ᠨᠢᠭᠡ ᠪᠠᠭᠴᠠ ᠰᠣᠷᠭᠤᠭ ᠴᠡᠴᠡᠭ ᠲᠤ ᠷᠣᠮᠠᠨᠲ᠋ᠢᠭ ᠠᠮᠢᠳᠤᠷᠠᠯ ᠤᠨ ᠦᠩᠭᠡ ᠪᠤᠳᠤᠭ ᠲᠤᠳᠤᠷᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠢᠯᠬᠠᠵᠤ | ᠪᠤᠢ | ᠦᠩᠭᠡ ᠢᠯᠭᠠᠷᠠᠮ᠎ᠠ ᠠᠩᠬᠢᠯᠤᠮ᠎ᠠ ᠦᠨᠦᠷ ᠲᠠᠢ ᠨᠢᠭᠡ ᠪᠠᠭᠴᠠ ᠰᠤᠷᠭᠤᠭ ᠴᠠᠴᠡᠭ ᠪᠤᠯ ᠵᠦᠪᠭᠡᠨ ᠪᠠᠶᠢᠭᠠᠯᠢ ᠶᠢᠨ ᠬᠡᠰᠢᠭ ᠳᠡᠳᠤᠢ ᠪᠢᠰᠢ᠂ ᠨᠡᠩ ᠴᠦ ᠬᠠᠶᠢᠷ᠎ᠠ | ᠰᠡᠳᠬᠢᠯᠭᠡ ᠶᠢᠨ ᠳᠠᠮᠵᠢᠭᠤᠯᠤᠭᠴᠢ ᠪᠤᠯᠤᠨ᠎ᠠ᠃ ᠳᠡᠷᠡ ᠨᠢ ᠵᠦᠪᠭᠡᠨ ᠨᠢᠭᠡᠨ ᠵᠠᠰᠠᠯ ᠴᠢᠮᠡᠭᠯᠡᠯ ᠳᠡᠳᠤᠢ ᠪᠢᠰᠢ᠂ ᠪᠠᠰᠠ ᠤᠶᠤᠨ ᠰᠠᠨᠠᠭᠠᠨ ᠤ ᠳᠠᠶᠢᠳᠬᠤᠷᠠᠭᠤᠯᠤᠯ | ᠪᠤᠯᠳᠠᠭ᠃ ᠨᠢᠭᠡ ᠪᠠᠭᠴᠠ ᠰᠣᠷᠭᠤᠭ ᠴᠡᠴᠡᠭ ᠨᠢ ᠨᠠᠷᠠᠨ ᠤ ᠵᠦᠭᠡᠯᠡᠨ ᠬᠡᠷᠡᠯ ᠴᠦ ᠬᠡᠮᠡᠷᠭᠡᠨ ᠬᠦᠮᠦᠰ ᠤᠨ ᠰᠡᠳᠬᠢᠯ ᠢ ᠪᠠᠶᠠᠰᠬᠠᠵᠤ᠂ ᠠᠮᠢ ᠨᠠᠰᠤᠨ ᠤ ᠰᠠᠶᠢᠨ | ᠰᠠᠶᠢᠬᠠᠨ ᠬᠢᠭᠡᠳ ᠤᠶᠠᠨ ᠬᠠᠳᠠᠨ ᠴᠢᠨᠠᠷ ᠢ ᠬᠠᠷᠠᠭᠤᠯᠳᠠᠭ ᠶᠤᠮ᠃ | ᠰᠠᠷᠭᠠᠢ ᠴᠡᠴᠡᠭ᠂ ᠰᠠᠷᠠᠨ᠎ᠠ ᠴᠡᠴᠡᠭ ᠁ ᠬᠦᠮᠦᠰ ᠤᠨ ᠰᠤᠷᠭᠤᠭ ᠴᠡᠴᠡᠭ ᠤᠨ ᠬᠡᠷᠡᠭᠯᠡᠭᠡᠨ ᠤᠯᠠᠮ ᠢᠶᠠᠷ ᠤᠯᠠᠰᠢᠷᠠᠨ ᠬᠡᠪᠰᠢᠵᠤ᠂ ᠢᠯᠠᠩᠭᠤᠶ᠎ᠠ ᠵᠠᠯᠠᠭᠤ | ᠬᠡᠷᠡᠭᠯᠡᠭᠴᠢᠳ ᠤᠨ ᠡᠳᠦᠷ ᠳᠤᠳᠤᠮ ᠤᠨ ᠠᠮᠢᠳᠤᠷᠠᠯ ᠢᠶᠠᠨ ᠴᠢᠮᠡᠵᠤ ᠰᠡᠳᠬᠢᠯ ᠢᠶᠠᠨ ᠪᠠᠶᠠᠰᠬᠠᠬᠤ ᠶᠢᠨ ᠨᠢᠭᠡᠨ ᠵᠤᠷᠰᠢᠯ ᠪᠤᠯᠤᠭᠰᠠᠨ ᠶᠤᠮ᠃ ᠨᠢᠭᠡ ᠪᠠᠭᠴᠠ ᠰᠤᠷᠭᠤᠭ | ᠴᠡᠴᠡᠭ ᠲᠤ ᠶᠠᠮᠠᠷᠰᠢᠦ ᠥᠷᠲᠡᠭ ᠠᠭᠤᠯᠵᠤ ᠪᠠᠶᠢᠭ᠎ᠠ ᠪᠢᠯᠡ ᠭᠡᠳᠡᠭ ᠢ ᠰᠢᠨᠵᠢᠨ ᠤᠴᠢᠷᠯᠠᠪᠠᠯ᠂ ᠴᠡᠴᠡᠭ ᠳᠠᠷᠢᠭᠰᠠᠨ ᠬᠥᠮᠦᠨ ᠳᠤ ᠠᠪᠴᠤ ᠬᠡᠯᠡᠪᠡᠯ᠂ ᠨᠢᠭᠡ ᠪᠠᠭᠴᠠ | ᠰᠣᠷᠭᠤᠭ ᠴᠡᠴᠡᠭ ᠨᠢ ᠣᠷᠣᠯᠭ᠎ᠠ ᠪᠤᠯᠳᠠᠭ︔ ᠴᠡᠴᠡᠭ ᠬᠤᠳᠠᠯᠳᠤᠨ ᠠᠪᠤᠭᠰᠠᠨ ᠬᠥᠮᠦᠨ ᠳᠤ ᠠᠪᠴᠤ ᠬᠡᠯᠡᠪᠡᠯ ᠬᠠᠶᠢᠷ᠎ᠠ ᠰᠡᠳᠬᠢᠯᠭᠡ ᠶᠢᠨ ᠬᠢᠨᠢ ᠢᠯᠡᠷᠡᠯ ᠬᠡᠯᠳᠡᠢ︔ | ᠰᠤᠷᠭᠤᠭ ᠴᠡᠴᠡᠭ ᠤᠨ ᠠᠷᠠᠯᠵᠢᠶᠠᠴᠢᠨ ᠬᠦᠮᠦᠨ ᠳᠤ ᠠᠪᠴᠤ ᠬᠡᠯᠡᠪᠡᠯ ᠠᠵᠢᠯ ᠣᠯᠭᠤᠯᠲᠠ ᠪᠤᠯᠬᠤ ᠠᠵᠢ᠃ | ᠡᠳᠦᠭᠡ ᠰᠤᠷᠭᠤᠭ ᠴᠡᠴᠡᠭ ᠳᠠᠷᠢᠬᠤ ᠬᠦᠮᠦᠰ ᠤᠯᠠᠮ ᠢᠶᠠᠷ ᠤᠯᠠᠰᠢᠷᠠᠵᠤ᠂ ᠬᠤᠸᠠᠷ ᠴᠡᠴᠡᠭ ᠤᠨ ᠠᠵᠢᠯ ᠲᠦᠷᠦᠯ ᠳᠤ ᠤᠷᠤᠯᠴᠠᠬᠴᠢ ᠴᠦ ᠶᠠᠪᠤᠬᠤ ᠲᠤᠳᠤᠮ | ᠤᠯᠠᠰᠢᠷᠠᠵᠤ ᠪᠠᠶᠢᠨ᠎ᠠ᠃ ᠳᠠᠷᠤᠢ ᠰᠣᠷᠭᠤᠭ ᠴᠡᠴᠡᠭ ᠨᠢ ᠠᠵᠤ ᠦᠢᠯᠡᠰ ᠪᠣᠯᠤᠨ ᠠᠵᠢᠯ ᠣᠯᠭᠤᠯᠲᠠ ᠯᠤᠭ᠎ᠠ ᠬᠤᠯᠪᠣᠯᠳᠤᠵᠤ᠂ ᠪᠣᠳᠠᠰ ᠤᠨ ᠬᠡᠷᠡᠭᠯᠡᠭᠡ ᠪᠣᠯᠤᠨ | ᠣᠶᠤᠨ ᠤ ᠱᠠᠭᠠᠷᠳᠠᠯᠭ᠎ᠠ ᠲᠠᠢ ᠬᠤᠯᠪᠣᠭᠳᠠᠵᠤ ᠪᠤᠢ᠃ ᠰᠣᠷᠭᠤᠭ ᠴᠡᠴᠡᠭ ᠤᠨ ᠬᠡᠷᠡᠭᠯᠡᠭᠡ ᠨᠢ ᠡᠳᠦᠷ ᠢᠷᠡᠬᠦᠶ᠎ᠡ ᠠᠮᠢᠳᠤᠷᠠᠯ ᠳ᠋ᠤ᠋ ᠠᠭᠤᠰᠤᠯᠴᠠᠬᠤ ᠶᠢ ᠳᠠᠭᠠᠯᠳᠤᠨ᠂ | ᠬᠠᠮᠢᠶ᠎ᠠ ᠪᠦᠬᠦᠢ ᠠᠵᠤ ᠦᠢᠯᠡᠰ ᠨᠢ ᠴᠦ ᠳᠡᠰ ᠲᠠᠪᠰᠢᠵᠤ᠂ ᠬᠥᠮᠦᠰ ᠤᠨ ︽ᠰᠠᠶᠢᠨ ᠰᠠᠶᠢᠬᠠᠨ︾ ᠤ ᠳᠤᠬᠠᠢ ᠬᠦᠰᠡᠯ ᠡᠷᠡᠮᠡᠯᠵᠡᠯ ᠢ ᠬᠠᠩᠭᠠᠵᠤ ᠪᠠᠶᠢᠯ᠎ᠠ᠃ | ︽ᠦᠩᠭᠡ ᠦᠵᠡᠮᠵᠢ︾ ᠠᠴᠠ ᠦᠢᠯᠡᠳᠪᠦᠷᠢᠯᠡᠯ ᠤᠨ ᠥᠷᠲᠡᠭ ᠬᠦᠷᠲᠡᠯ᠎ᠡ᠂ ᠨᠢᠭᠡ ᠪᠠᠭᠴᠠ ᠰᠣᠷᠭᠤᠭ ᠴᠡᠴᠡᠭ ᠲᠤ ᠠᠵᠤ ᠠᠬᠤᠢ ᠶᠢᠨ ᠤᠴᠢᠷ ᠪᠤᠢ᠃ | ᠰᠣᠷᠭᠤᠭ ᠴᠡᠴᠡᠭ ᠠᠴᠠ ᠬᠦᠭᠵᠢᠶᠡᠨ ᠲᠠᠢ ᠬᠤᠳᠠᠯᠳᠤᠭ᠎ᠠ ᠬᠡᠷᠡᠭᠯᠡᠭᠡᠨ ᠤ ᠬᠠᠯᠠᠭᠤᠷᠠᠯ ᠢ ᠣᠯᠵᠤ ᠬᠠᠷᠠᠨ᠎ᠠ︔ ᠠᠮᠠᠷᠬᠠᠨ ᠬᠤᠷᠪᠤᠶᠢᠨ ᠭᠤᠨᠢᠷᠠᠳᠠᠭ ᠰᠤᠷᠭᠤᠭ ᠴᠡᠴᠡᠭ ᠢ | ᠭᠤᠷᠪᠠ ᠳᠦᠷᠪᠠᠨ ᠡᠳᠦᠷ ᠤᠨ ᠳᠤᠳᠤᠷ᠎ᠠ ᠳᠠᠷᠢᠭᠰᠠᠨ ᠭᠠᠵᠠᠷ ᠠᠴᠠ ᠨᠢ ᠡᠯ᠎ᠡ ᠭᠠᠵᠠᠷ ᠤᠨ ᠴᠡᠴᠡᠭ ᠤᠨ ᠳᠡᠯᠭᠡᠭᠦᠷ ᠲᠤ ᠬᠦᠷᠭᠡᠭᠦ ᠶᠢ ᠪᠠᠳᠤᠯᠠᠭᠰᠠᠨ ᠰᠢᠨᠵᠢᠯᠡᠭᠦ | ᠤᠬᠠᠭᠠᠨ ᠲᠧᠭᠨᠢᠭ ᠮᠡᠷᠭᠡᠵᠢᠯ ᠤᠨ ᠳᠠᠪᠰᠢᠯᠳᠠ ᠶᠢ ᠤᠯᠵᠤ ᠬᠠᠷᠠᠨ᠎ᠠ︔ ᠳᠡᠭᠦᠨᠴᠢᠯᠡᠨ ︽ᠠᠭᠠᠷ ᠤᠨ ᠠᠶᠠᠯᠠᠯ + ᠲᠦᠷᠭᠡᠨ ᠤ ᠲᠡᠮᠦᠷ ᠵᠠᠮ + ᠬᠦᠢᠳᠡᠨ ᠬᠡᠯᠬᠢᠶᠡᠳᠤ | ᠪᠠᠷᠠᠭᠠᠨ ᠤ ᠬᠦᠢᠯᠭᠡᠭᠡ︾ ᠵᠡᠷᠭᠡ ᠪᠤᠰᠤᠭ᠎ᠠ ᠴᠤᠭᠴᠠᠳᠤ ᠪᠠᠷᠠᠭᠠᠨ ᠤ ᠭᠦᠢᠯᠭᠡᠭᠡ ᠶᠢᠨ ᠰᠦᠯᠵᠢᠶ᠎ᠡ ᠶᠢᠨ ᠰᠦᠷ ᠬᠦᠴᠦᠨ ᠢ ᠤᠯᠵᠤ ᠬᠠᠷᠠᠨ᠎ᠠ︔ ᠪᠠᠰᠠ ᠬᠤᠸᠠᠷ | ᠴᠡᠴᠡᠭ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳ᠋ᠤ᠋ ᠭᠠᠷᠭᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠤᠷᠴᠢᠯ ᠤᠨ ᠰᠠᠭᠠᠳ ᠦᠭᠡᠢ | ᠨᠡᠪᠲᠡᠷᠡᠬᠦ ᠶᠢ ᠪᠠᠳᠤᠯᠠᠭᠰᠠᠨ ᠨᠡᠭᠡᠭᠡᠯᠳᠡ ᠬᠢᠭᠦ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠣᠯᠵᠤ ᠬᠠᠷᠠᠬᠤ ᠪᠣᠯᠤᠨ᠎ᠠ᠃ | ᠨᠢᠭᠡ ᠪᠠᠭᠴᠠ ᠰᠣᠷᠭᠤᠭ ᠴᠡᠴᠡᠭ ᠲᠤ ᠷᠣᠮᠠᠨᠲ᠋ᠢᠭ ᠠᠮᠢᠳᠤᠷᠠᠯ ᠤᠨ ᠦᠩᠭᠡ ᠪᠤᠳᠤᠭ ᠲᠤᠳᠤᠷᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠪᠢᠯᠬᠠᠵᠤ | ᠪᠤᠢ᠃ ᠨᠢᠭᠡ ᠪᠠᠭᠴᠠ ᠰᠣᠷᠭᠤᠭ ᠴᠡᠴᠡᠭ ᠲᠤ ᠠᠵᠤ ᠦᠢᠯᠡᠰ ᠤᠨ ᠦᠷᠨᠢᠯ ᠬᠦᠭᠵᠢᠯᠳᠡ᠂ ᠪᠠᠶᠠᠵᠢᠯ ᠤᠨ ᠵᠠᠮ ᠤᠨ ᠦᠷᠭᠡᠨ ᠬᠠᠷᠭᠤᠢ᠂ ᠬᠡᠷᠡᠭᠯᠡᠭᠡᠨ ᠤ ᠬᠠᠯᠠᠭᠤᠷᠠᠯ | ᠥᠷᠨᠢᠯᠲᠡ᠂ ᠵᠠᠬ᠎ᠠ ᠳᠡᠯᠭᠡᠭᠦᠷ ᠤᠨ ᠬᠦᠭᠵᠢᠯ ᠪᠠᠳᠠᠷᠠᠯ ᠤᠨ ᠨᠢᠭᠤᠴᠠᠭᠠᠢ ᠶᠤᠰᠤᠨ ᠪᠤᠢ᠃ ᠨᠢᠭᠡ ᠪᠠᠭᠴᠠ ᠰᠣᠷᠭᠤᠭ ᠴᠡᠴᠡᠭ ᠢ ᠤᠴᠢᠷᠯᠠᠪᠠᠯ ᠰᠣᠷᠭᠤᠭ ᠴᠡᠴᠡᠭ ᠤᠨ | ᠠᠵᠤ ᠦᠢᠯᠡᠰ ᠤᠨ ᠬᠦᠭᠵᠢᠯᠳᠡ ᠳᠡᠳᠦᠢ ᠯᠡ ᠪᠢᠰᠢ᠂ ᠬᠠᠷᠢᠨ ᠨᠡᠩ ᠤᠯᠠᠨ ᠳᠠᠯ᠎ᠠ ᠶᠢᠨ ᠠᠭᠤᠯᠬᠤᠨ ᠪᠠᠶᠢᠬᠤ ᠠᠵᠢ᠃ |