠨ ᠰᠤᠷᠤᠯᠭ᠎ᠠ ᠶᠢᠨ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ | ᠠᠮᠤᠭᠤᠯᠠᠩ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠨ᠎ᠠ᠃ ᠡᠷᠡᠭᠦᠯ ᠡᠩᠬᠡ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠᠷᠠᠭᠰᠠᠨ | ᠮᠠᠶ᠋ᠢᠭ ᠤᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢ ᠠᠭᠤᠰᠤᠯᠴᠠᠭᠤᠯᠤᠨ ᠬᠦᠭᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠪᠠᠴᠢᠮ ᠡᠮᠴᠢᠯᠡᠭᠡᠨ ᠪᠠ ᠪᠠᠴᠢᠮ | ᠠᠪᠤᠷᠠᠯᠲᠠ ᠶᠢᠨ ︽ᠲᠠᠪᠤᠨ ᠶᠡᠭᠡ ᠲᠥᠪ︾ ᠵᠢᠴᠢ ︽ᠬᠤᠶᠠᠷ ᠲᠤᠰᠬᠠᠢ ᠰᠠᠯᠠᠭ᠎ᠠ ᠨᠢᠭᠡ ᠲᠥᠪ︾ ᠤᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ | ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠢ ᠠᠰᠢᠭᠯᠠᠯᠲᠠ ᠳᠤ ᠣᠷᠤᠭᠤᠯᠬᠤ ᠶᠢ ᠲᠦᠷᠭᠡᠳᠬᠡᠵᠦ᠂ ᠡᠮᠨᠡᠯᠭᠡ ᠶᠢᠨ ᠬᠤᠷᠢᠶᠠᠨ ᠤ ᠨᠡᠩ | ᠲᠤᠰᠬᠠᠶᠢᠵᠢᠬᠤ᠂ ᠨᠠᠷᠢᠯᠢᠭᠵᠢᠬᠤ ᠪᠠ ᠬᠦᠮᠦᠨᠴᠢᠯᠡᠬᠦ ᠶᠢ ᠠᠬᠢᠭᠤᠯᠤᠨ᠎ᠠ᠃ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ᠰᠣᠶᠣᠯ ᠤᠨ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠪᠥᠬᠦ ᠤᠯᠤᠰ ᠤᠨ ᠵᠣᠨ ᠤ ᠤᠯᠠᠷᠢᠯ ᠤᠨ ᠬᠦᠳᠡᠭᠡ ᠲᠣᠰᠬᠤᠨ ᠤ ᠨᠠᠶᠢᠷ ᠤᠨ ᠵᠢᠱᠢᠶ᠎ᠡ ᠦᠵᠡᠭᠦᠯᠬᠦ ᠦᠵᠡᠭᠦᠯᠦᠯᠭᠡ᠂ ᠲᠠᠯ᠎ᠠ | ᠨᠤᠲᠤᠭ ᠤᠨ ᠪᠦᠲᠦᠭᠡᠯ ᠤᠨ ᠳᠠᠭᠤᠨ ᠤ ᠨᠠᠶᠢᠷ᠂ ᠵᠠᠯᠠᠭᠤᠴᠤᠳ ᠪᠠᠭᠠᠴᠤᠳ ᠤᠨ ᠵᠢᠣᠳᠣᠣ ᠪᠦᠬᠡ ᠶᠢᠨ ᠣᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠵᠡᠷᠭᠡ | ᠲᠣᠮᠣ ᠬᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠴᠢᠨᠠᠷ ᠰᠠᠶᠢᠲᠠᠢ ᠡᠷᠭᠢᠯᠡᠵᠦ᠂ ᠪᠦᠬᠦ ᠤᠯᠤᠰ ᠤᠨ ︽ᠠᠷᠠᠳ ᠤᠨ ᠨᠠᠭᠠᠳᠤᠮ ᠬᠥᠳᠡᠭᠡ ᠲᠣᠰᠬᠤᠨ ᠤ ᠨᠠᠶᠢᠷ︾ | ᠤᠨ ᠨᠡᠷ᠎ᠡ ᠠᠯᠳᠠᠷᠰᠢᠯ ᠤᠨ ᠬᠡᠮᠵᠢᠶ᠎ᠡ ᠶᠢ ᠦᠷᠬᠦᠯᠵᠢᠯᠡᠨ ᠳᠡᠭᠡᠭᠰᠢᠯᠡᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ ᠳᠤ ᠪᠦᠬᠦ ᠲᠠᠯ᠎ᠠ ᠪᠠᠷ ᠠᠭᠤᠰᠤᠯᠴᠠᠬᠤ ᠪᠠ | ᠦᠢᠯᠡᠴᠢᠯᠡᠬᠦ︾ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ︽ᠠᠭᠤᠰᠤᠯᠴᠠᠯ ᠤᠨ ᠵᠠᠮ︾ ᠭᠡᠬᠦ ᠭᠤᠷᠪᠠᠨ ᠨᠡᠷᠡᠲᠦ ᠳᠡᠮᠳᠡᠭ ᠲᠤ ᠠᠩᠬᠠᠷᠤᠯ ᠢᠶᠠᠨ | ᠲᠦᠪᠯᠡᠷᠡᠭᠦᠯᠵᠦ᠂ ᠤᠯᠠᠭᠠᠨᠮᠥ᠋ᠴᠢᠷ ᠤᠨ ᠬᠦᠭᠵᠢᠯᠲᠡ ᠶᠢ ᠶᠡᠬᠡᠪᠡᠷ ᠳᠡᠮᠵᠢᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠤᠷᠮᠠᠰᠢᠭᠤᠯᠤᠨ ᠳᠡᠮᠵᠢᠵᠦ᠂ ᠰᠣᠶᠣᠯ | ᠵᠢᠭᠤᠯᠴᠢᠯᠠᠯ ᠤᠨ IP᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠠᠷᠢᠨ ᠨᠢᠮᠪᠠᠢ ᠪᠣᠶ ᠪᠣᠯᠭᠠᠨ᠎ᠠ᠃ ᠰᠣᠶᠣᠯ ᠤᠨ ᠥᠪ ᠤᠨ ᠬᠠᠮᠠᠭᠠᠯᠠᠯᠲᠠ ᠪᠠ ᠪᠣᠳᠠᠰ ᠤᠨ | ᠪᠤᠰᠤ ᠰᠣᠶᠣᠯ ᠤᠨ ᠥᠪ ᠵᠠᠯᠭᠠᠮᠵᠢᠯᠠᠯ ᠢ ᠴᠢᠩᠭᠠᠳᠬᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠲᠡᠦᠬᠡᠨ ᠳᠤᠷᠠᠰᠬᠠᠯᠲᠤ ᠵᠦᠢᠯᠡᠰ ᠢᠶᠠᠷ ᠤᠷᠢᠳᠠᠴᠢ | ᠨᠦᠬᠦᠴᠡᠯ ᠪᠤᠯᠭᠠᠨ ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡᠨ ᠳᠤᠷᠠᠰᠬᠠᠯᠲᠤ | ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠬᠦᠯᠵᠢᠯᠡᠨ ᠠᠬᠢᠭᠤᠯᠵᠤ᠂ ᠠᠯᠲᠠᠨ ᠤᠯᠤᠰ ᠤᠨ ᠴᠠᠭᠠᠨ ᠬᠡᠷᠡᠮ ᠤᠨ ᠪᠠᠭᠤᠷᠢ ᠵᠡᠷᠭᠡ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ︽ᠤᠮᠠᠷᠠᠲᠤ ᠬᠢᠯᠢ ᠶᠢᠨ ᠤᠯᠠᠭᠠᠨ | ᠠᠨᠠᠷ ︾ ᠣᠷᠣᠨ ᠪᠦᠰᠡ ᠶᠢᠨ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ︽ᠬᠤᠣᠰ ᠵᠠᠭᠤᠨ ᠤ ᠵᠢᠱᠢᠶ᠎ᠡ ᠦᠵᠡᠭᠦᠯᠬᠦ ᠢᠨᠵᠧᠨᠧᠷᠢᠩ︾ ︽ᠬᠢᠯᠢ | ᠬᠢᠵᠠᠭᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠩᠭᠢᠯ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠬᠦᠦᠷᠨᠢᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ | ᠦᠷᠭᠡᠳᠬᠡᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ᠂ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ | ᠬᠡᠮᠵᠢᠶᠡᠨ ᠳᠤ ᠲᠤᠭᠳᠠᠭᠤᠨ ᠪᠠᠶᠢᠯᠭᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠠᠷᠠᠳ | ᠤᠯᠠᠨ ᠤ ᠡᠪᠡᠳᠴᠢᠨ ᠦᠵᠡᠭᠦᠯᠬᠦ ᠵᠣᠭᠤᠰ ᠢ ᠨᠢ ᠰᠠᠶᠢᠲᠤᠷ ᠬᠠᠮᠠᠭᠠᠯᠠᠨ᠎ᠠ᠃ ᠬᠤᠲᠠ ᠬᠥᠳᠡᠭᠡ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢ ᠯᠠᠪᠳᠠᠭᠤᠨ | ᠪᠠᠲᠤᠲᠠᠢ ᠠᠬᠢᠭᠤᠯᠵᠤ᠂ ᠰᠤᠮᠤ ᠪᠠᠯᠭᠠᠰᠤ ᠶᠢᠨ ᠬᠡᠪᠴᠢᠶᠡᠨ ᠤ ᠨᠠᠰᠤᠳᠠᠨ ᠢ ᠠᠰᠠᠷᠠᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠨᠠᠰᠤᠳᠠᠨ ᠢ ᠠᠰᠠᠷᠠᠬᠤ | ᠦᠢᠯᠡᠴᠢᠯᠡᠭᠡ ᠶᠢ ᠨᠠᠩ ᠰᠡᠳᠬᠢᠯ ᠳᠤᠯᠠᠭᠠᠴᠠᠮᠠ ᠪᠣᠯᠭᠠᠵᠤ᠂ ᠨᠠᠰᠤᠲᠠᠶᠢᠴᠤᠳ ᠤᠨ ᠠᠮᠢᠳᠤᠷᠠᠯ ᠢ ᠨᠠᠩ ᠲᠠᠭᠠᠯᠠᠮᠵᠢᠲᠠᠢ ᠪᠣᠯᠭᠠᠬᠤ ᠪᠠᠷ ᠴᠢᠷᠮᠠᠶᠢᠨ᠎ᠠ᠃ 150 ᠲᠦᠮᠡᠨ | ᠲᠦᠬᠦᠷᠢᠭ ᠤᠨ ᠪᠡᠯᠡ ᠣᠷᠤᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠨ ᠨᠤᠲᠤᠭ ᠤᠨ ᠡᠳ᠋ ᠤᠨ ᠵᠠᠰᠠᠭ ᠤᠨ | ᠨᠥᠬᠦᠪᠦᠷᠢ ᠦᠭᠬᠦ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠣᠷᠣᠯᠭ᠎ᠠ ᠪᠠᠭᠠᠲᠠᠢ ᠬᠦᠮᠦᠰ ᠢ ᠣᠨᠴᠠᠭᠠᠢ ᠠᠩᠬᠠᠷᠴᠤ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠤᠨ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠠᠷᠢᠨ ᠨᠢᠭᠲᠠ ᠪᠠᠲᠤ ᠪᠠᠬᠢ | ᠰᠦᠯᠵᠢᠨ᠎ᠡ᠃ | ︵ᠳᠣᠯᠤᠭ᠎ᠠ︶ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠷᠢᠭ᠎ᠠ | ᠱᠤᠭᠤᠮ ᠢ ᠦᠷᠭᠦᠯᠵᠢᠯᠡᠨ ᠪᠠᠬᠢᠵᠢᠭᠦᠯᠦᠨ᠎ᠡ᠃ ᠪᠢᠳᠡ ᠲᠦᠭᠰᠢᠭᠦᠷᠢ ᠶᠢ ᠰᠡᠷᠭᠡᠶᠢᠯᠡᠬᠦ᠂ ᠠᠶᠤᠯᠭᠦᠢ ᠶᠢ ᠪᠠᠲᠤᠯᠠᠬᠤ ᠪᠠ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠣᠯᠠᠨ ᠤ ᠠᠮᠤᠷ ᠲᠠᠶᠢᠪᠤᠩ᠂ ᠨᠡᠶᠢᠭᠡᠮ ᠤᠨ ᠠᠮᠤᠷ ᠲᠣᠭᠲᠠᠭᠤᠨ ᠪᠠᠶᠢᠬᠤ ᠶᠢ ᠪᠠᠲᠤ ᠰᠠᠬᠢᠵᠤ᠂ | ᠠᠷᠠᠳ ᠣᠯᠠᠨ ᠤ ︽ᠪᠠᠶᠠᠷ ᠵᠢᠷᠭᠠᠯᠠᠩ︾ ᠲᠠᠢ ᠪᠠᠶᠢᠬᠤ ᠶᠢ ᠪᠠᠲᠤᠯᠠᠨ᠎ᠠ᠃ | ᠠᠶᠤᠯᠭᠦᠢ ᠦᠢᠯᠡᠳᠪᠦᠷᠢᠯᠡᠯ ᠢ ᠦᠷᠭᠦᠯᠵᠢᠯᠡᠨ ᠪᠣᠳᠠᠲᠠᠢ ᠪᠠᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠠᠬᠢᠯᠡᠯᠲᠡ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠰᠢᠲᠠᠮᠠᠬᠠᠢ ᠬᠡᠢ᠂ ᠭᠠᠯ ᠤᠨᠲᠠᠷᠠᠭᠠᠬᠤ᠂ | ᠵᠠᠮ ᠬᠠᠷᠢᠯᠴᠠᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠣᠨᠴᠠ ᠲᠦᠷᠦᠯ ᠤᠨ ᠲᠦᠬᠦᠭᠡᠷᠦᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠣᠨᠴᠠ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠬᠡᠷᠡᠭ ᠥᠯᠦ ᠡᠭᠦᠰᠬᠦ ᠬᠤᠷᠢᠭ᠎ᠠ ᠱᠤᠭᠤᠮ ᠢ | ᠪᠠᠲᠤ ᠰᠠᠬᠢᠨ᠎ᠠ᠃ ︽ᠶᠢᠰᠦᠨ ᠵᠢᠵᠢᠭ ᠲᠠᠯᠠᠪᠤᠷ︾ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠪᠦᠷᠬᠦᠭᠦᠯᠵᠦ ᠣᠷᠬᠢᠭᠳᠠᠭᠤᠯᠤᠭᠰᠠᠨ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠤᠯᠠᠨ ᠤ ᠢᠳᠡᠭᠡᠨ ᠤᠮᠳᠠᠭᠠᠨ ᠪᠠ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠪᠠᠶᠢᠭᠠᠯᠢ ᠶᠢᠨ ᠭᠠᠢ | ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠣᠶᠤᠨᠴᠢ ᠬᠢᠨᠠᠨ ᠬᠠᠮᠢᠶᠠᠷᠤᠯᠲᠠ ᠶᠢᠨ | ᠲᠠᠪᠴᠠᠩ ᠢ ᠪᠠᠶᠢᠭᠤᠯᠵᠤ᠂ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠲᠠᠯᠳᠠ ᠭᠡᠮ ᠢ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠣᠢ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ᠂ ᠴᠠᠰᠤ ᠪᠣᠷᠣᠭᠠᠨ ᠮᠥᠰᠥᠲᠦᠯ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ ᠵᠡᠷᠭᠡ ᠠᠵᠢᠯ ᠢ ᠰᠠᠶᠢᠲᠤᠷ ᠬᠢᠵᠦ᠂ | ᠬᠢᠯᠢ ᠬᠢᠵᠠᠭᠠᠷ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠥᠷᠲᠡᠭᠡ ᠶᠢ ᠰᠢᠨ᠎ᠡ ᠪᠠᠷ 4 ᠪᠠᠶᠢᠭᠤᠯᠵᠤ᠂ ᠲᠠᠯ᠎ᠠ ᠨᠤᠲᠤᠭ ᠤᠨ ︽119︾ | ᠭᠠᠯ ᠢ ᠰᠡᠷᠭᠡᠶᠢᠯᠡᠨ ᠤᠨᠲᠠᠷᠠᠭᠠᠬᠤ ᠲᠥᠷᠥᠯ ᠵᠦᠢᠯ ᠢ ᠪᠡᠶᠡᠯᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢᠨ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠬᠤᠷᠢᠭᠯᠠᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠥᠩᠭᠦᠨ ᠭᠦᠢᠯᠭᠡᠭᠡᠨ ᠤ ᠥᠷᠢ ᠥᠭᠴᠡᠭᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ | ᠬᠠᠭᠤᠷᠮᠠᠭ ᠢᠶᠠᠷ ᠬᠤᠪᠢ ᠶᠢᠨ ᠪᠡᠯᠡ ᠴᠤᠭᠯᠠᠭᠤᠯᠬᠤ ᠵᠡᠷᠭᠡ ᠮᠥᠩᠭᠦᠨ ᠭᠦᠢᠯᠭᠡᠭᠡᠨ ᠤ ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠨ ᠬᠤᠷᠢᠭᠯᠠᠵᠤ᠂ | ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠶᠢ ᠴᠢᠩᠭ᠎ᠠ ᠰᠡᠷᠭᠡᠶᠢᠯᠡᠨ ᠬᠤᠷᠢᠭᠯᠠᠨ᠎ᠠ᠃ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠨᠠᠷᠢᠯᠢᠭ ᠪᠣᠳᠣᠯᠲᠠ ᠶᠢᠨ ᠣᠶᠢᠯᠠᠭᠠᠭᠳᠠᠬᠤᠨ ᠢ ᠴᠢᠩᠭᠠᠳᠬᠠᠨ᠂ ᠬᠠᠳᠠᠭᠠᠯᠠᠯᠲᠠ ᠶᠢᠨ | ᠬᠡᠮᠵᠢᠶ᠎ᠡ ᠶᠢ ᠠᠷᠢᠯᠭᠠᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠢ | ᠪᠠᠭᠤᠷᠠᠭᠤᠯᠤᠨ᠎ᠠ᠃ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠵᠣᠬᠢᠬᠤ ᠬᠡᠮᠵᠢᠶ᠎ᠡ ᠪᠠᠷ ᠬᠦᠦ | ᠮᠥᠩᠭᠦ ᠶᠢ ᠨᠢ ᠪᠠᠭᠤᠷᠠᠭᠤᠯᠬᠤ ᠵᠡᠷᠭᠡ ᠲᠠᠯ᠎ᠠ ᠪᠠᠷ ᠬᠠᠷᠠᠭᠠᠯᠵᠠᠯ ᠦᠵᠡᠭᠦᠯᠵᠦ᠂ ᠮᠠᠯᠴᠢᠳ ᠤᠨ ᠵᠢᠭᠡᠯᠡᠯᠭᠡ ᠪᠠᠨ ᠲᠦᠯᠦᠬᠦ ᠲᠦᠭᠰᠢᠭᠦᠷᠢ ᠶᠢ ᠪᠦᠲᠦᠮᠵᠢᠲᠡᠢ | ᠪᠠᠭᠤᠷᠠᠭᠤᠯᠤᠨ᠎ᠠ᠃ | ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ | ᠲᠣᠭᠲᠠᠴᠠ ᠶᠢ ᠪᠦᠷᠢᠨᠰᠢᠭᠦᠯᠵᠦ᠂ ᠵᠥᠷᠢᠴᠡᠯ ᠤᠨ ᠠᠶᠤᠯ ᠲᠦᠭᠰᠢᠭᠦᠷᠢ ᠪᠠ ᠲᠣᠭᠲᠠᠭᠤᠨ ᠪᠤᠰᠤ ᠬᠦᠴᠦᠨ ᠵᠦᠢᠯ ᠢ ᠡᠬᠢ ᠡᠭᠦᠰᠦᠯ ᠠᠴᠠ ᠨᠢ ᠰᠡᠷᠭᠡᠶᠢᠯᠡᠨ | ᠬᠤᠷᠢᠭᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ | ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠠᠬᠢᠯᠡᠯᠲᠡ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠪᠠ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠥᠯᠢ ᠵᠠᠰᠠᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ | ᠵᠠᠮ ᠢ ᠰᠠᠭᠠᠳ ᠦᠭᠡᠢ ᠨᠠᠪᠲᠠᠷᠡᠭᠦᠯᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤᠵᠢᠭᠤᠯᠤᠨ ᠦᠷᠨᠢᠭᠦᠯᠬᠦ ᠶᠢ ᠯᠠᠪᠳᠠᠭᠤᠨ ᠪᠠᠲᠤᠳᠠᠢ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠣᠭᠴᠠᠯᠠᠨ᠎ᠠ᠃ | | |