2025·ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ 8
ᠨᠡᠶᠢᠲᠡᠯᠡᠭᠰᠡᠨ ᠴᠠᠭ᠄
2025/2/11
      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠲᠡᠮᠦᠷ ᠢ ᠳᠠᠪᠲᠠᠬᠤ ᠳᠤ ᠡᠷᠬᠡᠪᠰᠢ ᠦᠪᠡᠰᠦᠪᠡᠨ ᠬᠠᠲᠠᠭᠤᠵᠢᠬᠤ ᠪᠠᠶᠢᠬᠤ ᠬᠡᠷᠡᠭᠲᠡᠢ ᠭᠡᠳᠡᠭ ᠢᠶᠠᠷ᠂ ᠵᠠᠰᠠᠭ ᠢ ᠪᠠᠷᠢᠬᠤ ᠳᠤ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠬᠡᠷᠡᠭᠲᠡᠢ᠃ ᠰᠢᠨ᠎ᠡ ᠠᠶᠠᠨ᠂ ᠰᠢᠨ᠎ᠡ ᠬᠠᠷᠠᠯᠲᠠ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠡᠷᠬᠡᠪᠰᠢ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠪᠠ ᠨᠡᠶᠢᠲᠡ ᠶᠢᠨ ᠢᠲᠡᠭᠡᠮᠵᠢ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠢ ᠪᠠᠶᠢᠭᠤᠯᠬᠤ ᠪᠠᠷ ᠴᠢᠷᠮᠠᠶᠢᠨ᠎ᠠ᠃ᠤᠯᠤᠰ ᠲᠦᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠨ᠎ᠠ᠃ ᠤᠯᠤᠰ ᠲᠦᠷᠥ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠪᠠ ᠵᠠᠷᠯᠢᠭ ᠴᠠᠭᠠᠵᠠ ᠶᠢ ᠡᠷᠡᠰ ᠲᠠᠭᠠᠬᠤ ᠶᠢ ᠪᠠᠲᠤᠯᠠᠨ᠎ᠠ᠃      ᠦᠨᠡᠨᠴᠢ ᠪᠠᠷ ᠠᠳᠬᠤᠨ ᠪᠣᠳᠠᠲᠠᠢ ᠪᠠᠷ ᠠᠵᠢᠯᠯᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠢᠮᠠᠭᠲᠠ ᠵᠠᠰᠠᠭ ᠤᠨ ᠣᠷᠳᠣᠨ ᠤ ᠨᠢᠭᠡᠳᠦᠭᠡᠷ ᠬᠠᠷᠢᠭᠤᠴᠠᠯᠭ᠎ᠠ ᠪᠣᠯᠭᠠᠨ᠂ ︽ᠪᠣᠳᠠᠲᠠᠢ︾ ᠶᠢ ᠴᠢᠬᠤᠯᠠᠴᠢᠯᠠᠵᠤ᠂ ︽ᠬᠢᠬᠦ︾ ᠶᠢ ᠤᠷᠢᠳᠠᠪᠠᠷ ᠪᠣᠳᠣᠯᠬᠢᠯᠠᠨ᠂ ᠵᠣᠷᠢᠯᠲᠠ ᠶᠢᠨ ᠤᠬᠠᠮᠰᠠᠷ ᠢ ᠦᠨᠡᠨᠬᠦ ᠠᠳᠬᠤᠵᠤ ᠪᠣᠳᠠᠲᠠᠢ ᠠᠵᠢᠯᠯᠠᠬᠤ ᠳᠡᠭᠡᠷ᠎ᠡ ᠢᠯᠡᠷᠡᠭᠦᠯᠵᠦ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠠᠵᠢᠯ ᠬᠢᠵᠦ ᠦᠢᠯᠡᠰ ᠪᠦᠲᠦᠭᠡᠬᠦ ᠳᠤ ᠲᠤᠤᠱᠯᠠᠭᠤᠯᠤᠨ᠂ ᠵᠣᠷᠢᠯᠲᠠ ᠶᠢᠨ ᠤᠬᠠᠮᠰᠠᠷ ᠢᠶᠠᠨ ᠦᠨᠡᠨᠴᠢ ᠪᠠᠷ ᠠᠳᠬᠤᠨ ᠪᠣᠳᠠᠲᠠᠢ ᠪᠠᠷ ᠠᠵᠢᠯᠯᠠᠬᠤ ᠳᠡᠭᠡᠷ᠎ᠡ ᠢᠯᠡᠷᠡᠭᠦᠯᠵᠦ᠂ ︽ᠵᠠᠮ ᠱᠤᠭᠤᠮ ᠤᠨ ᠵᠢᠷᠤᠭ︾ ᠢ ᠦᠨᠡᠨᠬᠦ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠤᠨ᠎ᠠ᠃ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠠᠷᠬᠠᠭ ᠭᠡᠮ ᠢ ᠦᠷᠭᠦᠯᠵᠢᠯᠡᠨ ᠴᠡᠭᠴᠡᠯᠡᠨ ᠵᠠᠰᠠᠵᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠵᠤ᠂ ᠬᠠᠷᠢᠭᠤᠴᠠᠯᠭ᠎ᠠ ᠪᠠ ᠳᠠᠷᠤᠭᠠᠰᠤ ᠶᠢ ᠦᠨᠡᠨᠬᠦ ᠣᠷᠣᠨ ᠪᠠᠶᠢᠷᠢᠨ ᠳᠤᠨᠢ ᠲᠤᠯᠲᠠᠯ᠎ᠠ ᠳᠠᠮᠵᠢᠭᠤᠯᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠠᠮᠢᠳᠤᠯᠢᠭ ᠪᠠᠶᠢᠳᠠᠯ ᠢ ᠪᠤᠢ ᠪᠣᠯᠭᠠᠨ᠎ᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠬᠤᠷᠢᠭ᠎ᠠ ᠱᠤᠭᠤᠮ ᠢ ᠬᠢᠴᠢᠶᠡᠩᠭᠦᠶᠢᠯᠡᠨ ᠵᠢᠷᠤᠮᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠦᠷᠭᠡᠨ ᠢᠶᠠᠷ ᠬᠦᠯᠢᠶᠡᠵᠦ᠂ ᠰᠠᠨᠠᠯ ᠵᠥᠪᠯᠡᠯᠭᠡ ᠪᠠ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠨ᠎ᠡ᠃ ᠬᠠᠥᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠦᠷᠨᠢᠭᠦᠯᠦᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠪᠣᠳᠣᠯᠭ᠎ᠠ ᠶᠠᠪᠤᠴᠠ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠬᠤᠰᠢᠭᠤᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠠᠨ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠨᠡᠶᠢᠲᠡ ᠶᠢᠨ ᠢᠲᠡᠭᠡᠮᠵᠢ ᠶᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠶᠢᠨ ᠰᠠᠶᠢᠬᠠᠨ ᠳᠦᠷᠢ ᠳᠦᠷᠬᠦ ᠶᠢ ᠪᠦᠬᠦ ᠲᠠᠯ᠎ᠠ ᠪᠠᠷ ᠪᠣᠢ ᠪᠣᠯᠭᠠᠨ᠎ᠠ᠃      ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢᠨ ᠬᠡᠷᠡᠭᠵᠢᠭᠦᠯᠦᠯᠲᠡ ᠶᠢ ᠴᠢᠩᠭᠠᠳᠬᠠᠨ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠰᠡᠷᠭᠡᠶᠢᠯᠡᠨ ᠴᠡᠭᠴᠡᠯᠡᠨ ᠵᠠᠰᠠᠵᠤ᠂ ᠨᠠᠩ ᠣᠯᠠᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠬᠤ ᠪᠠ ᠬᠥᠭᠵᠢᠯᠲᠡ ᠶᠢ ᠠᠬᠢᠭᠤᠯᠬᠤ ᠲᠠᠯ᠎ᠠ ᠳᠤ ᠬᠡᠷᠡᠭᠯᠡᠵᠦ᠂ ᠵᠠᠰᠠᠭ ᠤᠨ ᠣᠷᠳᠣᠨ ᠤ ︽ᠭᠠᠮᠲᠠᠢ ᠠᠮᠢᠳᠤᠷᠠᠯ︾ ᠢᠶᠠᠷ ᠠᠵᠤ ᠠᠬᠤᠶᠢᠯᠠᠯ ᠤᠨ ︽ᠲᠣᠭᠲᠠᠭᠤᠨ ᠠᠮᠢᠳᠤᠷᠠᠯ︾ ᠪᠠ ᠣᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠴᠢᠷᠠᠨ᠎ᠠ᠃      ᠲᠥᠯᠥᠭᠡᠯᠡᠭᠴᠢᠳ ᠠ᠋᠂ ᠡᠷᠡᠨ ᠴᠠᠭ ᠤᠨ ᠠᠤᠭ᠎ᠠ ᠦᠢᠯᠡᠰ ᠢᠶᠠᠨ ᠠᠰᠤᠷᠤ ᠰᠦᠷᠯᠢᠭ ᠴᠣᠭᠴᠠᠯᠠᠵᠤ᠂ ᠭᠡᠷᠡᠯ ᠰᠠᠴᠤᠷᠠᠩᠭᠤᠢ ᠢᠷᠡᠭᠡᠳᠦᠢ ᠶᠢᠨ ᠵᠠᠮ ᠢᠶᠠᠨ ᠢᠲᠡᠭᠡᠯ ᠳᠦᠭᠦᠷᠡᠩ ᠬᠦᠪᠴᠢᠯᠡᠶ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠳᠠᠯ ᠦᠢᠯᠡᠰ ᠴᠣᠭᠴᠠᠯᠠᠬᠤ ᠣᠷᠭᠢᠯᠤᠮ᠎ᠠ ᠰᠡᠳᠬᠢᠯᠭᠡ ᠪᠠ ᠡᠷᠡᠯᠬᠡᠭᠯᠡᠨ ᠤᠷᠤᠭᠰᠢᠯᠠᠬᠤ ᠡᠷᠴᠢ ᠵᠣᠷᠢᠭ ᠢᠶᠠᠨ ᠪᠠᠲᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ       ᠭᠤᠣᠯᠳᠠᠯᠭ᠎ᠠ ᠲᠠᠢ ᠨᠡᠷᠡᠰ ᠦᠭᠡ ᠶᠢᠨ ᠲᠠᠶᠢᠯᠪᠤᠷᠢ      1. ᠨᠢᠭᠡ ᠭᠤᠣᠯ ᠰᠢᠵᠢᠮ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠵᠢᠭᠠᠨ᠎ᠠ᠃      2. ᠬᠤᠶᠠᠷ ᠲᠣᠮᠣ ᠶᠠᠪᠤᠳᠠᠯ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ  ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠣᠮᠣ ᠶᠠᠪᠤᠳᠠᠯ ᠢ ᠵᠢᠭᠠᠨ᠎ᠠ᠃      3. ᠵᠢᠷᠭᠤᠭᠠᠨ ᠢᠨᠵᠧᠨᠧᠷᠢᠩ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠳᠤᠷᠠᠳᠤᠭᠰᠠᠨ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠠᠴᠠ ᠰᠡᠷᠭᠡᠶᠢᠯᠡᠨ ᠡᠯᠡᠰᠦ ᠶᠢ ᠵᠠᠰᠠᠬᠤ᠂ ᠰᠠᠯᠬᠢᠨ ᠤ ᠬᠦᠴᠦ ᠪᠠ ᠨᠠᠷᠠᠨ ᠤ ᠭᠡᠷᠡᠯ ᠢᠶᠠᠷ ᠴᠠᠬᠢᠯᠭᠠᠨ ᠭᠠᠷᠭᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠰᠢᠪᠲᠤᠯᠬᠤ﹀ ᠢᠨᠵᠧᠨᠧᠷᠢᠩ ᠪᠠ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠵᠢᠭᠠᠨ᠎ᠠ᠃      4. ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾᠄ ᠡᠬᠢ ᠪᠠᠶᠠᠯᠢᠭ ᠢ ᠡᠳ᠋ ᠬᠥᠷᠥᠩᠭᠡ ᠪᠣᠯᠭᠠᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠦᠩᠭᠦ ᠪᠣᠯᠭᠠᠬᠤ ᠪᠠ ᠲᠠᠷᠢᠶᠠᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠵᠤ᠂ ᠤᠯᠡᠠ ᠲᠦᠮᠡᠨ ᠢ ᠲᠡᠶᠢᠴᠢᠯᠡᠠ ᠣᠷᠣᠯᠭ᠎ᠠ ᠨᠡᠮᠡᠭᠳᠡᠭᠦᠯᠬᠦ ᠶᠢ ᠵᠢᠭᠠᠨ᠎ᠠ᠃      5. ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ᠄ ᠮᠠᠯᠴᠢᠨ ᠲᠠᠷᠢᠶᠠᠴᠢᠨ ᠢᠶᠠᠷ ᠭᠤᠣᠯ ᠴᠣᠭᠴᠠ ᠪᠣᠯᠭᠠᠵᠤ᠂ ᠦᠢᠯᠡᠳᠪᠦᠷᠢᠯᠡᠯ᠂ ᠬᠠᠩᠭᠠᠨ ᠪᠣᠷᠤᠯᠠᠭᠤᠯᠭ᠎ᠠ ᠪᠠ ᠢᠲᠡᠭᠡᠮᠵᠢ ᠭᠤᠷᠪᠠᠨ ᠵᠦᠢᠯ ᠤᠨ ᠬᠠᠮᠲᠤᠷᠠᠯᠴᠠᠭ᠎ᠠ ᠪᠠᠷ ᠠᠭᠤᠯᠭ᠎ᠠ ᠪᠣᠯᠭᠠᠭᠰᠠᠨ ᠰᠢᠨ᠎ᠡ ᠮᠠᠶ᠋ᠢᠭ ᠤᠨ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠤᠢ᠂ ᠲᠡᠷᠡ ᠨᠢ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠤᠯᠪᠣᠭᠠᠯᠠᠨ ᠦᠢᠯᠡᠴᠢᠯᠡᠬᠦ ᠪᠠ ᠨᠡᠶᠢᠳᠡ ᠶᠢᠨ ᠠᠰᠠᠷᠠᠮᠵᠢ ᠶᠢᠨ ᠴᠢᠨᠠᠷ ᠪᠣᠯᠣᠨ ᠡᠵᠡᠩᠨᠡᠯᠲᠡ ᠶᠢᠨ ᠴᠢᠨᠠᠷ ᠢ ᠤᠶᠠᠯᠳᠤᠭᠤᠯᠤᠭᠰᠠᠨ ᠰᠢᠨ᠎ᠡ ᠮᠠᠶ᠋ᠢᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠᠶᠢᠵᠤ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠣᠨ᠎ᠠ᠃      6. ︽ᠬᠦᠰᠡᠯ ᠱᠠᠭᠠᠷᠳᠠᠯᠭ᠎ᠠ ᠳᠤ ᠬᠠᠷᠢᠭᠤ ᠳᠤᠰᠬᠠᠯ ᠥᠭᠬᠦ︾ ᠨᠠᠷᠠᠲᠤ ᠲᠡᠮᠳᠡᠭ᠄ ᠬᠥᠯᠥᠨ ᠪᠤᠶᠢᠷ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠠᠪᠤᠴᠠ ᠳᠤ ᠡᠭᠦᠳᠦᠨ ᠪᠠᠶᠢᠭᠤᠯᠤᠭᠰᠠᠨ ᠨᠢᠭᠡ ᠵᠦᠢᠯ ᠤᠨ ᠠᠵᠢᠯ ᠤᠨ ᠲᠦᠷᠦᠯ ᠲᠡᠮᠳᠡᠭ ᠪᠣᠯᠣᠨ᠎ᠠ᠂ ︽ᠬᠦ᠋︾ ᠭᠡᠳᠡᠭ ᠨᠢ ︽ᠬᠥᠯᠥᠨ ᠪᠤᠶᠢᠷ︾ ᠢ ᠵᠢᠭᠠᠬᠤ ᠪᠠᠷ ᠪᠠᠷᠠᠬᠤ ᠦᠭᠡᠢ᠂ ᠪᠠᠰᠠ ︽ᠤᠷᠢᠶᠠᠯᠠᠭ᠎ᠠ ᠳᠠᠭᠤᠳᠠᠯᠭ᠎ᠠ ᠬᠦᠰᠡᠯ ᠨᠠᠶᠢᠳᠠᠯᠭ᠎ᠠ︾ ᠶᠢ ᠵᠢᠭᠠᠵᠤ ᠪᠣᠶ᠂ ᠲᠤᠬᠠᠶᠢᠯᠠᠪᠠᠯ ᠬᠥᠯᠥᠨ ᠪᠤᠶᠢᠷ ᠨᠢ ᠡᠭᠦᠷᠭᠡ ᠬᠠᠷᠢᠭᠤᠴᠠᠯᠭ᠎ᠠ ᠶᠢᠨ ᠤᠷᠢᠶᠠᠯᠠᠭ᠎ᠠ᠂ ᠠᠰᠠᠭᠤᠳᠠᠯ ᠰᠢᠢᠳᠪᠦᠷᠢᠯᠡᠬᠦ ᠱᠠᠭᠠᠷᠳᠠᠯᠭ᠎ᠠ ᠪᠠ ᠨᠡᠶᠢᠭᠡᠮ ᠤᠨ ᠬᠦᠰᠡᠯ ᠨᠠᠶᠢᠳᠠᠯᠭ᠎ᠠ ᠳᠤ ᠴᠥᠮ ᠬᠠᠷᠢᠭᠤ ᠳᠤᠰᠬᠠᠯ ᠥᠭᠴᠦ᠂ ᠬᠠᠷᠢᠭᠤ ᠳᠤᠰᠬᠠᠭᠰᠠᠨ ᠢᠶᠠᠨ ᠡᠷᠬᠡᠪᠰᠢ ᠪᠡᠶᠡᠯᠡᠭᠦᠯᠬᠦ ᠮᠦᠷᠲᠡᠭᠡᠨ ᠪᠡᠶᠡᠯᠡᠭᠦᠯᠬᠦ ᠳᠡᠭᠡᠨ ᠡᠷᠬᠡᠪᠰᠢ ᠦᠷ᠎ᠡ ᠳ᠋ᠦᠩ ᠲᠠᠢ ᠪᠠᠶᠢᠬᠤ ᠶᠢ ᠵᠢᠭᠠᠨ᠎ᠠ᠃      7. ︽ᠵᠢᠷᠭᠤᠭᠠᠨ ᠠᠵᠢᠯᠯᠠᠭ᠎ᠠ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠨ᠎ᠠ᠃      8. ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ᠄ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠣᠭᠤᠷᠢᠨ ᠳᠤ ᠳᠤᠷᠠᠳᠤᠭᠰᠠᠨ ᠬᠤᠲᠠ ᠶᠢᠨ ᠨᠠᠮ ᠤᠨ ᠬᠤᠷᠢᠶ᠎ᠠ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠤᠱᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠣᠨᠴᠠᠯᠢᠭᠲᠤ ᠨᠡᠷᠡᠲᠦ ᠲᠡᠮᠳᠡᠭ ᠢ ᠬᠦᠴᠦᠯᠡᠨ ᠡᠭᠦᠳᠬᠦ︾ ︽ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ︾ ︽ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠬᠤ︾ ︽ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ︽ᠠᠷᠠᠳ ᠤᠨ ᠠᠮᠢᠳᠤᠷᠠᠯ ᠤᠨ ᠠᠵᠢᠯ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ︾ ᠵᠡᠷᠭᠡ 5 ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠰᠡᠳᠦᠪ ᠢ ᠵᠢᠭᠠᠨ᠎ᠠ᠃      9. ︽ᠬᠤᠶᠠᠷ ᠣᠷᠣᠨ ᠨᠢᠭᠡ ᠴᠣᠩᠬᠤᠪᠴᠢ ᠭᠤᠷᠪᠠᠨ ᠰᠠᠭᠤᠷᠢᠨ ᠭᠠᠵᠠᠷ︾᠄ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠬᠦ ᠬᠦᠴᠦᠨ ᠢᠶᠠᠷ ᠢᠶᠠᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ ᠣᠷᠣᠨ᠂ ᠦᠨᠳᠦᠰᠦᠲᠡᠨ ᠤ ᠪᠦᠯᠬᠦᠮᠳᠡᠯ ᠠᠮᠤᠷ ᠲᠦᠪᠰᠢᠨ ᠲᠣᠭᠲᠠᠭᠤᠨ ᠤ ᠵᠢᠱᠢᠶ᠎ᠡ ᠦᠵᠡᠭᠦᠯᠬᠦ ᠣᠷᠣᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤᠪᠴᠢ᠂ ᠪᠣᠬᠢᠷᠲᠤᠯ ᠦᠭᠡᠢ ᠡᠨᠧᠷᠭᠢ ᠪᠠ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠨᠥᠭᠡᠴᠡ ᠰᠠᠭᠤᠷᠢᠨ ᠭᠠᠵᠠᠷ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠰᠡᠯᠡᠭᠦᠴᠡᠨ ᠵᠤᠭᠠᠯᠠᠬᠤ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠵᠢᠭᠠᠨ᠎ᠠ᠃      10. ︽ᠬᠤᠶᠠᠷ ᠰᠢᠨ᠎ᠡ︾ ︽ᠬᠤᠶᠠᠷ ᠴᠢᠬᠤᠯᠠ︾᠄ ︽ᠬᠤᠶᠠᠷ ᠰᠢᠨ᠎ᠡ︾ ᠭᠡᠳᠡᠭ ᠨᠢ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠬᠤ ᠶᠢ ᠵᠢᠭᠠᠨ᠎ᠠ︔ ︽ᠬᠤᠶᠠᠷ ᠴᠢᠬᠤᠯᠠ ︾ ᠭᠡᠳᠡᠭ ᠨᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠵᠢᠭᠠᠨ᠎ᠠ᠃      11. ︽ᠨᠢᠭᠤᠷᠳᠠᠬᠤ ᠦᠭᠡᠢ︾ ᠪᠠᠷ ᠰᠠᠨᠠᠯ ᠬᠤᠷᠢᠶᠠᠬᠤ ᠲᠣᠭᠲᠠᠴᠠ᠄ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠦᠨᠡᠯᠡᠬᠦ ᠡᠲᠡᠭᠡᠳ ᠪᠠᠶᠢᠳᠠᠯ ᠢ ᠣᠶᠢᠯᠠᠭᠠᠬᠤ ᠦᠭᠡᠢ ᠪᠠᠶᠢᠳᠠᠯ ᠳᠣᠣᠷ᠎ᠠ᠂ ᠺᠠᠳ᠋ᠷ ᠠᠵᠢᠯᠲᠠᠳ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠯᠤᠭ᠎ᠠ ᠬᠠᠷᠢᠯᠴᠠᠬᠤ ᠶᠠᠪᠤᠴᠠ ᠳᠠᠬᠢ ᠦᠢᠯᠡᠴᠢᠯᠡᠬᠦ ᠣᠪᠣᠷ᠂ ᠠᠵᠢᠯ ᠤᠨ ᠪᠦᠲᠦᠮᠵᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠵᠡᠷᠭᠡ ᠳᠤ ᠨᠡᠷ᠎ᠡ ᠲᠡᠮᠳᠡᠭᠯᠡᠬᠦ ᠦᠭᠡᠢ ᠪᠠᠷ ᠦᠨᠡᠯᠡᠯᠲᠡ ᠬᠢᠬᠦ ᠶᠢ ᠵᠢᠭᠠᠨ᠎ᠠ᠃      12. ︽ᠲᠡᠵᠢᠭᠡᠯ ᠪᠣᠷᠳᠣᠭᠠᠨ ᠤ ᠪᠠᠩᠬᠢ︾᠄ ᠲᠡᠵᠢᠭᠡᠯ ᠪᠣᠷᠳᠣᠭᠠᠨ ᠤ ᠬᠠᠮᠢᠶᠠᠷᠤᠯᠲᠠ ᠪᠠ ᠭᠦᠢᠯᠭᠡᠭᠡ ᠶᠢ ᠪᠠᠩᠬᠢ ᠶᠢᠨ ᠠᠵᠢᠯᠯᠠᠭᠠᠨ ᠤ ᠵᠠᠭᠪᠤᠷ ᠢᠶᠠᠷ ᠵᠦᠢᠷᠯᠡᠬᠦ ᠶᠢ ᠵᠢᠭᠠᠨ᠎ᠠ᠃ ᠮᠠᠯᠴᠢᠳ ᠲᠤ ᠲᠡᠵᠢᠭᠡᠯ ᠪᠣᠷᠳᠤᠭ᠎ᠠ ᠶᠢ ᠬᠠᠳᠠᠭᠠᠯᠠᠬᠤ᠂ ᠪᠣᠯᠪᠠᠰᠤᠷᠠᠭᠤᠯᠬᠤ ᠪᠠ ᠪᠣᠷᠣᠯᠠᠭᠤᠯᠬᠤ ᠶᠢ ᠪᠠᠭᠲᠠᠭᠠᠭᠰᠠᠨ ᠠᠮᠢᠳᠤᠯᠢᠭ ᠦᠢᠯᠡᠴᠢᠯᠡᠭᠡ ᠬᠠᠩᠭᠠᠨ᠎ᠠ᠃ ᠮᠠᠯᠵᠢᠬᠤ ᠡᠷᠦᠬᠡ ︽ᠲᠡᠵᠢᠭᠡᠯ ᠪᠣᠷᠳᠣᠭᠠᠨ ᠤ ᠪᠠᠩᠬᠢ︾ ᠪᠠᠷ ᠳᠡᠮᠵᠢᠨ ᠬᠡᠷᠡᠭᠰᠡᠬᠦ ᠲᠡᠵᠢᠭᠡᠯ ᠪᠣᠷᠳᠤᠭ᠎ᠠ ᠪᠠᠨ ᠠᠳᠠᠯᠢ ᠪᠤᠰᠤ ᠬᠡᠯᠪᠡᠷᠢ ᠪᠠᠷ ᠣᠯᠬᠤ ᠪᠤᠶᠤ ᠰᠣᠯᠢᠵᠤ ᠪᠣᠯᠣᠨ᠎ᠠ᠂ ᠵᠢᠱᠢᠶᠡᠯᠡᠪᠡᠯ ︽ᠬᠤᠨᠢ ᠮᠠᠯ ᠢᠶᠠᠷ ᠪᠣᠷᠳᠤᠭ᠎ᠠ ᠰᠣᠯᠢᠬᠤ᠂ ᠪᠣᠷᠳᠤᠭ᠎ᠠ ᠪᠠᠷ ᠪᠣᠷᠳᠤᠭ᠎ᠠ ᠰᠣᠯᠢᠬᠤ᠂ ᠵᠣᠭᠤᠰ ᠢᠶᠠᠷ ᠪᠣᠷᠳᠤᠭ᠎ᠠ ᠰᠣᠯᠢᠬᠤ︾ ᠵᠡᠷᠭᠡ ᠶᠢ ᠵᠢᠭᠠᠨ᠎ᠠ᠃      13. ︽1+13+30︾ ᠳᠦᠷᠢᠮ ᠤᠨ ᠰᠢᠰᠲ᠋ᠧᠮ᠄ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠤᠨ ᠰᠢᠰᠲ᠋ᠧᠮ ᠢ ᠠᠬᠢᠭᠤᠯᠵᠤ᠂ 1 ᠭᠤᠣᠯ ᠲᠥᠰᠥᠯ᠂ 13 ᠳᠠᠭᠠᠯᠲᠠ ᠲᠥᠰᠥᠯ᠂ 30 ᠲᠤᠷᠰᠢᠯᠲᠠ ᠶᠢᠨ ᠭᠠᠴᠠᠭᠠᠨ ᠤ ᠲᠥᠰᠥᠯ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠵᠢᠭᠠᠨ᠎ᠠ᠃      14. ︽ᠨᠢᠭᠡ ᠭᠠᠷᠠᠮ ᠲᠠᠪᠤᠨ ᠰᠠᠭᠤᠷᠢᠨ ᠭᠠᠵᠠᠷ︾ ᠤᠨ ᠰᠢᠰᠲ᠋ᠧᠮ᠄ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠬᠦᠴᠦᠨ ᠢᠶᠠᠨ ᠲᠥᠪᠯᠡᠷᠡᠭᠦᠯᠦᠨ ᠣᠳᠣᠬᠢᠴᠢᠯᠠᠭᠰᠠᠨ ᠣᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠵᠢᠴᠢ ᠨᠦᠩ ᠺᠧᠨ ᠪᠦᠯᠦᠭᠯᠡᠯ ᠤᠨ ᠭᠠᠳᠠᠭᠠᠳᠤ ᠠᠴᠠ ᠣᠷᠣᠭᠤᠯᠤᠭᠰᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ᠂ ᠱᠢ ᠸᠧᠢ ᠶᠢᠨ ᠲᠣᠮᠣ ᠬᠡᠮᠵᠢᠶᠡᠨ ᠤ ᠠᠭᠤᠷᠬᠠᠢ ᠶᠢᠨ ᠪᠦᠲᠦᠭᠡᠭᠳᠡᠬᠦᠨ ᠢ ᠨᠥᠭᠡᠴᠡᠯᠡᠬᠦ ᠰᠠᠭᠤᠷᠢᠨ ᠭᠠᠵᠠᠷ᠂ ᠠᠷᠤᠬᠠᠰᠢᠶᠠᠲᠤ ᠶᠢᠨ ᠮᠣᠩᠭᠤᠯ ᠤᠨ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ᠂ ᠮᠠᠨᠵᠤᠤᠷ ᠤᠨ ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡᠨ ᠤ ᠰᠠᠭᠤᠷᠢᠨ ᠭᠠᠵᠠᠷ᠂ ᠮᠠᠨᠵᠤᠤᠷ ᠤᠨ ᠲᠣᠮᠣ ᠬᠡᠮᠵᠢᠶᠡᠨ ᠤ ᠲᠠᠸᠠᠷ ᠨᠥᠭᠡᠴᠡᠯᠡᠬᠦ ᠰᠠᠭᠤᠷᠢᠨ ᠭᠠᠵᠠᠷ ᠢ ᠵᠢᠭᠠᠨ᠎ᠠ᠃      15. ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠪᠣᠷᠣ ᠵᠢᠷᠤᠭ︾ ︽ᠪᠦᠷᠬᠦᠭᠡ ᠰᠦᠯᠵᠢᠶ᠎ᠡ︾᠄ ︽ᠪᠣᠷᠣ ᠵᠢᠷᠤᠭ︾ ᠭᠡᠳᠡᠭ ᠨᠢ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠳᠣᠬᠢ ᠪᠠᠶᠢᠳᠠᠯ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠢᠭᠡ ᠵᠢᠷᠤᠭ ᠳᠡᠭᠡᠷ᠎ᠡ ᠲᠥᠪᠯᠡᠷᠡᠭᠦᠯᠦᠨ ᠵᠢᠷᠤᠵᠤ᠂ ᠬᠥᠯᠥᠨ ᠪᠤᠶᠢᠷ ᠤᠨ ᠠᠮᠢ ᠠᠬᠤᠢ ᠶᠢᠨ ᠣᠷᠴᠢᠨ ᠲᠣᠭᠤᠷᠢᠨ ᠤ ︽ᠡᠳ᠋ ᠬᠦᠷᠦᠩᠭᠡ︾ ᠶᠢ ᠪᠥᠬᠦ ᠲᠠᠯ᠎ᠠ ᠪᠠᠷ ᠬᠠᠷᠠᠭᠤᠯᠬᠤ ᠶᠢ ᠵᠢᠭᠠᠨ᠎ᠠ᠃ ︽ᠪᠦᠷᠬᠦᠭᠡ ᠰᠦᠯᠵᠢᠶ᠎ᠡ︾ ᠭᠡᠳᠡᠭ ᠨᠢ ᠪᠥᠬᠦ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭᠠᠨ ᠳᠠᠬᠢ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠨ᠂ ᠪᠥᠬᠦ ᠬᠦᠴᠦᠨ ᠵᠦᠢᠯ᠂ ᠪᠥᠬᠦ ᠲᠠᠯ᠎ᠠ᠂ ᠪᠥᠬᠦ ᠴᠠᠷᠠᠭᠠᠨ ᠳᠠᠬᠢ ︽ᠣᠳᠤ ᠣᠭᠲᠠᠷᠭᠤᠢ ᠭᠠᠵᠠᠷ︾ ᠤᠨ ᠨᠢᠭᠡ ᠴᠣᠭᠴᠠᠲᠤ ᠬᠢᠨᠠᠨ ᠬᠠᠮᠢᠶᠠᠷᠬᠤ ᠰᠦᠯᠵᠢᠶ᠎ᠡ ᠶᠢ ᠪᠠᠶᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ᠂ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠭ᠎ᠠ ᠬᠢᠬᠦ ᠪᠠ ᠬᠢᠨᠠᠯᠲᠠ ᠶᠢᠨ ᠬᠤᠯᠪᠣᠭᠠᠯᠠᠨ ᠨᠡᠪᠲᠡᠷᠡᠯᠴᠡᠬᠦ ᠶᠢ ᠠᠬᠢᠭᠤᠯᠬᠤ ᠶᠢ ᠵᠢᠭᠠᠨ᠎ᠠ᠃      16. ︽ᠨᠠᠷᠢᠯᠢᠭ ᠣᠨᠣᠪᠴᠢᠲᠠᠢ ᠵᠢᠷᠤᠵᠤ ᠲᠦᠯᠦᠪᠯᠡᠬᠦ︾᠄ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠭ᠎ᠠ ᠪᠠᠶᠢᠷᠢᠯᠠᠭᠤᠯᠤᠯᠲᠠ ᠶᠢ ᠦᠨᠳᠦᠰᠦᠯᠡᠨ ᠬᠤᠰᠢᠭᠤ ᠬᠤᠲᠠ ᠲᠣᠭᠤᠷᠢᠭ ᠢᠶᠠᠷ ᠨᠢᠭᠡᠴᠡ ᠪᠣᠯᠭᠠᠨ᠂ ᠣᠷᠣᠨ ᠪᠦᠰᠡ ᠬᠤᠪᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠲᠦᠭᠰᠢᠭᠦᠷᠢ ᠶᠢᠨ ᠴᠡᠭ᠂ ᠰᠡᠷᠭᠡᠭ ᠴᠡᠭ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠬᠡᠮ ᠢ ᠪᠥᠬᠦ ᠲᠠᠯ᠎ᠠ ᠪᠠᠷ ᠡᠮᠬᠢᠯᠡᠨ᠂ ᠨᠠᠷᠢᠨ ᠬᠠᠭᠤᠳᠠᠰᠤ ᠪᠠᠶᠢᠭᠤᠯᠵᠤ᠂ ᠵᠢᠷᠤᠭ ᠢᠶᠠᠷ ᠢᠯᠡᠳᠬᠡᠨ᠂ ᠡᠬᠡ ᠲᠠᠩᠰᠠ ᠶᠢ ᠪᠦᠷᠢᠯᠳᠦᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠪᠠᠶᠢᠯᠭᠠᠨ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠱᠠᠲᠤ ᠲᠥᠷᠥᠯ ᠬᠤᠪᠢᠶᠠᠨ ᠰᠠᠶᠢᠲᠤᠷ ᠠᠳᠬᠤᠬᠤ ᠶᠢ ᠵᠢᠭᠠᠨ᠎ᠠ᠃      17. ︽ᠲᠠᠪᠤᠨ ᠶᠡᠭᠡ ᠲᠥᠪ︾ ᠤᠨ ᠪᠦᠲᠦᠭᠡᠨ ᠪᠠᠶᠢᠭᠤᠯᠤᠯᠲᠠ᠄ ᠲᠠᠷᠢᠬᠢᠨ ᠰᠤᠳᠠᠯ ᠤᠨ ᠲᠦᠭᠵᠢᠷᠡᠯ ᠤᠨ ᠡᠮᠴᠢᠯᠡᠭᠡᠨ ᠤ ᠲᠥᠪ᠂ ᠴᠡᠭᠡᠵᠢ ᠡᠪᠡᠳᠬᠦ ᠶᠢ ᠡᠮᠴᠢᠯᠡᠬᠦ ᠲᠥᠪ᠂ ᠰᠢᠷᠬᠠᠳᠤᠯ ᠤᠨ ᠡᠮᠴᠢᠯᠡᠭᠡᠨ ᠤ ᠲᠥᠪ᠂ ᠬᠦᠨᠳᠦ ᠲᠦᠭᠰᠢᠭᠦᠷᠢᠲᠡᠢ ᠵᠢᠷᠮᠦᠰᠦᠨ ᠪᠠ ᠬᠦᠩᠭᠡᠵᠢᠬᠦ ᠡᠮᠡᠭᠲᠡᠢ ᠶᠢ ᠠᠪᠤᠷᠠᠨ ᠵᠠᠰᠠᠬᠤ ᠲᠥᠪ᠂ ᠬᠦᠨᠳᠦ ᠲᠦᠭᠰᠢᠭᠦᠷᠢᠲᠡᠢ ᠬᠡᠦᠬᠡᠳ ᠪᠠ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ ᠵᠢᠭᠠᠨ᠎ᠠ᠃      18. ︽ᠬᠤᠶᠠᠷ ᠲᠤᠰᠬᠠᠢ ᠰᠠᠯᠠᠭ᠎ᠠ ᠨᠢᠭᠡ ᠲᠥᠪ︾᠄ ᠲᠠᠪᠤᠨ ᠵᠠᠰᠠᠯ ᠤᠨ ᠰᠠᠯᠠᠭ᠎ᠠ᠂ ᠲᠦᠷᠭᠡᠨ ᠠᠪᠤᠷᠠᠯᠲᠠ ᠶᠢᠨ ᠰᠠᠯᠠᠭ᠎ᠠ ᠪᠠ ᠲᠣᠬᠢᠷᠠᠮᠵᠢᠲᠠᠢ ᠮᠡᠷᠭᠡᠵᠢᠯ ᠳᠡᠯᠭᠡᠷᠡᠭᠦᠯᠬᠦ ᠲᠥᠪ ᠢ ᠵᠢᠭᠠᠨ᠎ᠠ᠃       19. ︽ᠠᠭᠤᠰᠤᠯᠴᠠᠯ ᠤᠨ ᠵᠠᠮ︾᠄ ᠲᠣᠪᠠ ᠰᠢᠶᠡᠨᠪᠢ ᠶᠢᠨ ᠡᠮᠦᠨᠡᠰᠢ ᠨᠡᠭᠦᠳᠡᠯᠯᠡᠵᠦ ᠳᠤᠮᠳᠠᠳᠤ ᠣᠷᠣᠨ ᠤ ᠪᠣᠯᠪᠠᠰᠤᠨ ᠳᠤ ᠠᠭᠤᠰᠤᠯᠴᠠᠨ ᠣᠷᠣᠭᠰᠠᠨ ᠵᠠᠮ ᠢᠶᠠᠷ ᠬᠥᠯᠥᠨ ᠪᠤᠶᠢᠷ ᠠᠴᠠ ᠮᠣᠷᠳᠠᠵᠤ᠂ ᠬᠥᠬᠡᠬᠤᠲᠠ᠂ ᠳ᠋ᠠᠲ᠋ᠦ᠋ᠩ᠂ ᠯᠦᠸᠧᠶᠠᠩ ᠵᠡᠷᠭᠡ ᠭᠠᠵᠠᠷ ᠢᠶᠠᠷ ᠥᠩᠭᠡᠷᠡᠬᠦ ᠶᠢ ᠵᠢᠭᠠᠨ᠎ᠠ᠃       20. ᠵᠢᠷᠭᠤᠭᠠᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠄ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡᠳᠦᠭᠡᠷ ᠬᠠᠷᠢᠭᠤᠴᠠᠯᠭᠠᠲᠠᠨ︾ ᠤ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠨᠠᠷᠢᠨ ᠬᠠᠭᠤᠳᠠᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠤᠨ ᠨᠠᠷᠢᠨ ᠬᠠᠭᠤᠳᠠᠰᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠳᠠᠪᠤᠷᠢᠵᠢᠭᠤᠯᠤᠨ᠎ᠠ᠃       21. ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠴᠠᠯᠢᠩ ᠬᠦᠯᠦᠰᠦ ᠶᠢ ᠪᠠᠲᠤᠯᠠᠬᠤ᠂ ᠣᠷᠴᠢᠯ ᠡᠷᠭᠢᠯᠲᠡ ᠶᠢ ᠪᠠᠲᠤᠯᠠᠬᠤ ᠶᠢ ᠵᠢᠭᠠᠨ᠎ᠠ᠃      22. ︽ᠨᠢᠭᠡᠯᠡ ᠵᠢᠷᠤᠭ︾ ︽ᠨᠢᠭᠡᠯᠡ ᠲᠠᠩᠰᠠ︾᠄ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠭᠡᠷ ︵ᠲᠠᠷᠢᠶᠠᠨ ᠭᠠᠵᠠᠷ︶ ᠤᠨ ᠠᠰᠢᠭᠯᠠᠯᠲᠠ ᠶᠢᠨ ᠪᠠᠶᠢᠳᠠᠯ ᠢ ᠨᠢᠭᠡᠯᠡ ᠵᠢᠷᠤᠭ ᠢᠶᠠᠷ ᠢᠯᠡᠳᠬᠡᠬᠦ᠂ ᠬᠤᠰᠢᠭᠤ᠂ ᠰᠤᠮᠤ ᠪᠠᠯᠭᠠᠰᠤ ᠪᠠ ᠭᠠᠴᠠᠭᠠᠨ ᠤ ᠨᠤᠲᠤᠭ ᠪᠡᠯᠴᠢᠭᠡᠷ ︵ᠲᠠᠷᠢᠶᠠᠨ ᠭᠠᠵᠠᠷ︶ ᠤᠨ ᠬᠠᠮᠢᠶᠠᠷᠤᠯᠲᠠ ᠶᠢ ᠨᠢᠭᠡᠯᠡ ᠳᠠᠩᠰᠠᠯᠠᠬᠤ ᠶᠢ ᠵᠢᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ